︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠯᠤᠭ᠎ᠠ ᠶᠢᠨ ᠪᠣᠯᠵᠤᠭ᠎ᠠ ᠪᠠᠭ᠋ᠠᠷᠠᠯᠲᠤ ᠥᠪᠥᠷ ᠮᠣᠩᠭᠤᠯ︾ ᠭᠡᠬᠦ ᠰᠦᠯᠵᠢᠶᠡᠨ ᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2024/1/18
     ᠪᠡᠶ᠎ᠡ ᠶᠢᠨ ᠲᠠᠮᠢᠷ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠦᠯ ᠤᠨ ᠤᠯᠠᠷᠢᠯ ᠤᠨ ᠮᠥᠰᠥ ᠴᠠᠰᠤᠨ ᠤ ᠷᠢᠳᠢ ᠰᠢᠳᠢ ᠶᠢ ᠨᠡᠩ ᠰᠠᠶᠢᠲᠤᠷ ᠳᠡᠯᠭᠡᠨ ᠦᠵᠡᠭᠦᠯᠭᠦ ᠶᠢᠨ ᠲᠥᠯᠥᠭᠡ᠂ 1 ᠰᠠᠷ᠎ᠠ ᠶᠢᠨ 17 ᠤ ᠡᠳᠦᠷ᠂ ᠪᠡᠭᠡᠵᠢᠩ ᠬᠤᠳᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ ᠠᠴᠠ ᠭᠤᠣᠯᠯᠠᠨ ᠡᠷᠭᠢᠯᠡᠵᠦ᠂ ᠬᠥᠯᠥᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ᠂ ᠥᠪᠥᠷ ᠮᠣᠩᠭᠤᠯ ᠤᠨ ᠰᠣᠨᠢᠨ ᠮᠡᠳᠡᠭᠡᠨ ᠤ ᠰᠦᠯᠵᠢᠶ᠎ᠡ᠂ ᠤᠮᠠᠷᠠᠲᠤ ᠶᠢᠨ ᠰᠦᠯᠵᠢᠶ᠎ᠡ ᠠᠴᠠ ᠳᠠᠭᠠᠭᠠᠴᠢᠯᠠᠨ ᠡᠷᠭᠢᠯᠡᠭᠰᠡᠨ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠯᠤᠭ᠎ᠠ ᠶᠢᠨ ᠪᠣᠯᠵᠤᠭ᠎ᠠ  ᠪᠠᠭ᠋ᠠᠷᠠᠯᠲᠤ ᠥᠪᠥᠷ ᠮᠣᠩᠭᠤᠯ︾ ᠭᠡᠬᠦ ᠰᠦᠯᠵᠢᠶᠡᠨ ᠤ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠬᠥᠯᠥᠨ ᠪᠤᠶᠢᠷ ᠬᠤᠳᠠ ᠳᠤ ᠡᠬᠢᠯᠡᠪᠡ᠃      ᠡᠭᠢᠯᠡᠯᠲᠡ ᠶᠢᠨ ᠶᠣᠰᠣᠯᠠᠯ ᠳᠡᠭᠡᠷ᠎ᠡ᠂ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠵᠢᠯᠲᠠ ᠶᠢᠨ ᠬᠤᠷᠢᠶ᠎ᠠ ᠶᠢᠨ ᠠᠯᠪᠠᠨ ᠭᠡᠷ ᠤᠨ ᠬᠠᠮᠢᠶ᠎ᠠ ᠪᠦᠬᠦᠢ ᠬᠠᠷᠢᠭᠤᠴᠠᠯᠭᠠᠲᠠᠨ᠂ ᠠᠵᠢᠯᠯᠠᠭ᠎ᠠ ᠳᠤ ᠣᠷᠣᠯᠴᠠᠬᠰᠠᠨ ᠵᠠᠭᠤᠴᠢᠯᠠᠭᠤᠷ ᠤᠨ ᠰᠤᠷᠪᠤᠯᠵᠢᠯᠠᠬᠴᠢᠳ ᠪᠣᠯᠣᠨ ᠰᠦᠯᠵᠢᠶᠡᠨ ᠤ ᠨᠠᠷᠠᠲᠤ ᠬᠥᠮᠥᠰ ᠤᠯᠤᠰ ᠤᠨ ᠵᠣᠭᠰᠣᠴᠠ᠂ ᠣᠯᠠᠨ ᠤᠯᠤᠰ ᠤᠨ ᠬᠠᠷᠠᠭᠠᠰᠤ ᠠᠴᠠ ᠪᠦᠭᠦ ᠤᠯᠤᠰ ᠤᠨ ᠰᠦᠯᠵᠢᠶᠡᠨ ᠢᠷᠭᠡᠳ᠂ ᠪᠦᠭᠦ ᠳᠡᠯᠡᠬᠡᠢ ᠶᠢᠨ ᠰᠦᠯᠵᠢᠶᠡᠨ ᠢᠷᠭᠡᠳ ᠲᠤ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠲᠠᠨᠢᠯᠴᠠᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠳᠡᠯᠭᠡᠨ ᠦᠵᠡᠭᠦᠯᠭᠦ ᠶᠢ ᠬᠦᠰᠡᠵᠦ ᠪᠠᠶᠢᠨ᠎ᠠ ᠭᠡᠵᠦ ᠳᠤᠷᠠᠳᠪᠠ᠃      ᠢᠷᠡᠬᠦ ᠬᠡᠳᠦᠨ ᠡᠳᠦᠷ ᠤᠨ ᠬᠤᠭᠤᠴᠠᠭᠠᠨ ᠳᠤ᠂ ᠪᠡᠭᠡᠵᠢᠩ ᠬᠤᠲᠠ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠭᠤᠴᠢᠯᠠᠭᠤᠷ ᠤᠨ ᠰᠤᠷᠪᠤᠯᠵᠢᠯᠠᠬᠴᠢᠳ ᠵᠢᠴᠢ ᠬᠤᠳᠠᠯᠳᠤᠭᠠᠨ ᠤ ᠲᠠᠪᠴᠠᠩ᠂ ᠰᠦᠯᠵᠢᠶᠡᠨ ᠤ ᠨᠠᠷᠠᠲᠤ ᠬᠥᠮᠥᠰ ᠬᠥᠯᠥᠨ ᠪᠤᠶᠢᠷ ᠬᠤᠲᠠ ᠳᠤ ᠬᠦᠷᠴᠦ᠂ ᠬᠠᠶᠢᠯᠠᠷ ᠲᠣᠭᠤᠷᠢᠭ᠂ ᠶᠠᠭᠰᠢ ᠬᠤᠲᠠ᠂ ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠬᠠᠭᠤᠴᠢᠨ ᠪᠠᠷᠭᠤ ᠬᠤᠰᠢᠭᠤ ᠵᠡᠷᠭᠡ ᠭᠠᠵᠠᠷ ᠤᠨ ᠤᠷᠤᠯᠳᠤᠭᠠᠨ ᠤ ᠲᠠᠯᠠᠪᠤᠷ ᠵᠢᠴᠢ ᠡᠪᠦᠯ ᠤᠨ ᠤᠯᠠᠷᠢᠯ ᠤᠨ ᠵᠢᠭᠤᠯᠴᠢᠯᠠᠯ ᠤᠨ ᠲᠥᠷᠥᠯ ᠵᠦᠢᠯ ᠳᠤ ᠭᠦᠨᠵᠡᠭᠡᠶᠢᠷᠡᠵᠦ᠂ ᠬᠥᠯᠥᠨ ᠪᠤᠶᠢᠷ ᠤᠨ ᠮᠥᠰᠥ ᠴᠠᠰᠤᠨ ᠤ ᠠᠵᠤ ᠦᠢᠯᠡᠰ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ᠂ ᠮᠥᠰᠥ ᠴᠠᠰᠤᠨ ᠤ ᠵᠢᠭᠤᠯᠴᠢᠯᠠᠯ᠂ ᠮᠥᠰᠥ ᠴᠠᠰᠤᠨ ᠤ ᠰᠣᠶᠣᠯ ᠤᠨ ᠠᠭᠤᠰᠤᠯᠴᠠᠨ ᠬᠥᠭᠵᠢᠭᠰᠡᠨ ᠪᠠᠶᠢᠳᠠᠯ ᠢ ᠭᠦᠨᠵᠡᠭᠡᠢ ᠰᠤᠷᠪᠤᠯᠵᠢᠯᠠᠨ ᠮᠡᠳᠡᠭᠡᠯᠡᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号