ᠮᠠᠨ ᠤ ᠤᠯᠤᠰ ᠤᠨ ᠠᠩᠬᠠᠳᠠᠭᠴᠢ ᠣᠯᠠᠨ ᠤᠯᠤᠰ ᠤᠨ ᠪᠠᠷᠲᠠᠭ᠎ᠠ ᠰᠢᠨᠵᠢᠯᠡᠬᠦ ᠴᠡᠴᠡᠷᠯᠢᠭ ᠤᠨ ᠲᠥᠷᠥᠯ ᠵᠦᠢᠯ ᠡᠬᠢᠯᠡᠵᠡᠢ
ᠨᠡᠶᠢᠲᠡᠯᠡᠭᠰᠡᠨ ᠴᠠᠭ᠄
2024/1/17
     ᠰᠤᠷᠪᠤᠯᠵᠢᠯᠠᠬᠴᠢ 1 ᠰᠠᠷ᠎ᠠ ᠶᠢᠨ 12 ᠤᠨ ᠡᠳᠦᠷ ᠶᠠᠪᠤᠭᠳᠠᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ᠮᠠᠨ ᠤ ᠤᠯᠤᠰ ᠤᠨ ᠠᠩᠬᠠᠳᠠᠭᠴᠢ ᠣᠯᠠᠨ ᠤᠯᠤᠰ ᠤᠨ ᠪᠠᠷᠲᠠᠭ᠎ᠠ ᠰᠢᠨᠵᠢᠯᠡᠬᠦ ᠴᠡᠴᠡᠷᠯᠢᠭ - ᠳ᠋ᠠ ᠬᠠᠢ ᠳ᠋ᠣᠣ ᠣᠯᠠᠨ ᠤᠯᠤᠰ ᠤᠨ ᠪᠠᠷᠲᠠᠭ᠎ᠠ ᠰᠢᠨᠵᠢᠯᠡᠬᠦ ᠴᠡᠴᠡᠷᠯᠢᠭ ᠤᠨ ᠲᠥᠷᠥᠯ ᠵᠦᠢᠯ ᠢ ᠰᠢᠨᠵᠢᠶᠠᠩ ᠤᠨ ᠬᠠᠮᠢ ᠳᠤ ᠡᠬᠢᠯᠡᠭᠦᠯᠪᠡ᠃      ᠲᠠᠨᠢᠯᠴᠠᠭᠤᠯᠤᠭᠰᠠᠨ ᠢᠶᠠᠷ᠂ ᠳ᠋ᠠ ᠬᠠᠢ ᠳ᠋ᠣᠣ ᠣᠯᠠᠨ ᠤᠯᠤᠰ ᠤᠨ ᠪᠠᠷᠲᠠᠭ᠎ᠠ ᠰᠢᠨᠵᠢᠯᠡᠬᠦ ᠴᠡᠴᠡᠷᠯᠢᠭ ᠤᠨ ᠲᠥᠯᠥᠪᠵᠢᠭᠦᠯᠦᠭᠰᠡᠨ ᠲᠠᠯᠠᠪᠠᠶ ᠨᠢ 4961 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠳᠡᠯᠡᠬᠡᠢ ᠶᠢᠨ ᠲᠠᠰ ᠤᠨ ᠶᠠᠷᠳᠠᠩ ᠭᠠᠵᠠᠷ ᠤᠨ ᠭᠠᠳᠠᠷᠭᠤ ᠶᠢᠨ ᠦᠵᠡᠮᠵᠢ ᠪᠠ ᠵᠢᠭᠦᠷᠲᠦ ᠠᠪᠤᠷᠭᠤ ᠭᠦᠷᠪᠡᠯ ᠤᠨ ᠴᠢᠯᠠᠭᠤᠵᠢᠮᠠᠯ ᠢᠶᠠᠷ ᠡᠯᠪᠡᠭ ᠪᠠᠶᠢᠵᠤ᠂ ᠰᠢᠨᠵᠢᠶᠠᠩ ᠤᠨ ︽ᠵᠡᠭᠦᠨ ᠶᠡᠭᠡ ᠬᠠᠭᠠᠯᠭ᠎ᠠ︾ ᠪᠤᠯᠬᠤ ᠬᠠᠮᠢ ᠬᠤᠲᠠ ᠶᠢᠨ ᠬᠢᠯᠢ ᠳᠤ ᠪᠠᠶᠢᠷᠢᠯᠠᠵᠤ᠂ ᠬᠠᠮᠢ ᠬᠤᠲᠠ ᠶᠢᠨ ᠲᠥᠪ ᠠᠴᠠ ᠪᠠᠷᠤᠭ 50 ᠺᠢᠯᠣᠮᠧᠲᠷ ᠵᠠᠶᠢᠲᠠᠢ᠂ ᠦᠷᠦᠮᠴᠢ ᠬᠤᠲᠠ ᠠᠴᠠ ᠪᠠᠷᠤᠭ 400 ᠺᠢᠯᠣᠮᠧᠲᠷ ᠵᠠᠶᠢᠲᠠᠢ ᠪᠠᠶᠢᠵᠤ᠂ ᠲᠥᠷᠥᠯ ᠵᠦᠢᠯ ᠢ ᠬᠠᠮᠢ ᠬᠤᠲᠠ ᠶᠢᠨ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠠᠪᠴᠠᠩ ᠪᠣᠯᠣᠨ ᠳᠤᠮᠳᠠᠳᠤ ᠤᠯᠤᠰ ᠤᠨ ᠪᠠᠷᠲᠠᠭ᠎ᠠ ᠰᠢᠨᠵᠢᠯᠡᠬᠦ ᠨᠡᠶᠢᠭᠡᠮᠯᠢᠭ ᠤᠨ ᠬᠠᠷᠢᠶ᠎ᠠ ᠪᠠᠶᠢᠭᠤᠯᠤᠮᠵᠢ ᠠᠴᠠ ᠪᠡᠯᠡ ᠣᠷᠣᠭᠤᠯᠤᠨ ᠡᠵᠡᠩᠨᠡᠬᠦ ᠪᠣᠯᠣᠨ᠎ᠠ᠃      ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠡᠳ᠋ ᠳᠠᠷᠤᠭ᠎ᠠ ᠢᠦᠢ ᠵᠢᠶᠧ᠂ ᠳ᠋ᠠ ᠬᠠᠢ ᠳ᠋ᠣᠣ ᠣᠯᠠᠨ ᠤᠯᠤᠰ ᠤᠨ ᠪᠠᠷᠲᠠᠭ᠎ᠠ ᠰᠢᠨᠵᠢᠯᠡᠬᠦ ᠴᠡᠴᠡᠷᠯᠢᠭ ᠤᠨ ᠲᠥᠷᠥᠯ ᠵᠦᠢᠯ ᠨᠢ ᠣᠨᠴᠠᠯᠢᠭᠲᠤ ᠵᠢᠭᠤᠯᠴᠢᠯᠠᠯ ᠢ ᠬᠥᠭᠵᠢᠭᠦᠯᠬᠦ᠂ ᠰᠢᠨᠵᠢᠶᠠᠩ ᠤᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠢᠯᠡᠳᠬᠡᠪᠡ᠃      ᠳᠤᠮᠳᠠᠳᠤ ᠤᠯᠤᠰ ᠤᠨ ᠪᠠᠷᠲᠠᠭ᠎ᠠ ᠰᠢᠨᠵᠢᠯᠡᠬᠦ ᠨᠡᠶᠢᠭᠡᠮᠯᠢᠭ ᠤᠨ ᠲᠡᠷᠢᠭᠦᠯᠡᠭᠴᠢ ᠬᠠᠨ ᠪᠦᠸᠧ᠂ ᠲᠥᠷᠥᠯ ᠵᠦᠢᠯ ᠤᠨ ᠲᠥᠯᠦᠪᠵᠢᠭᠦᠯᠭᠡ ᠨᠢ ᠳᠤᠮᠳᠠᠳᠤ ᠤᠯᠤᠰ ᠤᠨ ᠭᠡᠷ ᠤᠨ ᠭᠠᠳᠠᠨᠠᠬᠢ ᠪᠠᠷᠲᠠᠭ᠎ᠠ ᠰᠢᠨᠵᠢᠯᠡᠬᠦ ᠠᠵᠢᠯ ᠲᠥᠷᠥᠯ ᠤᠨ ᠵᠠᠬ᠎ᠠ ᠳᠡᠯᠭᠡᠭᠦᠷ ᠤᠨ ᠬᠤᠭᠤᠰᠤᠨ ᠢ ᠨᠢᠭᠲᠠ ᠠᠳᠬᠤᠵᠤ᠂ ᠪᠠᠶᠢᠭᠠᠯᠢ ᠶᠢᠨ ᠥᠩᠭᠡ ᠦᠵᠡᠮᠵᠢ ᠶᠢ ᠬᠠᠮᠤᠭ ᠤᠨ ᠪᠠᠭ᠎ᠠ ᠬᠡᠮᠵᠢᠶ᠎ᠡ ᠪᠠᠷ ᠬᠠᠷᠰᠢᠯᠠᠬᠤ ᠨᠡᠭᠡᠭᠡᠨ ᠬᠥᠭᠵᠢᠭᠦᠯᠬᠦ ᠵᠠᠭᠪᠤᠷ ᠢ ᠬᠡᠷᠡᠭᠯᠡᠵᠦ᠂ ᠲᠠᠯᠠᠪᠤᠷ ᠭᠠᠵᠠᠷ ᠤᠨ ᠳᠣᠲᠣᠷᠠᠬᠢ ᠭᠠᠵᠠᠷ ᠰᠢᠨᠵᠢᠯᠡᠭᠡᠨ ᠤ ᠡᠬᠢ ᠪᠠᠶᠠᠯᠢᠭ ᠤᠨ ᠦᠵᠡᠮᠦᠷᠢ ᠶᠢᠨ ᠳᠠᠪᠠᠭᠤᠯᠢᠭ ᠢ ᠠᠰᠢᠭᠯᠠᠨ᠂ ︽ᠪᠠᠷᠲᠠᠭ᠎ᠠ ᠰᠢᠨᠵᠢᠯᠡᠬᠦ +︾ ᠠᠵᠤ ᠦᠢᠯᠡᠰ ᠢᠶᠠᠷ ᠳᠠᠮᠵᠢᠭᠤᠯᠤᠨ᠂ ᠵᠢᠭᠦᠷᠲᠦ ᠠᠪᠤᠷᠭᠤ ᠭᠦᠷᠪᠡᠯ ᠤᠨ ᠲᠤᠬᠠᠢ ᠰᠤᠳᠤᠯᠤᠨ ᠰᠤᠷᠤᠯᠴᠠᠵᠤ ᠨᠢᠭᠤᠴᠠ ᠶᠢ ᠰᠢᠨᠵᠢᠯᠡᠬᠦ᠂ ᠡᠯᠡᠰᠦᠨ ᠳᠣᠪᠣᠴᠠᠭ ᠲᠤ ᠬᠡᠭᠡᠷᠡᠯᠡᠨ ᠨᠠᠭᠠᠳᠬᠤ᠂ ᠶᠠᠷᠳᠠᠩ ᠦᠵᠡᠮᠵᠢ ᠪᠠᠷ ᠪᠠᠷᠲᠠᠭ᠎ᠠ ᠰᠢᠨᠵᠢᠯᠡᠬᠦ ᠪᠡᠶᠡᠴᠢᠯᠡᠨ ᠣᠶᠢᠯᠠᠭᠠᠯᠲᠠ᠂ ᠭᠤᠪᠢ ᠶᠢᠨ ᠠᠮᠢᠳᠤᠷᠠᠯ ᠤᠨ ᠣᠷᠴᠢᠨ ᠢ ᠬᠠᠶᠢᠨ ᠰᠦᠪᠡᠭᠴᠢᠯᠡᠬᠦ᠂ ᠠᠵᠢᠯ ᠮᠡᠷᠭᠡᠵᠢᠯ ᠤᠨ ᠪᠠᠷᠲᠠᠭ᠎ᠠ ᠰᠢᠨᠵᠢᠯᠡᠬᠦ ᠶᠡᠷᠦᠩᠬᠡᠢ ᠭᠠᠵᠠᠷ ᠵᠡᠷᠭᠡ ᠲᠠᠪᠤᠨ ᠶᠡᠭᠡ ᠭᠤᠣᠯ ᠰᠡᠳᠦᠪᠲᠦ ᠬᠤᠪᠢᠶᠠᠷᠢ ᠲᠣᠭᠤᠷᠢᠭ ᠢ ᠪᠠᠶᠢᠭᠤᠯᠬᠤ ᠪᠣᠯᠣᠨ᠎ᠠ ᠭᠡᠵᠦ ᠲᠠᠨᠢᠯᠴᠠᠭᠤᠯᠪᠠ᠃      ᠳᠤᠮᠳᠠᠳᠤ ᠤᠯᠤᠰ ᠤᠨ ᠪᠠᠷᠲᠠᠭ᠎ᠠ ᠰᠢᠨᠵᠢᠯᠡᠬᠦ ᠨᠡᠶᠢᠭᠡᠮᠯᠢᠭ ᠤᠨ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠭᠰᠡᠨ ᠠᠮᠤᠷ ᠲᠦᠪᠰᠢᠨ ᠤ ᠤᠷᠢᠳᠴᠢᠯᠠᠨ ᠰᠡᠷᠡᠮᠵᠢᠯᠡᠭᠦᠯᠵᠦ ᠠᠪᠤᠷᠠᠨ ᠲᠤᠰᠠᠯᠠᠬᠤ ᠰᠢᠰᠲ᠋ᠧᠮ ᠪᠤᠯᠬᠤ︽ᠳᠤᠮᠳᠠᠳᠤ ᠤᠯᠤᠰ ᠤᠨ ᠭᠡᠷ ᠤᠨ ᠭᠠᠳᠠᠨᠠᠬᠢ ᠤᠷᠢᠳᠴᠢᠯᠠᠨ ᠰᠡᠷᠡᠮᠵᠢᠯᠡᠭᠦᠯᠵᠦ ᠠᠪᠤᠷᠠᠨ ᠲᠤᠰᠠᠯᠠᠬᠤ ᠲᠠᠪᠴᠠᠩ︾ ᠤᠨ ᠬᠠᠮᠢ ᠳᠠᠬᠢ ᠬᠡᠷᠡᠭᠯᠡᠯᠲᠡ ᠶᠢ ᠴᠦ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠩᠬ᠎ᠠ ᠤᠳᠠᠭ᠎ᠠ ᠳᠡᠯᠭᠡᠨ ᠦᠵᠡᠭᠦᠯᠵᠦ᠂ ᠡᠨᠡ ᠬᠦ ᠲᠠᠪᠴᠠᠩ ᠨᠢ ᠪᠠᠶᠢᠷᠢ ᠲᠣᠭᠲᠠᠭᠠᠯᠲᠠ ᠵᠢᠴᠢ ᠬᠢᠨᠠᠨ ᠡᠵᠡᠮᠳᠡᠬᠦ ᠴᠢᠳᠠᠮᠵᠢ ᠶᠢ ᠪᠦᠲᠦᠮᠵᠢᠲᠡᠶ᠂ ᠴᠠᠭ ᠲᠤᠬᠠᠢ ᠳᠤᠨᠢ᠂ ᠵᠥᠪ ᠤᠨᠤᠪᠴᠢᠲᠠᠢ ᠪᠠᠷ ᠬᠠᠩᠭᠠᠵᠤ᠂ ᠳ᠋ᠠ ᠬᠠᠢ ᠳ᠋ᠣᠣ ᠣᠯᠠᠨ ᠤᠯᠤᠰ ᠤᠨ ᠪᠠᠷᠲᠠᠭ᠎ᠠ ᠰᠢᠨᠵᠢᠯᠡᠬᠦ ᠴᠡᠴᠡᠷᠯᠢᠭ ᠲᠤ ᠬᠦᠷᠴᠦ ᠠᠶᠢᠯᠴᠢᠯᠠᠬᠤ ᠵᠢᠭᠤᠯᠴᠢᠯᠠᠬᠰᠠᠳ ᠲᠤ ᠪᠠᠲᠤᠯᠠᠭ᠎ᠠ ᠬᠠᠩᠭᠠᠬᠤ ᠪᠣᠯᠣᠨ᠎ᠠ᠃      ︵ᠰᠢᠨᠬᠤᠸᠠ ᠬᠤᠷᠢᠶ᠎ᠠ ᠶᠢᠨ ᠪᠡᠭᠡᠵᠢᠩ ᠤᠨ ᠴᠠᠭᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号