ᠮᠠᠨ ᠤ ᠣᠷᠣᠨ ᠤ ︽ᠲᠠᠪᠤᠨ ᠶᠡᠭᠡ ᠡᠭᠦᠷᠭᠡ︾ ᠳᠤ ᠵᠠᠷᠤᠴᠠᠭᠤᠯᠤᠭᠰᠠᠨ ᠵᠠᠷᠤᠯᠭ᠎ᠠ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 37.6% ᠶᠢ ᠡᠵᠡᠯᠡᠵᠡᠢ
ᠨᠡᠶᠢᠲᠡᠯᠡᠭᠰᠡᠨ ᠴᠠᠭ᠄
2024/1/18
     ᠲᠦᠷᠦᠭᠦᠬᠡᠨ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ 2023 ᠣᠨ ᠤ 1 - 11 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 2160.5 ᠳ᠋ᠦᠩᠰᠢᠭᠤᠷ ᠲᠥᠭᠦᠷᠢᠭ ᠵᠠᠷᠤᠴᠠᠭᠤᠯᠵᠤ ︽ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠦᠲᠦᠭᠡᠨ ᠪᠠᠶᠢᠭᠤᠯᠤᠯᠲᠠ ᠶᠢ ᠨᠠᠶᠢᠳᠠᠪᠤᠷᠢᠵᠢᠭᠤᠯᠵᠤ  ᠦᠷ᠎ᠡ  ᠪᠦᠲᠦᠮᠵᠢ  ᠣᠯᠬᠤ ᠶᠢ ᠲᠡᠮᠵᠢᠵᠤ᠂ ᠡᠩ ᠤᠨ ᠤᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 37.6% ᠶᠢ ᠡᠵᠡᠯᠡᠪᠡ᠃      2023 ᠣᠨ ᠳᠤ᠂ ᠥᠪᠡᠷᠲᠡᠭᠡᠨ ᠵᠠᠰᠠᠬᠤ  ᠣᠷᠣᠨ ᠤ ᠡᠳ᠋ ᠤᠨ ᠵᠠᠰᠠᠭ ᠤᠨ ᠲᠢᠩᠬᠢᠮ  ᠡᠳ᠋ ᠤᠨ ᠵᠠᠰᠠᠭ ᠤᠨ ᠢᠳᠡᠪᠬᠢᠲᠡᠢ ᠲᠥᠷᠥ ᠶᠢᠨ ᠪᠣᠳᠣᠯᠭ᠎ᠠ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠡᠯ᠎ᠡ ᠬᠦᠷᠢᠶᠡᠨ ᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠳ᠋ ᠤᠨ ᠵᠠᠰᠠᠭ ᠤᠨ ᠡᠯ᠎ᠡ ᠵᠦᠢᠯ ᠤᠨ ᠠᠵᠢᠯ ᠦᠢᠯᠡᠰ ᠲᠤ ᠰᠢᠨ᠎ᠡ ᠰᠢᠪᠲᠤᠯᠤᠯᠲᠠ ᠭᠠᠷᠭᠠᠵᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠭᠰᠠᠨ ᠪᠠᠶᠢᠨ᠎ᠠ᠃      2024 ᠣᠨ ᠳᠤ᠂ ᠪᠦᠭᠦ ᠣᠷᠣᠨ ᠤ ᠡᠳ᠋ ᠤᠨ ᠵᠠᠰᠠᠭ ᠤᠨ ᠰᠢᠰᠲ᠋ᠧᠮ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠪᠠᠲᠤᠯᠠᠬᠤ ᠳᠤ ᠦᠢᠯᠡᠴᠢᠯᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠲᠣᠭᠲᠠᠭᠤᠨ ᠢᠶᠠᠷ ᠨᠡᠮᠡᠭᠳᠡᠬᠦ ᠶᠢ ᠪᠠᠲᠤᠯᠠᠬᠤ᠂ ᠭᠤᠣᠯᠳᠠᠯᠭ᠎ᠠ ᠲᠠᠢ ᠬᠦᠷᠢᠶᠡᠨ ᠤ ᠪᠠᠲᠤᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠬᠦ᠂ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠬᠤ᠂ ᠢᠳᠡᠪᠬᠢᠲᠡᠢ ᠪᠠᠷ ᠪᠡᠯᠡ ᠮᠥᠩᠭᠦ  ᠴᠢᠷᠮᠠᠶᠢᠨ ᠣᠯᠬᠤ ᠲᠠᠯ᠎ᠠ ᠪᠠᠷ ᠦᠷᠭᠦᠯᠵᠢᠯᠡᠨ ᠬᠦᠴᠦᠯᠡᠬᠦ  ᠪᠣᠯᠣᠨ᠎ᠠ᠃      2024 ᠣᠨ ᠳᠤ᠂ ᠪᠦᠭᠦ ᠣᠷᠣᠨ ᠤ ᠡᠳ᠋ ᠤᠨ ᠵᠠᠰᠠᠭ ᠤᠨ ᠰᠢᠰᠲ᠋ᠧᠮ ᠤᠨ ᠬᠢᠨ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠰᠢᠨ᠎ᠡ ᠶᠢ ᠡᠭᠦᠳᠬᠦ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠪᠣᠯᠣᠨ ᠴᠢᠯᠦᠭᠡᠲᠦ ᠠᠷᠠᠯᠵᠢᠶᠠᠨ ᠤ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠵᠡᠷᠭᠡ ︽ᠵᠢᠷᠭᠤᠭᠠᠨ ᠢᠨᠵᠧᠨᠧᠷᠢᠩ︾ ᠢ ᠰᠠᠶᠢᠲᠤᠷ ᠳᠡᠮᠵᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠡᠳ᠋ ᠤᠨ ᠵᠠᠰᠠᠭ ᠤᠨ ᠢᠷᠡᠯᠲᠡ ᠶᠢᠨ ᠪᠦᠲᠦᠴᠡ ᠶᠢᠨ ᠤᠯᠠᠨ ᠡᠰᠢᠵᠢᠯᠲᠡ ᠪᠣᠯᠣᠨ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠭᠦ ᠶᠢ ᠬᠦᠴᠦᠯᠡᠨ ᠠᠬᠢᠭᠤᠯᠤᠨ᠎ᠠ᠃ ᠡᠭᠦᠨ ᠤ ᠬᠠᠮᠲᠤ᠂ ᠠᠷᠠᠳ ᠤᠨ ᠠᠮᠢᠳᠤᠷᠠᠯ ᠢ ᠨᠠᠷᠢᠯᠢᠭ ᠣᠨᠣᠴᠠᠲᠠᠢ ᠪᠠᠷ ᠪᠠᠲᠤᠯᠠᠨ ᠰᠠᠶᠢᠵᠢᠷᠠᠭᠤᠯᠬᠤ ᠶᠢ ᠪᠠᠷᠢᠮᠲᠠᠯᠠᠵᠤ᠂ ᠨᠠᠷᠢᠯᠢᠭ ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠪᠥᠭᠡᠳ ᠲᠡᠩᠴᠡᠭᠦᠷᠢᠲᠡᠢ ᠬᠥᠭᠵᠢᠯᠲᠡ ᠶᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ ᠤ ᠠᠵᠢᠯ ᠢ ᠰᠠᠶᠢᠲᠤᠷ ᠠᠳᠬᠤᠬᠤ ᠶᠢ ᠲᠡᠮᠵᠢᠨ᠎ᠠ᠃ ᠡᠭᠦᠨ ᠠᠴᠠ ᠭᠠᠳᠠᠨ᠎ᠠ᠂ ᠡᠳ᠋ ᠤᠨ ᠵᠠᠰᠠᠭ ᠤᠨ ᠨᠠᠷᠢᠯᠢᠭᠵᠢᠭᠤᠯᠤᠨ ᠵᠢᠷᠤᠮᠵᠢᠭᠤᠯᠤᠭᠰᠠᠨ ᠬᠠᠮᠢᠶᠠᠷᠤᠯᠲᠠ ᠶᠢᠨ  ᠲᠦᠪᠰᠢᠨ ᠢ ᠪᠦᠭᠦ ᠲᠠᠯ᠎ᠠ ᠪᠠᠷ ᠳᠡᠭᠡᠭᠰᠢᠯᠡᠭᠦᠯᠵᠦ᠂ ᠲᠥᠰᠥᠪ ᠤᠨ ᠬᠠᠮᠢᠶᠠᠷᠤᠯᠲᠠ ᠪᠠᠷ ᠭᠤᠣᠯᠳᠠᠯᠭ᠎ᠠ ᠪᠤᠯᠭᠠᠬᠰᠠᠨ ᠡᠳ᠋ ᠤᠨ ᠵᠠᠰᠠᠭ ᠤᠨ ᠪᠡᠯᠡ ᠮᠥᠩᠭᠦ ᠶᠢᠨ ᠪᠦᠭᠦ  ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠶᠢᠨ ᠳᠦᠷᠢᠮ ᠤᠨ ᠰᠢᠰᠲ᠋ᠧᠮ ᠢ ᠪᠠᠶᠢᠭᠤᠯᠤᠨ᠂ ᠨᠠᠷᠢᠯᠢᠭᠵᠢᠭᠤᠯᠤᠨ ᠵᠢᠷᠤᠮᠵᠢᠭᠤᠯᠤᠭᠰᠠᠨ ᠬᠠᠮᠢᠶᠠᠷᠤᠯᠲᠠ ᠶᠢᠨ ᠣᠨ ᠤ ᠪᠠᠶᠢᠭᠤᠯᠤᠯᠲᠠ ᠶᠢ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠤᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号