2024 ᠣᠨ ᠳᠤ᠂ ᠮᠠᠨ ᠤ ᠣᠷᠣᠨ ᠵᠡᠭᠦᠨ ᠪᠠᠷᠠᠭᠤᠨ ᠪᠡᠶ᠎ᠡ ᠶᠢᠨ ᠲᠦᠷᠭᠡᠨ ᠤ ᠵᠠᠰᠠᠮᠠᠯ ᠵᠠᠮ ᠤᠨ ᠶᠡᠭᠡ | ᠵᠠᠮ ᠢ ᠪᠦᠭᠦ ᠱᠤᠭᠤᠮ ᠢᠶᠠᠷ ᠨᠠᠪᠲᠠᠷᠡᠭᠦᠯᠵᠦ᠂ ᠠᠶᠢᠮᠠᠭ ᠬᠤᠲᠠ ᠶᠢᠨ ᠬᠤᠭᠤᠷᠣᠨᠳᠣᠭᠢ ᠲᠦᠷᠭᠡᠨ ᠤ ᠵᠠᠰᠠᠮᠠᠯ ᠵᠠᠮ ᠢ | ᠬᠠᠷᠢᠯᠴᠠᠨ ᠨᠠᠪᠲᠠᠷᠡᠭᠦᠯᠵᠦ᠂ ᠭᠤᠣᠯᠳᠠᠯᠭ᠎ᠠ ᠲᠠᠢ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠢ ᠨᠡᠪᠲᠡᠷᠡᠭᠦᠯᠬᠦ ᠪᠠᠷ ᠪᠤᠶ᠃ | | 17 ᠤ ᠡᠳᠦᠷ ᠶᠠᠪᠤᠭᠳᠠᠭᠰᠠᠨ ᠥᠪᠥᠷ ᠮᠣᠩᠭᠤᠯ ᠤᠨ ᠵᠠᠮ ᠲᠡᠭᠡᠭᠡᠪᠦᠷᠢ ᠶᠢᠨ ᠠᠵᠢᠯ ᠤᠨ ᠬᠤᠷᠠᠯ ᠳᠡᠭᠡᠷ᠎ᠡ᠂ | ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ ᠤᠨ ᠳᠠᠷᠤᠭ᠎ᠠ ᠭᠤᠤ ᠱᠢ ᠴᠢᠨ | ᠲᠠᠨᠢᠯᠴᠠᠭᠤᠯᠬᠤ ᠳᠠᠭᠠᠨ᠂ ᠡᠨᠡ ᠵᠢᠯ ᠮᠠᠨ ᠤ ᠣᠷᠣᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠭᠤᠣᠯ | ᠨᠢᠷᠤᠭᠤᠪᠴᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠤᠣᠯᠳᠠᠯᠭ᠎ᠠ ᠲᠠᠢ ᠵᠠᠰᠠᠮᠠᠯ ᠵᠠᠮ ᠤᠨ 39 | ᠲᠥᠷᠥᠯ ᠵᠦᠢᠯ ᠢ ᠬᠡᠷᠡᠭᠵᠢᠭᠦᠯᠵᠦ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ 2500 ᠺᠢᠯᠣᠮᠧᠲᠷ ᠲᠤ ᠬᠦᠷᠴᠦ᠂ | G5511 ᠲᠦᠩᠯᠢᠶᠣᠣ ᠶᠢᠨ ᠬᠡᠰᠡᠭ᠂ G0616 ᠭᠠᠭᠴᠠᠮᠣᠳᠤ ᠠᠴᠠ ᠬᠠᠯᠢᠭᠤᠲᠤ ᠬᠦᠷᠬᠦ ᠬᠡᠰᠡᠭ ᠢ ᠪᠠᠶᠢᠭᠤᠯᠵᠤ᠂ | ᠵᠡᠭᠦᠨ ᠪᠠᠷᠠᠭᠤᠨ ᠪᠡᠶ᠎ᠡ ᠶᠢᠨ ᠲᠦᠷᠭᠡᠨ ᠤ ᠵᠠᠰᠠᠮᠠᠯ ᠵᠠᠮ ᠤᠨ ᠶᠡᠭᠡ ᠵᠠᠮ ᠢ ᠪᠦᠭᠦ ᠱᠤᠭᠤᠮ ᠢᠶᠠᠷ ᠨᠡᠪᠲᠡᠷᠡᠭᠦᠯᠬᠦ᠂ | ᠠᠶᠢᠮᠠᠭ ᠬᠤᠲᠠ ᠶᠢᠨ ᠬᠤᠭᠤᠷᠣᠨᠳᠣᠭᠢ ᠲᠦᠷᠭᠡᠨ ᠤ ᠵᠠᠰᠠᠮᠠᠯ ᠵᠠᠮ ᠢ ᠬᠠᠷᠢᠯᠴᠠᠨ ᠨᠡᠪᠲᠡᠷᠡᠭᠦᠯᠬᠦ᠂ ᠭᠤᠣᠯᠳᠠᠯᠭ᠎ᠠ ᠲᠠᠢ | ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠢ ᠨᠡᠪᠲᠡᠷᠡᠭᠦᠯᠬᠦ ᠶᠢ ᠪᠡᠶᠡᠯᠡᠭᠦᠯᠦᠨ᠎ᠡ᠃ S43 ᠭᠦᠭᠡᠬᠤᠲᠠ ᠨᠢᠰᠬᠡᠯ ᠤᠨ | ᠪᠠᠭᠤᠳᠠᠯ ᠤᠨ ᠲᠦᠷᠭᠡᠨ ᠤ ᠵᠠᠰᠠᠮᠠᠯ ᠵᠠᠮ᠂ S29 ᠭᠦᠭᠡᠬᠤᠲᠠ ᠠᠴᠠ ᠯᠢᠶᠡᠩᠴᠧᠩ ᠬᠦᠷᠬᠦ ᠲᠦᠷᠭᠡᠨ ᠤ ᠵᠠᠰᠠᠮᠠᠯ | ᠵᠠᠮ ᠢ ᠪᠠᠶᠢᠭᠤᠯᠵᠤ ᠳᠠᠭᠤᠰᠬᠠᠨ᠂ ᠭᠦᠭᠡᠬᠤᠲᠠ ᠪᠤᠭᠤᠲᠤ ᠣᠷᠳᠣᠰ ᠦᠬᠠᠢ ᠶᠢᠨ 2 ᠴᠠᠭ ᠤᠨ ᠵᠠᠰᠠᠮᠠᠯ ᠵᠠᠮ ᠤᠨ | ᠲᠣᠭᠤᠷᠢᠭ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠬᠢᠯᠢ ᠲᠠᠭᠠᠬᠰᠠᠨ G331 ᠱᠤᠭᠤᠮ ᠤᠨ | ᠨᠡᠪᠲᠡᠷᠡᠭᠦᠯᠬᠦ ᠪᠠᠷ ᠪᠠᠶᠢᠭ᠎ᠠ ᠬᠡᠰᠡᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ G331 ᠱᠤᠭᠤᠮ ᠢ | ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠪᠠᠷᠢᠮᠵᠢᠶ᠎ᠠ ᠪᠠᠷ ᠨᠡᠪᠲᠡᠷᠡᠭᠦᠯᠬᠦ ᠪᠠᠷ ᠴᠢᠷᠮᠠᠶᠢᠨ᠎ᠠ᠃ ᠤᠯᠤᠰ | ᠮᠤᠵᠢ ᠶᠢᠨ ᠭᠤᠣᠯ ᠱᠤᠭᠤᠮ ᠤᠨ ︽ᠮᠤᠬᠤᠷ ᠵᠠᠮ︾ ᠤᠨ ᠢᠨᠵᠧᠨᠧᠷᠢᠩ ᠢ 11 ᠵᠤᠷᠪᠤᠰ 700 ᠺᠢᠯᠣᠮᠧᠲᠷ | ᠤᠷᠲᠤᠳᠬᠠᠵᠤ᠂ ᠵᠢᠯ ᠤᠨ ᠳᠣᠲᠣᠷ᠎ᠠ 8 ᠵᠤᠷᠪᠤᠰ ᠵᠠᠮ ᠨᠡᠪᠲᠡᠷᠡᠭᠦᠯᠪᠡ ᠭᠡᠵᠡᠢ᠃ | 2023 ᠣᠨ ᠳᠤ᠂ ᠮᠠᠨ ᠤ ᠣᠷᠣᠨ ᠤ ᠵᠠᠰᠠᠮᠠᠯ ᠵᠠᠮ ᠤᠨ ᠵᠠᠮ ᠬᠠᠷᠢᠯᠴᠠᠭᠠᠨ ᠤ ᠭᠤᠣᠯ ᠨᠢᠷᠤᠭᠤᠪᠴᠢ ᠶᠢᠨ | ᠪᠦᠲᠦᠭᠡᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠤᠯᠤᠰ ᠤᠨ ᠲᠦᠷᠭᠡᠨ ᠤ ᠵᠠᠰᠠᠮᠠᠯ ᠵᠠᠮ ᠤᠨ | ᠭᠤᠣᠯ ᠱᠤᠭᠤᠮ ᠤᠨ ᠥᠪᠥᠷ ᠮᠣᠩᠭᠤᠯ ᠤᠨ ᠬᠡᠰᠡᠭ ᠢ ᠪᠦᠭᠦᠨ ᠢ ᠨᠠᠪᠲᠠᠷᠡᠭᠦᠯᠵᠦ᠂ ᠮᠠᠨᠵᠤᠤᠷ᠂ ᠡᠷᠢᠶᠡᠨ ᠬᠤᠳᠠ | ᠬᠤᠶᠠᠷ ᠭᠤᠣᠯᠳᠠᠯᠭ᠎ᠠ ᠲᠠᠢ ᠪᠣᠭᠤᠮᠲᠠ ᠶᠢᠨ ᠲᠦᠷᠭᠡᠨ ᠤ ᠵᠠᠰᠠᠮᠠᠯ ᠵᠠᠮ ᠢ ᠵᠠᠯᠭᠠᠨ ᠨᠠᠪᠲᠠᠷᠡᠭᠦᠯᠵᠦ᠂ ᠬᠢᠯᠢ ᠳᠠᠭᠠᠬᠰᠠᠨ | G331 ᠱᠤᠭᠤᠮ ᠤᠨ ᠭᠤᠷᠪᠠᠳᠤᠭᠠᠷ ᠳᠡᠰ ᠵᠢᠴᠢ ᠲᠡᠭᠦᠨ ᠠᠴᠠ ᠳᠡᠭᠡᠭᠰᠢᠬᠢ ᠵᠠᠰᠠᠮᠠᠯ ᠵᠠᠮ ᠢ 3180 ᠺᠢᠯᠣᠮᠧᠲᠷ | ᠪᠠᠶᠢᠭᠤᠯᠵᠤ᠂ ᠪᠠᠶᠢᠭᠤᠯᠵᠤ ᠳᠠᠭᠤᠰᠬᠠᠭᠰᠠᠨ ᠨᠣᠷᠮ᠎ᠠ 89.8% ᠳᠤ ᠭᠦᠷᠪᠡ᠃ 41 ᠵᠤᠷᠪᠤᠰ 476 | ᠺᠢᠯᠣᠮᠧᠲᠷ ᠤᠨ ᠠᠵᠤ ᠦᠢᠯᠡᠰ ᠤᠨ ᠵᠠᠮ᠂ 24 ᠵᠤᠷᠪᠤᠰ 609 ᠺᠢᠯᠣᠮᠧᠲᠷ ᠤᠨ ᠵᠢᠭᠤᠯᠴᠢᠯᠠᠯ ᠤᠨ ᠵᠠᠮ ᠢ ᠡᠬᠢᠯᠡᠨ | ᠪᠠᠶᠢᠭᠤᠯᠵᠤ᠂ 15 ᠵᠤᠷᠪᠤᠰ 966 ᠺᠢᠯᠣᠮᠧᠲᠷ ᠤᠨ ᠮᠤᠬᠤᠷ ᠵᠠᠮ ᠢ ᠨᠡᠪᠲᠡᠷᠡᠭᠦᠯᠪᠡ᠃ ᠪᠦᠭᠦ ᠵᠢᠯ ᠳᠤ ᠵᠠᠰᠠᠮᠠᠯ ᠵᠠᠮ | ᠤᠰᠤᠨ ᠵᠠᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 358.8 ᠳ᠋ᠦᠩᠰᠢᠭᠤᠷ ᠲᠥᠭᠦᠷᠢᠭ ᠲᠤ | ᠬᠦᠷᠴᠦ᠂ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ ᠬᠠᠷᠠᠯᠲᠠ ᠶᠢᠨ ᠡᠭᠦᠷᠭᠡ ᠪᠠᠨ ᠳᠠᠪᠠᠭᠤᠯᠤᠨ | ᠪᠡᠶᠡᠯᠡᠭᠦᠯᠪᠡ᠃ 79 ᠬᠤᠰᠢᠭᠤ ᠰᠢᠶᠠᠨ ︵ᠬᠤᠲᠠ᠂ ᠲᠣᠭᠤᠷᠢᠭ︶ ᠳᠤ ᠲᠦᠷᠭᠡᠨ ᠤ ᠵᠠᠰᠠᠮᠠᠯ ᠵᠠᠮ᠂ ᠲᠦᠷᠭᠡᠨ ᠤ ᠪᠠ | ᠨᠢᠭᠡᠳᠦᠭᠡᠷ ᠳᠡᠰ ᠤᠨ ᠵᠠᠰᠠᠮᠠᠯ ᠵᠠᠮ ᠠᠴᠠ ᠭᠠᠷᠬᠤ ᠵᠠᠮ 47 ᠵᠤᠷᠪᠤᠰ ᠪᠠᠶᠢᠵᠤ᠂ 6 ᠪᠣᠭᠤᠮᠲᠠ ᠳᠤ ᠨᠢᠭᠡᠳᠦᠭᠡᠷ | ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠵᠦ᠂ 229 ᠠᠵᠤ ᠦᠢᠯᠡᠰ ᠤᠨ ᠬᠦᠷᠢᠶᠡᠯᠡᠩ ᠲᠣᠭᠤᠷᠢᠭ᠂ | ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ ᠨᠡᠪᠲᠡᠷᠡᠵᠦ᠂ | ᠰᠤᠮᠤ ᠰᠢᠶᠠᠩ ᠪᠠᠯᠭᠠᠰᠤ ᠳᠤ ᠭᠤᠷᠪᠠᠳᠤᠭᠠᠷ ᠳᠡᠰ ᠤᠨ ᠵᠠᠰᠠᠮᠠᠯ ᠵᠠᠮ ᠨᠡᠪᠲᠡᠷᠡᠭᠰᠡᠨ ᠨᠤᠷᠮ᠎ᠠ ᠨᠢ 94.9 % ᠳᠤ | ᠬᠦᠷᠴᠦ᠂ ᠨᠡᠯᠢᠶᠡᠳ ᠶᠡᠭᠡ ᠬᠥᠮᠥᠨ ᠠᠮᠠ ᠶᠢᠨ ᠬᠡᠪᠴᠢᠶ᠎ᠡ ᠲᠠᠢ ᠠᠶᠢᠯ ᠲᠣᠰᠬᠤᠨ ᠳᠤ ᠬᠠᠲᠠᠭᠤᠷᠠᠭᠤᠯᠤᠭᠰᠠᠨ ᠵᠠᠮ | ᠨᠡᠪᠲᠡᠷᠡᠭᠰᠡᠨ ᠨᠣᠷᠮ᠎ᠠ 87.7 % ᠳᠤ ᠭᠦᠷᠪᠡ᠃ | | |