2023 ᠣᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠰᠠᠭᠤᠷᠢ ᠮᠥᠩᠭᠦ ᠶᠢ ᠡᠷᠦᠬᠡ ᠳᠤ ᠨᠠᠶᠢᠳᠠᠪᠤᠷᠢᠵᠢᠭᠤᠯᠬᠤ ᠲᠤᠬᠠᠢ ᠦᠴᠦᠸᠠᠨ ᠰᠢᠶᠠᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/1/17
ᠡᠯ᠎ᠡ ᠰᠢᠶᠠᠩ ᠪᠠᠯᠭᠠᠰᠤᠨ ᠤ ᠠᠷᠠᠳ ᠤᠨ ᠵᠠᠰᠠᠭ ‍ᠤᠨ‌ᠣᠷᠳᠣᠨ ᠳᠤ᠄      ︽︿ᠣᠶ ᠰᠢᠭᠤᠢ ᠶᠢᠨ ᠥᠭᠡᠷᠡᠴᠢᠯᠡᠯᠲᠡ ᠬᠥᠭᠵᠢᠯᠲᠡ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠶᠠᠪᠤᠭᠤᠯᠬᠤ ᠲᠤᠬᠠᠢ ᠡᠳ᠋ ᠤᠨ ᠵᠠᠰᠠᠭ ᠤᠨ ᠶᠠᠮᠤᠨ ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ︾ ︵ᠡᠳ᠋ ᠬᠥᠷᠥᠩᠭᠡ  ᠣᠷᠴᠢᠨ ᠲᠠᠷᠢᠶᠠᠯᠠᠩ ﹇2020﹈ 36 ᠳ᠋ᠤᠭᠠᠷ ᠨᠣᠮᠧᠷᠲᠤ︶᠂ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠰᠠᠭᠤᠷᠢ ᠮᠥᠩᠭᠦ ᠶᠢᠨ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ﹀ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠢ ᠰᠢᠭᠤᠢ ᠶᠢᠨ ᠲᠢᠩᠬᠢᠮ ᠤᠨ ᠮᠡᠳᠡᠭᠳᠡᠯ︾ ︵ᠥᠪᠥᠷ ᠡᠳ᠋ ᠲᠠᠷᠢᠶᠠᠯᠠᠩ ﹇2010﹈ 576 ᠳ᠋ᠤᠭᠠᠷ ᠲᠣᠭᠠᠲᠤ︶᠂ ︽2023 ᠣᠨ ᠤ ᠲᠥᠪ ᠤᠨ ᠡᠳ᠋ ᠤᠨ ᠵᠠᠰᠠᠭ ᠤᠨ ᠣᠶ ᠰᠢᠭᠤᠢ ᠶᠢᠨ ᠦᠢᠯᠡᠰ ᠤᠨ ᠥᠭᠡᠷᠡᠴᠢᠯᠡᠯᠲᠡ ᠬᠥᠭᠵᠢᠭᠦᠯᠦᠯᠲᠡ ᠶᠢᠨ ᠪᠡᠯᠡ ᠮᠥᠩᠭᠦ ᠶᠢᠨ ᠲᠥᠰᠥᠪ ᠢ ᠪᠠᠭᠤᠯᠭᠠᠬᠤ ᠲᠤᠬᠠᠢ ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠮᠡᠳᠡᠭᠳᠡᠯ︾ ︵ᠬᠥᠬᠡᠬᠤᠲᠠ ᠡᠳ᠋ ᠬᠥᠷᠥᠩᠭᠡ ᠣᠷᠴᠢᠨ ᠭᠦᠢᠴᠡᠳᠬᠡᠯ ﹇2023﹈ 8 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ︽ᠦᠴᠦᠸᠠᠨ ᠰᠢᠶᠠᠨ ᠤ 2023 ᠣᠨ ᠤ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠬᠡᠷᠡᠭᠵᠢᠭᠦᠯᠬᠦ ᠲᠥᠰᠥᠯ︾ ᠤᠨ ᠲᠣᠭᠲᠠᠭᠠᠯ ᠢ ᠦᠨᠳᠦᠰᠦᠯᠡᠨ᠂ 2023 ᠣᠨ ᠳᠤ ᠮᠠᠨ ᠤ ᠰᠢᠶᠠᠨ ᠤ ᠰᠢᠨ᠎ᠡ ᠪᠠᠷ ᠬᠢᠯᠢ ᠳᠤ ᠣᠷᠣᠭᠰᠠᠨ ᠬᠠᠮᠲᠤ ᠨᠡᠶᠢᠲᠡ ᠪᠠ ᠬᠤᠪᠢ ᠬᠥᠮᠥᠨ ᠤ ᠥᠮᠴᠢᠯᠡᠯ ᠤᠨ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ 553400 ᠮᠦ ᠪᠠᠶᠢᠵᠤ᠂ ᠮᠦ ᠪᠦᠷᠢ ᠳᠤ 11.2 ᠲᠥᠭᠦᠷᠢᠭ᠂ ᠨᠡᠶᠢᠲᠡ 6198080 ᠲᠥᠭᠦᠷᠢᠭ ᠤᠨ ᠨᠥᠬᠦᠪᠦᠷᠢ ᠣᠯᠭᠤᠨ᠎ᠠ᠂ ᠣᠳᠣᠬᠠᠨ ᠳᠤ ᠪᠡᠯᠡ ᠮᠥᠩᠭᠦ ᠨᠢᠭᠡᠨᠲᠡ ᠪᠡᠯᠡᠨ ᠪᠣᠯᠵᠤ᠂ ᠮᠠᠨ ᠤ ᠲᠣᠪᠴᠢᠶ᠎ᠠ ᠡᠯ᠎ᠡ ᠰᠢᠶᠠᠩ ᠪᠠᠯᠭᠠᠰᠤ ᠲᠠᠢ ᠬᠠᠮᠲᠤ ᠪᠠᠷ ᠰᠢᠨ᠎ᠡ ᠪᠠᠷ ᠬᠢᠯᠢ ᠳᠤ ᠣᠷᠣᠭᠰᠠᠨ ᠭᠠᠵᠠᠷ ᠰᠢᠷᠣᠢ ᠪᠠ ᠵᠠᠭᠠᠭ ᠬᠢᠵᠠᠭᠠᠷ ᠢ ᠨᠤᠲᠠᠯᠠᠪᠠ᠂ ᠡᠯ᠎ᠡ ᠰᠢᠶᠠᠩ ᠪᠠᠯᠭᠠᠰᠤ ᠠᠯᠢ ᠲᠦᠷᠭᠡᠨ ᠢᠶᠠᠷ ᠰᠢᠨ᠎ᠡ ᠪᠠᠷ ᠬᠢᠯᠢ ᠳᠤ ᠣᠷᠣᠭᠰᠠᠨ ᠲᠠᠯᠠᠪᠠᠶ ᠶᠢ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ ᠡᠷᠦᠬᠡ ᠳᠤ ᠬᠦᠷᠬᠦ ᠲᠣᠳᠣᠷᠬᠠᠢ ᠲᠠᠩᠰᠠ ᠪᠠᠨ ᠳᠡᠭᠡᠭᠰᠢ ᠮᠡᠳᠡᠭᠦᠯᠦᠭᠡᠷᠡᠢ ︵ᠳᠠᠭᠠᠯᠳᠤᠭᠤᠯᠤᠯ ᠬᠦᠰᠦᠨᠦᠭᠲᠦ ᠳᠤ ᠨᠠᠷᠢᠪᠴᠢᠯᠠᠨ ᠦᠵᠡ︶᠃      ᠣᠨᠴᠠᠭᠠᠶᠢᠯᠠᠨ ᠮᠡᠳᠡᠭᠳᠡᠪᠡ      ᠳᠠᠭᠠᠯᠳᠤᠭᠤᠯᠤᠯ᠄ ᠦᠴᠦᠸᠠᠨ ᠰᠢᠶᠠᠨ ᠤ 2023 ᠣᠨ ᠤ ᠬᠠᠮᠲᠤ ᠨᠡᠶᠢᠲᠡ᠂ ᠬᠤᠪᠢ ᠶᠢᠨ ᠤᠯᠤᠰ ᠤᠨ ᠲᠠᠰ ᠤᠨ ᠨᠡᠶᠢᠲᠡ ᠶᠢᠨ ᠠᠰᠠᠷᠠᠮᠵᠢ ᠶᠢᠨ ᠣᠶ ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠠᠵᠤ ᠠᠬᠤᠢ ᠶᠢᠨ ᠨᠥᠬᠦᠪᠦᠷᠢ ᠶᠢᠨ ᠪᠦᠷᠢᠳᠬᠡᠯ ᠤᠨ ᠬᠦᠰᠦᠨᠦᠭᠲᠦ                         ᠦᠴᠦᠸᠠᠨ ᠰᠢᠶᠠᠨ ᠤ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ                                      2024 ᠣᠨ ᠤ 1 ᠰᠠᠷ᠎ᠠ ᠶᠢᠨ 9 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号