ᠲᠥᠪ ᠤᠨ ᠡᠳ᠋ ᠤᠨ ᠵᠠᠰᠠᠭ ᠠᠴᠠ 5.7 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ ᠥᠪᠥᠷ ᠮᠣᠩᠭᠤᠯ ᠤᠨ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2024/1/18
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠲᠥᠪ ᠤᠨ ᠡᠳ᠋ ᠤᠨ ᠵᠠᠰᠠᠭ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︵ᠴᠥᠭᠡᠨ ᠲᠣᠭᠠᠲᠤ ᠦᠨᠳᠦᠰᠦᠲᠡᠨ ᠤ ᠬᠥᠭᠵᠢᠯᠲᠡ ᠶᠢᠨ ᠡᠭᠦᠷᠭᠡ︶ ᠶᠢᠨ ᠨᠥᠬᠦᠪᠦᠷᠢ ᠪᠡᠯᠡ ᠮᠥᠩᠭᠦ ᠶᠢ 5.7 ᠳ᠋ᠦᠩᠰᠢᠭᠤᠷ ᠲᠥᠭᠦᠷᠢᠭ ᠤᠷᠢᠳᠴᠢᠯᠠᠨ ᠪᠠᠭᠤᠯᠭᠠᠵᠤ᠂ ᠮᠠᠨ ᠤ ᠣᠷᠣᠨ ᠤ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ᠂ ᠬᠥᠮᠥᠨ ᠠᠮᠠ ᠪᠠᠷ ᠴᠥᠭᠡᠪᠲᠦᠷ ᠦᠨᠳᠦᠰᠦᠲᠡᠨ ᠤ ᠬᠥᠭᠵᠢᠯᠲᠡ᠂ ᠦᠨᠳᠦᠰᠦᠲᠡᠨ ᠤ ᠭᠠᠷ ᠦᠢᠯᠡᠳᠬᠡᠯ ᠵᠡᠷᠭᠡ ᠣᠨᠴᠠᠯᠢᠭᠲᠤ ᠠᠵᠤ ᠦᠢᠯᠡᠰ ᠤᠨ ᠬᠥᠭᠵᠢᠯᠲᠡ ᠪᠠ ᠬᠦᠴᠢᠷᠳᠡᠯᠲᠡᠢ ᠣᠯᠠᠨ ᠲᠦᠮᠡᠨ ᠳᠤ ᠹᠯᠣᠷ ᠤᠨ ᠠᠭᠤᠯᠤᠭᠳᠠᠴᠠ ᠪᠠᠷ ᠳᠣᠣᠷ᠎ᠠ ᠴᠠᠢ ᠪᠣᠷᠣᠯᠠᠭᠤᠯᠬᠤ ᠵᠡᠷᠭᠡ ᠠᠵᠢᠯᠯᠠᠭ᠎ᠠ ᠶᠢ ᠭᠤᠣᠯᠳᠠᠯᠭ᠎ᠠ ᠲᠠᠢ ᠳᠡᠮᠵᠢᠨ᠎ᠡ᠃ ᠣᠳᠣᠬᠠᠨ ᠪᠤᠯᠲᠠᠯ᠎ᠠ᠂ ᠪᠡᠯᠡ ᠮᠥᠩᠭᠦ ᠶᠢ ᠪᠦᠭᠦᠨ ᠢ ᠡᠯ᠎ᠡ ᠠᠶᠢᠮᠠᠭ ᠬᠤᠲᠠ ᠳᠤ ᠪᠠᠭᠤᠯᠭᠠᠵᠠᠢ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠬᠤ ᠳᠠᠭᠠᠨ᠂ ᠪᠡᠯᠡ ᠮᠥᠩᠭᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠶ ᠵᠣᠯᠭᠠᠭᠤᠯᠬᠤ ᠳᠤ ᠬᠡᠷᠡᠭᠯᠡᠵᠦ᠂ ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ ᠠᠵᠢᠯᠯᠠᠭ᠎ᠠ ᠥᠷᠨᠢᠭᠦᠯᠬᠦ ᠶᠢ ᠭᠤᠣᠯᠳᠠᠯᠭ᠎ᠠ ᠲᠠᠢ ᠳᠡᠮᠵᠢᠵᠦ᠂ ᠬᠢᠯᠢ ᠬᠢᠵᠠᠭᠠᠷ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠬᠤ᠂ ᠣᠨᠴᠠᠯᠢᠭᠲᠤ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠬᠤ ᠶᠢ ᠠᠬᠢᠭᠤᠯᠵᠤ᠂ ᠬᠢᠯᠢ ᠬᠢᠵᠠᠭᠠᠷ ᠤᠨ ︽ᠳᠥᠷᠪᠡ ᠶᠢ ᠬᠠᠮᠲᠤᠳᠬᠠᠬᠤ︾ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠦᠨᠳᠦᠰᠦᠲᠡᠨ ᠤ ᠠᠶᠢᠯ ᠲᠣᠰᠬᠤᠨ ᠢ ᠬᠠᠮᠠᠭᠠᠯᠠᠨ ᠬᠥᠭᠵᠢᠭᠦᠯᠬᠦ ᠶᠢ ᠠᠭᠢᠭᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ ᠰᠤᠳᠤᠯᠤᠨ ᠰᠤᠷᠤᠯᠴᠠᠵᠤ ᠦᠢᠯᠡᠳᠦᠯᠭᠡᠵᠢᠭᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠢᠯᠡᠷᠡᠭᠦᠯᠦᠭᠰᠡᠨ ᠵᠢᠭᠤᠯᠴᠢᠯᠠᠯ ᠤᠨ ᠦᠢᠯᠡᠳᠬᠦᠨ ᠪᠠ ᠰᠣᠳᠣᠨ ᠵᠢᠭᠤᠯᠴᠢᠯᠠᠯ ᠤᠨ ᠵᠠᠮ ᠱᠤᠭᠤᠮ ᠢ ᠭᠤᠣᠯᠳᠠᠯᠭ᠎ᠠ ᠲᠠᠢ ᠪᠠᠶᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠡᠳᠦᠪ ᠪᠤᠯᠭᠠᠬᠰᠠᠨ ᠦᠨᠳᠦᠰᠦᠲᠡᠨ ᠤ ᠭᠠᠷ ᠤᠷᠠᠯᠠᠯ ᠤᠨ ᠠᠵᠤ ᠦᠢᠯᠡᠰ ᠤᠨ ᠬᠥᠭᠵᠢᠯᠲᠡ ᠶᠢ ᠳᠡᠮᠵᠢᠨ᠎ᠡ᠃ ᠬᠦᠴᠢᠷᠳᠡᠯᠲᠡᠢ ᠣᠯᠠᠨ ᠲᠦᠮᠡᠨ ᠳᠤ ︽ᠴᠠᠢ ᠶᠢ ᠡᠷᠦᠭᠡ ᠳᠤ ᠬᠦᠷᠭᠡᠬᠦ︾ ᠠᠵᠢᠯᠯᠠᠭ᠎ᠠ ᠥᠷᠨᠢᠭᠦᠯᠬᠦ ᠳᠤ ᠬᠡᠷᠡᠭᠯᠡᠵᠦ᠂ ᠦᠨᠳᠦᠰᠦᠲᠡᠨ ᠨᠦᠭᠦᠳ ᠤᠨ ᠮᠠᠯᠴᠢᠨ ᠲᠠᠷᠢᠶᠠᠴᠢᠨ ᠤ ︽ᠡᠷᠡᠭᠦᠯ ᠮᠠᠨᠲᠤ  ᠪᠠᠷ ᠴᠠᠢ ᠤᠤᠭᠤᠬᠤ︾ ᠶᠢ ᠠᠬᠢᠭᠤᠯᠤᠨ᠎ᠠ᠃ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠨᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠪᠠᠷ ᠵᠣᠷᠢᠯᠲᠠ ᠪᠠ ᠲᠤᠰᠤᠯᠲᠠ ᠪᠤᠯᠭᠠᠬᠤ ᠶᠢ ᠪᠠᠷᠢᠮᠲᠠᠯᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠬᠦ ᠪᠣᠯᠣᠨ᠎ᠠ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号