ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ︽ᠲᠠᠪᠤᠨ ᠲᠣᠬᠢᠷᠠᠮᠵᠢᠲᠠᠢ ᠬᠤᠲᠠ︾ | ᠶᠢ ᠪᠦᠲᠦᠭᠡᠨ ᠪᠠᠶᠢᠭᠤᠯᠬᠤ᠂ ᠣᠳᠣᠬᠢᠴᠢᠯᠠᠭᠰᠠᠨ ᠣᠷᠣᠨ ᠪᠦᠰᠡ ᠶᠢᠨ ᠲᠥᠪ ᠬᠤᠲᠠ ᠶᠢ ᠪᠦᠲᠦᠭᠡᠨ ᠪᠠᠶᠢᠭᠤᠯᠬᠤ | ᠬᠠᠷᠠᠯᠲᠠ ᠶᠢᠨ ᠲᠣᠭᠤᠷᠢᠨ ᠳᠤ᠂ ᠣᠷᠣᠨ ᠤ ᠲᠥᠪ ᠬᠤᠲᠠ ᠶᠢᠨ ᠬᠥᠮᠥᠨ ᠠᠮᠠ ᠶᠢᠨ ᠴᠢᠳᠠᠪᠤᠷᠢ ᠶᠢᠨ ᠲᠠᠰ ᠢ ᠤᠯᠠᠮ | ᠨᠢᠭᠡ ᠠᠯᠬᠤᠮ ᠳᠡᠭᠡᠭᠰᠢᠯᠡᠭᠦᠯᠵᠦ᠂ ᠣᠷᠣᠨ ᠤ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠬᠦᠴᠦᠲᠡᠢ ᠴᠢᠳᠠᠪᠤᠷᠢᠲᠠᠨ ᠤ ᠦᠢᠯᠡᠴᠢᠯᠡᠭᠡᠨ ᠤ ᠪᠠᠲᠤᠯᠠᠭ᠎ᠠ ᠬᠠᠩᠭᠠᠬᠤ ᠶᠢᠨ ᠲᠥᠯᠥᠭᠡ᠂ | ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ︽2024 ᠣᠨ ᠤ ᠲᠠᠪᠤᠨ ᠲᠦᠮᠡᠨ ᠣᠶᠤᠲᠠᠨ ᠢ | ᠬᠥᠬᠡᠬᠤᠲᠠ ᠳᠤ ᠦᠯᠡᠳᠡᠭᠡᠬᠦ ᠲᠤᠰᠬᠠᠢ ᠠᠵᠢᠯᠯᠠᠭᠠᠨ ᠤ ᠲᠥᠰᠥᠯ︾ ᠢ ᠲᠣᠭᠲᠠᠭᠠᠪᠠ᠃ ᠲᠥᠰᠥᠯ ᠳᠤ ᠭᠤᠣᠯᠳᠠᠭᠤ | ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ | ᠠᠵᠢᠯᠴᠢᠨ ᠬᠡᠷᠡᠭᠯᠡᠬᠦ᠂ ᠣᠶᠤᠲᠠᠳ ᠤᠨ ᠠᠵᠢᠯ ᠣᠯᠬᠤ ᠪᠠ ᠠᠳᠠᠯ ᠦᠢᠯᠡᠰ ᠴᠣᠭᠴᠠᠯᠠᠬᠤ ᠵᠡᠷᠭᠡ ᠲᠠᠯ᠎ᠠ ᠪᠠᠷ | ᠨᠠᠷᠢᠯᠢᠭ ᠣᠨᠣᠴᠠᠲᠠᠢ ᠳᠡᠮᠵᠢᠬᠦ ᠠᠷᠭ᠎ᠠ ᠬᠡᠮᠵᠢᠶ᠎ᠡ ᠲᠣᠭᠲᠠᠭᠠᠵᠤ᠂ ᠣᠶᠤᠲᠠᠳ ᠤᠨ ᠬᠥᠬᠡᠬᠤᠲᠠ ᠳᠤ ᠢᠷᠡᠵᠦ᠂ | ᠬᠥᠬᠡᠬᠤᠲᠠ ᠳᠠᠭᠠᠨ ᠪᠤᠴᠠᠵᠤ᠂ ᠬᠥᠬᠡᠬᠤᠲᠠ ᠳᠤ ᠦᠯᠡᠳᠡᠵᠦ ᠠᠵᠢᠯ ᠣᠯᠵᠤ ᠦᠢᠯᠡᠰ ᠴᠣᠭᠴᠠᠯᠠᠬᠤ ᠳᠤ | ᠦᠢᠯᠡᠴᠢᠯᠡᠨ᠎ᠡ᠃ | ᠬᠤᠶᠠᠷ᠂ ᠣᠨᠴᠠᠯᠢᠭ ᠢᠯᠡ ᠲᠣᠳᠣ ᠲᠠᠯ᠎ᠠ | ᠡᠭᠦᠨ ᠳᠤ ᠭᠤᠷᠪᠠᠨ ᠲᠠᠯ᠎ᠠ ᠶᠢᠨ ᠥᠪᠡᠷᠮᠢᠴᠡ ᠣᠨᠴᠠᠯᠢᠭ ᠢᠯᠡ ᠲᠣᠳᠣ ᠲᠠᠯ᠎ᠠ ᠪᠠᠶᠢᠨ᠎ᠠ᠂ ᠨᠢᠭᠡ ᠳᠤ | ᠰᠢᠯᠢᠳᠡᠭ ᠠᠵᠢᠯ ᠤᠨ ᠪᠠᠶᠢᠷᠢ ᠭᠠᠷᠭᠠᠨ᠎ᠠ᠃ ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ | 2024 ᠣᠨ ᠳᠤ ᠠᠵᠤ ᠦᠢᠯᠡᠰ ᠤᠨ ᠪᠥᠭᠡᠮᠨᠡᠷᠡᠯ ᠢ ᠦᠷᠭᠦᠯᠵᠢᠯᠡᠨ ᠠᠳᠬᠤᠵᠤ᠂ 1100 ᠠᠴᠠ ᠳᠡᠭᠡᠭᠰᠢ | ᠭᠤᠣᠯᠳᠠᠯᠭ᠎ᠠ ᠲᠠᠢ ᠲᠦᠷᠦᠯ ᠵᠦᠢᠯ ᠢ ᠬᠡᠷᠡᠭᠵᠢᠭᠦᠯᠵᠦ᠂ 1500 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ | ᠣᠷᠣᠭᠤᠯᠵᠤ᠂ ᠠᠵᠤ ᠦᠢᠯᠡᠰ ᠢᠶᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠬᠤᠶᠠᠷ ᠲᠤ᠂ ᠪᠡᠶ᠎ᠡ ᠳᠤᠨᠢ ᠲᠣᠬᠢᠷᠠᠭᠤᠯᠤᠨ ᠲᠣᠭᠲᠠᠭᠠᠬᠤ ᠦᠢᠯᠡᠴᠢᠯᠡᠭᠡ᠃ ︽ᠠᠵᠢᠯ ᠣᠯᠭᠤᠯᠲᠠ ᠪᠠᠷ ᠠᠵᠤ | ᠠᠬᠤᠶᠢᠯᠠᠯ ᠢ ᠲᠤᠰᠠᠯᠠᠬᠤ︾᠂ ︽ᠰᠤᠷᠭᠠᠭᠤᠯᠢ ᠳᠤ ᠣᠷᠣᠵᠤ ᠠᠵᠢᠯ ᠤᠨ ᠪᠠᠶᠢᠷᠢ ᠬᠦᠷᠭᠡᠬᠦ︾ ᠵᠡᠷᠭᠡ | ᠠᠵᠢᠯᠯᠠᠭ᠎ᠠ ᠥᠷᠨᠢᠭᠦᠯᠵᠦ᠂ ᠣᠶᠤᠲᠠᠳ ᠵᠠᠬ᠎ᠠ ᠳᠡᠯᠭᠡᠭᠦᠷ ᠢ ᠪᠦᠲᠦᠮᠵᠢᠲᠡᠶ ᠵᠣᠯᠭᠠᠭᠤᠯᠵᠤ᠂ ᠳᠡᠭᠡᠳᠦ | ᠰᠤᠷᠭᠠᠭᠤᠯᠢ ᠶᠢᠨ ᠠᠵᠢᠯ ᠣᠯᠭᠤᠯᠲᠠ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠶᠢᠨ ︽ᠬᠤᠣᠰ ᠪᠠᠲᠤᠯᠠᠭ᠎ᠠ︾ | ᠶᠢ ᠪᠡᠶᠡᠯᠡᠭᠦᠯᠦᠨ᠎ᠡ᠃ ᠭᠤᠷᠪᠠ ᠳᠤ ᠪᠠᠲᠤᠯᠠᠭ᠎ᠠ ᠶᠢᠨ ᠡᠷᠴᠢᠮ ᠤᠷᠢᠳᠤ ᠭᠠᠷᠤᠭ᠎ᠠ ᠦᠭᠡᠢ ᠴᠢᠩᠭᠠᠷᠠᠪᠠ᠃ ᠣᠷᠣᠨ | ᠰᠠᠭᠤᠴᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠭᠦᠯᠬᠦ᠂ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ | ᠠᠪᠬᠤ ᠨᠥᠬᠦᠪᠦᠷᠢ ᠣᠯᠭᠤᠬᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠭᠡᠷ ᠪᠠᠶᠢᠰᠢᠩ ᠲᠦᠷᠢᠶᠡᠰᠦᠯᠡᠬᠦ ᠪᠠ | ᠬᠤᠳᠠᠯᠳᠤᠨ ᠠᠪᠬᠤ ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠬᠦ᠂ ᠬᠦᠷᠢᠶᠡᠯᠡᠩ ᠲᠣᠭᠤᠷᠢᠭ ᠪᠠ ᠠᠵᠤ | ᠠᠬᠤᠶᠢᠯᠠᠯ ᠤᠨ ᠠᠵᠢᠯᠲᠠᠨ ᠠᠵᠢᠯᠴᠢᠨ ᠤ ᠪᠠᠶᠢᠷᠢ ᠪᠠ ᠨᠡᠶᠢᠲᠡ ᠶᠢᠨ ᠪᠠᠶᠢᠷᠢ ᠲᠣᠬᠢᠷᠠᠭᠤᠯᠤᠨ ᠪᠠᠶᠢᠭᠤᠯᠬᠤ ᠶᠢ | ᠵᠣᠷᠢᠭᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠣᠶᠤᠲᠠᠳ ᠢ ᠬᠠᠪᠰᠤᠷᠤᠨ ᠢᠳᠡᠵᠦ ᠡᠮᠦᠰᠬᠦ | ᠶᠠᠪᠤᠵᠤ ᠰᠠᠭᠤᠬᠤ ᠶᠢᠨ ︽ᠵᠠᠩᠭᠢᠯᠠᠭ᠎ᠠ ᠶᠢᠨ ᠪᠠᠭ᠎ᠠ ᠤᠴᠢᠷ︾ ᠢ ᠰᠠᠶᠢᠲᠤᠷ ᠰᠢᠢᠳᠪᠦᠷᠢᠯᠡᠨ᠎ᠡ᠃ | ᠭᠤᠷᠪᠠ᠂ ᠭᠤᠣᠯ ᠠᠭᠤᠯᠭ᠎ᠠ | ︽ᠲᠤᠰᠬᠠᠢ ᠠᠵᠢᠯᠯᠠᠭ᠎ᠠ︾ ᠨᠢ 2024 ᠣᠨ ᠳᠤ 5 ᠲᠦᠮᠡᠨ ᠣᠶᠣᠲᠠᠨ ᠬᠥᠬᠡᠬᠤᠲᠠ ᠳᠤ ᠢᠷᠡᠵᠦ᠂ | ᠬᠥᠬᠡᠬᠤᠲᠠ ᠳᠠᠭᠠᠨ ᠪᠤᠴᠠᠵᠤ᠂ ᠬᠥᠬᠡᠬᠤᠲᠠ ᠳᠤ ᠦᠯᠡᠳᠡᠵᠦ ᠠᠵᠢᠯ ᠣᠯᠵᠤ ᠦᠢᠯᠡᠰ ᠴᠣᠭᠴᠠᠯᠠᠬᠤ ᠶᠢ ᠪᠠᠲᠤᠯᠠᠨ᠂ | 6 ᠲᠦᠮᠡ ᠬᠦᠷᠭᠡᠬᠦ ᠪᠠᠷ ᠴᠢᠷᠮᠠᠶᠢᠵᠤ᠂ ᠣᠶᠤᠲᠠᠳ ᠤᠨ ᠬᠠᠮᠤᠭ ᠠᠴᠠ ᠠᠩᠬᠠᠷᠴᠤ ᠪᠠᠶᠢᠭ᠎ᠠ ᠠᠵᠢᠯ ᠤᠨ ᠪᠠᠶᠢᠷᠢ᠂ | ᠤᠷ᠎ᠠ ᠴᠢᠳᠠᠪᠤᠷᠢ ᠶᠢ ᠳᠡᠭᠡᠭᠰᠢᠯᠡᠭᠦᠯᠬᠦ᠂ ᠰᠢᠨ᠎ᠡ ᠶᠢ ᠡᠭᠦᠳᠴᠦ ᠦᠢᠯᠡᠰ ᠪᠣᠰᠬᠠᠬᠤ᠂ ᠠᠮᠤᠭᠤᠯᠠᠩ ᠣᠷᠣᠨ | ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠠᠴᠠ ᠭᠠᠷᠳᠠᠨ ᠬᠦᠴᠦᠯᠡᠵᠦ᠂ ︽ᠠᠵᠤ ᠦᠢᠯᠡᠰ ᠤᠨ ᠠᠵᠢᠯ ᠤᠨ | ᠪᠠᠶᠢᠷᠢ ᠶᠢ ᠥᠷᠭᠡᠳᠬᠡᠬᠦ︾᠂ ︽ᠠᠳᠠᠯ ᠦᠢᠯᠡᠰ ᠴᠣᠭᠴᠠᠯᠠᠬᠤ ᠶᠢ ᠲᠤᠰᠠᠯᠠᠬᠤ ᠠᠵᠢᠯᠯᠠᠭ᠎ᠠ︾᠂ ︽ᠴᠢᠳᠠᠪᠤᠷᠢᠲᠠᠨ | ᠡᠯᠰᠡᠵᠦ ᠤᠶᠤᠨ ᠤᠬᠠᠭᠠᠨ ᠣᠷᠣᠭᠤᠯᠬᠤ ᠠᠵᠢᠯᠯᠠᠭ᠎ᠠ︾ ᠵᠡᠷᠭᠡ ᠪᠣᠳᠠᠲᠠᠢ 8 ᠵᠦᠢᠯ ᠤᠨ ᠠᠵᠢᠯᠯᠠᠭ᠎ᠠ᠂ 22 | ᠵᠦᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ | ︵ᠨᠢᠭᠡ︶ ︽ᠠᠵᠤ ᠦᠢᠯᠡᠰ ᠤᠨ ᠠᠵᠢᠯ ᠤᠨ ᠪᠠᠶᠢᠷᠢ ᠶᠢ ᠥᠷᠭᠡᠳᠬᠡᠬᠦ︾ ᠠᠵᠢᠯᠯᠠᠭ᠎ᠠ ᠶᠢ ᠬᠡᠷᠡᠭᠵᠢᠭᠦᠯᠦᠨ᠎ᠡ᠃ | ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ 2024 ᠣᠨ ᠳᠤ 70 ᠠᠴᠠ ᠳᠡᠭᠡᠭᠰᠢ ᠦᠢᠯᠡᠳᠬᠦ | ᠦᠢᠯᠡᠰ ᠤᠨ ᠲᠥᠷᠥᠯ ᠵᠦᠢᠯ ᠢ ᠲᠠᠲᠠᠨ ᠪᠡᠯᠡ ᠣᠷᠣᠭᠤᠯᠵᠤ᠂ ︽ᠲᠤᠰᠬᠠᠢ ᠨᠠᠷᠢᠯᠢᠭ ᠣᠨᠴᠠ ᠰᠢᠨ᠎ᠡ︾ ︽ | ᠰᠢᠨ᠎ᠡ ᠶᠢ ᠡᠭᠦᠳᠬᠦ ᠬᠡᠯᠪᠡᠷᠢ︾ ᠶᠢᠨ ᠳᠤᠮᠳᠠ ᠵᠢᠵᠢᠭ ᠠᠵᠤ ᠠᠬᠤᠶᠢᠯᠠᠯ ᠢ 40 ᠠᠴᠠ ᠳᠡᠭᠡᠭᠰᠢ ᠰᠢᠨ᠎ᠡ ᠪᠠᠷ | ᠨᠡᠮᠡᠭᠳᠡᠭᠦᠯᠦᠨ᠂ ᠦᠢᠯᠡᠴᠢᠯᠡᠭᠡᠨ ᠤ ᠦᠢᠯᠡᠰ ᠤᠨ ᠴᠢᠬᠤᠯᠠ ᠶᠡᠭᠡ ᠲᠥᠷᠥᠯ ᠵᠦᠢᠯ ᠢ 30 ᠠᠴᠠ ᠳᠡᠭᠡᠭᠰᠢ ᠪᠦᠲᠦᠭᠡᠨ | ᠪᠠᠶᠢᠭᠤᠯᠵᠤ᠂ ᠵᠢᠯ ᠤᠨ ᠳᠣᠲᠣᠷ᠎ᠠ 4.8 ᠲᠦᠮᠡ ᠠᠴᠠ ᠳᠡᠭᠡᠭᠰᠢ ᠬᠥᠮᠥᠨ ᠳᠤ ᠰᠢᠨ᠎ᠡ ᠪᠠᠷ ᠠᠵᠢᠯ ᠣᠯᠭᠤᠬᠤ ᠶᠢ | ᠳᠠᠶᠢᠴᠢᠯᠠᠨ᠎ᠠ᠃ | ︵ᠬᠤᠶᠠᠷ︶ ︽ᠠᠵᠢᠯ ᠣᠯᠭᠤᠯᠲᠠ ᠪᠠᠷ ᠠᠵᠤ ᠠᠬᠤᠶᠢᠯᠠᠯ ᠢ ᠲᠤᠰᠠᠯᠠᠬᠤ︾ ᠠᠵᠢᠯᠯᠠᠭ᠎ᠠ ᠶᠢ | ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ︽ᠵᠢᠷᠭᠤᠭᠠᠨ ᠶᠡᠭᠡ ᠠᠵᠤ | ᠦᠢᠯᠡᠰ ᠤᠨ ᠪᠥᠭᠡᠮᠨᠡᠷᠡᠯ︾ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ | ᠲᠥᠪᠯᠡᠷᠡᠭᠦᠯᠦᠨ᠂ ︽ᠠᠵᠤ ᠠᠬᠤᠶᠢᠯᠠᠯ ᠢ ᠰᠤᠷᠪᠤᠯᠵᠢᠯᠠᠵᠤ ᠠᠵᠢᠯ ᠤᠨ ᠪᠠᠶᠢᠷᠢ ᠡᠷᠢᠬᠦ︾᠂ ︽ᠪᠡᠶ᠎ᠡ ᠳᠤᠨᠢ | ᠲᠣᠬᠢᠷᠠᠭᠤᠯᠤᠨ ᠲᠣᠭᠲᠠᠭᠠᠬᠤ︾᠂ ︽ᠠᠵᠢᠯᠲᠠᠨ ᠡᠯᠰᠡᠬᠦ ᠲᠤᠰᠬᠠᠢ ᠠᠵᠢᠯᠯᠠᠭ᠎ᠠ︾ ᠶᠢᠨ ᠦᠢᠯᠡᠴᠢᠯᠡᠭᠡᠨ ᠤ | ᠠᠵᠢᠯᠯᠠᠭ᠎ᠠ ᠶᠢ 100 ᠠᠴᠠ ᠳᠡᠭᠡᠭᠰᠢ ᠤᠳᠠᠭ᠎ᠠ ᠥᠷᠨᠢᠭᠦᠯᠦᠨ᠎ᠡ᠃ | ︵ᠭᠤᠷᠪᠠ︶ ︽ᠤᠷ᠎ᠠ ᠮᠡᠷᠭᠡᠵᠢᠯ ᠢ ᠳᠡᠭᠡᠭᠰᠢᠯᠡᠭᠦᠯᠬᠦ︾ ᠠᠵᠢᠯᠯᠠᠭ᠎ᠠ ᠶᠢ ᠬᠡᠷᠡᠭᠵᠢᠭᠦᠯᠦᠨ᠎ᠡ᠃ ᠨᠡᠶᠢᠲᠡ 2 | ᠵᠦᠢᠯ ᠤᠨ ᠠᠷᠭ᠎ᠠ ᠬᠡᠮᠵᠢᠶ᠎ᠡ ᠲᠠᠢ᠃ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠠ ᠤᠷ᠎ᠠ ᠴᠢᠳᠠᠪᠤᠷᠢ ᠶᠢᠨ | ᠪᠣᠯᠪᠠᠰᠤᠷᠠᠭᠤᠯᠤᠯ ᠢ 100 ᠠᠴᠠ ᠳᠡᠭᠡᠭᠰᠢ ᠤᠳᠠᠭ᠎ᠠ ᠥᠷᠨᠢᠭᠦᠯᠵᠦ᠂ ᠣᠶᠤᠲᠠᠳ ᠢ 5000 ᠬᠥᠮᠥᠨ ᠤᠳᠠᠭ᠎ᠠ | ᠠᠴᠠ ᠳᠡᠭᠡᠭᠰᠢ ᠪᠣᠯᠪᠠᠰᠤᠷᠠᠭᠤᠯᠤᠨ᠎ᠠ︔ ᠳᠤᠮᠳᠠ ᠵᠡᠷᠭᠡ ᠶᠢᠨ ᠠᠵᠢᠯᠴᠢᠨ ᠠᠴᠠ ᠳᠡᠭᠡᠭᠰᠢᠬᠢ ᠵᠠᠯᠠᠭᠤ ᠮᠡᠷᠭᠡᠵᠢᠯ ᠤᠨ | ᠠᠵᠢᠯᠴᠢᠨ ᠢ 8000 ᠠᠴᠠ ᠳᠡᠭᠡᠭᠰᠢ ᠰᠢᠨ᠎ᠡ ᠪᠠᠷ ᠨᠡᠮᠡᠭᠳᠡᠭᠦᠯᠵᠦ᠂ ᠨᠢᠭᠡ ᠪᠦᠯᠦᠭ ᠰᠢᠨ᠎ᠡ ᠴᠠᠭ ᠦᠶ᠎ᠡ ᠶᠢᠨ ᠵᠠᠯᠠᠭᠤ | ᠤᠷᠠᠨ ᠲᠠᠷᠬᠠᠨ ᠤ ᠨᠡᠶᠢᠲᠡᠯᠢᠭ ᠵᠢᠱᠢᠶ᠎ᠡ ᠶᠢ ᠭᠤᠣᠯᠳᠠᠯᠭ᠎ᠠ ᠲᠠᠢ ᠪᠣᠶᠢᠵᠢᠭᠤᠯᠤᠨ᠎ᠠ᠃ | ︵ᠳᠥᠷᠪᠡ︶ ︽ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠶᠢ ᠳᠡᠭᠡᠭᠰᠢᠯᠡᠭᠦᠯᠬᠦ︾ | ᠠᠵᠢᠯᠯᠠᠭ᠎ᠠ ᠶᠢ ᠬᠡᠷᠡᠭᠵᠢᠭᠦᠯᠦᠨ᠎ᠡ᠃ ᠨᠡᠶᠢᠲᠡ 2 ᠵᠦᠢᠯ ᠤᠨ ᠠᠷᠭ᠎ᠠ ᠬᠡᠮᠵᠢᠶ᠎ᠡ ᠲᠠᠢ᠃ ᠬᠦᠴᠦᠨ ᠢᠶᠠᠨ | ᠲᠥᠪᠯᠡᠷᠡᠭᠦᠯᠦᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠵᠡᠷᠭᠡ ᠲᠠᠰ ᠢ ᠳᠡᠪᠰᠢᠭᠦᠯᠵᠦ᠂ | ᠤᠯᠤᠰ ᠤᠨ ᠲᠠᠰ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ | ᠬᠦᠷᠢᠶᠡᠯᠡᠩ ᠢ ᠪᠠᠶᠢᠭᠤᠯᠵᠤ᠂ ᠡᠵᠡᠩᠨᠡᠯᠲᠡ ᠶᠢᠨ ᠴᠢᠨᠠᠷᠲᠠᠢ ᠬᠥᠮᠥᠨ ᠤ ᠬᠦᠴᠦᠨ ᠤ ᠡᠬᠢ ᠪᠠᠶᠠᠯᠢᠭ ᠤᠨ | ᠪᠠᠶᠢᠭᠤᠯᠤᠮᠵᠢ ᠠᠴᠠ ᠵᠢᠷᠭᠤᠭᠠᠨ ᠶᠡᠭᠡ ᠠᠵᠤ ᠦᠢᠯᠡᠰ ᠤᠨ ᠬᠥᠲᠥᠴᠢ ᠠᠵᠤ ᠠᠬᠤᠶᠢᠯᠠᠯ ᠳᠤ ᠪᠠᠴᠢᠮ ᠳᠤᠲᠠᠭᠳᠠᠵᠤ | ᠪᠠᠶᠢᠭ᠎ᠠ ᠴᠢᠳᠠᠪᠤᠷᠢᠲᠠᠨ ᠪᠠ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠲᠠᠨ ᠡᠯᠰᠡᠬᠦ ᠶᠢ ᠵᠣᠷᠢᠭᠵᠢᠭᠤᠯᠤᠨ᠎ᠠ᠃ | ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭᠠᠨ ᠤ ᠲᠠᠪᠴᠠᠩ ᠪᠠ ᠬᠦᠷᠢᠶᠡᠯᠡᠩ ᠠᠵᠤ ᠠᠬᠤᠶᠢᠯᠠᠯ ᠤᠨ | ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠣᠯᠠᠨ ᠡᠰᠢᠵᠢᠭᠰᠡᠨ ᠬᠥᠮᠥᠨ ᠤ ᠬᠦᠴᠦᠨ ᠤ ᠡᠬᠢ ᠪᠠᠶᠠᠯᠢᠭ ᠤᠨ | ᠦᠢᠯᠡᠴᠢᠯᠡᠭᠡ ᠬᠠᠩᠭᠠᠨ᠎ᠠ᠃ | ︵ᠲᠠᠪᠤ︶ ︽ᠠᠳᠠᠯ ᠦᠢᠯᠡᠰ ᠴᠣᠭᠴᠠᠯᠠᠬᠤ ᠶᠢ ᠲᠤᠰᠠᠯᠠᠬᠤ︾ ᠠᠵᠢᠯᠯᠠᠭ᠎ᠠ ᠶᠢ ᠬᠡᠷᠡᠭᠵᠢᠭᠦᠯᠦᠨ᠎ᠡ᠃ | ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ᠢᠯᠡ ᠲᠣᠳᠣ ᠣᠨᠴᠠᠯᠢᠭ ᠲᠠᠢ᠂ ᠪᠦᠷᠢᠨ ᠲᠡᠭᠦᠯᠳᠡᠷ | ᠴᠢᠳᠠᠪᠤᠷᠢ ᠲᠠᠢ ᠠᠳᠠᠯ ᠦᠢᠯᠡᠰ ᠴᠣᠭᠴᠠᠯᠠᠬᠤ ᠠᠴᠢᠶᠠᠯᠠᠪᠤᠷᠢ ᠶᠢ 10 ᠠᠴᠠ ᠳᠡᠭᠡᠭᠰᠢ ᠪᠣᠶ ᠪᠣᠯᠭᠠᠵᠤ᠂ 5000 | ᠠᠴᠠ ᠳᠡᠭᠡᠭᠰᠢ ᠬᠥᠮᠥᠨ ᠢ ᠵᠣᠬᠢᠶᠠᠨ ᠪᠠᠶᠢᠭᠤᠯᠤᠨ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠳᠤ | ᠣᠷᠣᠯᠴᠠᠭᠤᠯᠵᠤ᠂ ᠠᠳᠠᠯ ᠦᠢᠯᠡᠰ ᠴᠣᠭᠴᠠᠯᠠᠬᠤ ᠪᠠᠲᠤᠯᠠᠭᠠᠲᠤ ᠵᠢᠭᠡᠯᠡᠯᠭᠡ ᠶᠢ 1 ᠳ᠋ᠦᠩᠰᠢᠭᠤᠷ ᠲᠥᠭᠦᠷᠢᠭ ᠠᠴᠠ | ᠳᠡᠭᠡᠭᠰᠢ ᠲᠠᠯᠪᠢᠨ᠎ᠠ᠃ | ︵ᠵᠢᠷᠭᠤᠭ᠎ᠠ︶ ︽ᠴᠢᠳᠠᠪᠤᠷᠢᠲᠠᠨ ᠡᠯᠰᠡᠵᠦ ᠤᠶᠤᠨ ᠤᠬᠠᠭᠠᠨ ᠣᠷᠣᠭᠤᠯᠬᠤ︾ ᠠᠵᠢᠯᠯᠠᠭ᠎ᠠ ᠶᠢ | ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ᠣᠷᠣᠨ ᠤ ᠭᠠᠳᠠᠨᠠᠬᠢ ᠳᠡᠭᠡᠳᠦ | ᠵᠡᠷᠭᠡ ᠶᠢᠨ ᠰᠤᠷᠭᠠᠭᠤᠯᠢ ᠳᠤ ᠢᠳᠡᠪᠬᠢᠲᠡᠢ ᠪᠠᠷ ᠬᠦᠷᠴᠦ ᠴᠢᠳᠠᠪᠤᠷᠢᠲᠠᠨ ᠡᠯᠰᠡᠨ ᠤᠶᠤᠨ ᠤᠬᠠᠭᠠᠨ ᠣᠷᠣᠭᠤᠯᠬᠤ | ᠠᠵᠢᠯᠯᠠᠭ᠎ᠠ ᠥᠷᠨᠢᠭᠦᠯᠵᠦ᠂ ᠪᠦᠬᠦ ᠬᠤᠳᠠ ᠳᠤ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠲᠤ 2000 | ᠠᠴᠠ ᠳᠡᠭᠡᠭᠰᠢ ᠤᠨ ᠠᠵᠢᠯ ᠤᠨ ᠪᠠᠶᠢᠷᠢ ᠶᠢ ᠬᠠᠩᠭᠠᠵᠤ᠂ ᠦᠨᠳᠦᠰᠦᠨ ᠱᠠᠲᠤᠨ ᠤ ᠦᠢᠯᠡᠴᠢᠯᠡᠭᠡᠨ ᠤ ᠵᠦᠢᠯᠡᠰ ᠲᠤ | 4000 ᠠᠴᠠ ᠳᠡᠭᠡᠭᠰᠢ ᠣᠶᠤᠲᠠᠨ ᠢ ᠰᠢᠩᠭᠡᠭᠡᠨ᠎ᠡ᠃ | ︵ᠳᠣᠯᠤᠭ᠎ᠠ︶ ︽ᠰᠤᠷᠭᠠᠭᠤᠯᠢ ᠳᠤ ᠣᠷᠣᠵᠤ ᠠᠵᠢᠯ ᠤᠨ ᠪᠠᠶᠢᠷᠢ ᠬᠦᠷᠭᠡᠬᠦ︾ ᠠᠵᠢᠯᠯᠠᠭ᠎ᠠ ᠶᠢ | ᠬᠡᠷᠡᠭᠵᠢᠭᠦᠯᠦᠨ᠎ᠡ᠃ ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ᠬᠥᠬᠡᠬᠤᠲᠠ ᠳᠤ ᠰᠠᠭᠤᠭ᠎ᠠ | ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠤ ᠦᠢᠯᠡᠴᠢᠯᠡᠭᠡᠨ ᠤ ᠠᠵᠢᠯ ᠤᠨ ᠥᠷᠲᠡᠭᠡ ᠶᠢᠨ ᠴᠢᠳᠠᠮᠵᠢ ᠶᠢ | ᠪᠠᠳᠠᠷᠠᠭᠤᠯᠤᠨ᠂ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶᠡᠨ ᠤ ᠰᠦᠯᠵᠢᠶ᠎ᠡ ᠬᠢᠭᠡᠳ ᠣᠯᠠᠨ | ᠨᠡᠶᠢᠲᠡ ᠶᠢᠨ ᠠᠵᠢᠯ ᠣᠯᠭᠤᠯᠲᠠ ᠴᠢᠳᠠᠪᠤᠷᠢᠲᠠᠨ ᠤ ᠦᠢᠯᠡᠴᠢᠯᠡᠭᠡᠨ ᠤ ᠰᠦᠯᠵᠢᠶ᠎ᠡ ᠶᠢ ᠪᠦᠬᠦ ᠲᠠᠯ᠎ᠠ ᠪᠠᠷ | ᠵᠠᠯᠭᠠᠯᠳᠤᠬᠤ ᠶᠢ ᠠᠬᠢᠭᠤᠯᠵᠤ᠂ ᠠᠵᠢᠯ ᠣᠯᠭᠤᠬᠤ ᠲᠥᠷᠥ ᠶᠢᠨ ᠪᠣᠳᠣᠯᠭ᠎ᠠ ᠶᠢ ᠰᠤᠷᠭᠠᠭᠤᠯᠢ ᠶᠢᠨ ᠬᠦᠷᠢᠶᠡᠨ ᠳᠤ | ᠣᠷᠣᠭᠤᠯᠬᠤ ᠠᠵᠢᠯᠯᠠᠭ᠎ᠠ ᠶᠢ 30 ᠠᠴᠠ ᠳᠤᠲᠠᠭᠤ ᠦᠭᠡᠢ ᠤᠳᠠᠭ᠎ᠠ ᠥᠷᠨᠢᠭᠦᠯᠵᠦ᠂ ᠵᠢᠯ ᠤᠨ ᠳᠣᠲᠣᠷ᠎ᠠ | ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ | ᠣᠯᠭᠤᠯᠲᠠ ᠶᠢ 90% ᠠᠴᠠ ᠳᠡᠭᠡᠭᠰᠢ ᠬᠦᠷᠭᠡᠨ᠎ᠡ᠃ | ︵ᠨᠠᠢᠮᠠ︶ ︽ᠠᠮᠤᠭᠤᠯᠠᠩ ᠣᠷᠣᠨ ᠰᠠᠭᠤᠴᠠ ᠶᠢᠨ ᠪᠠᠲᠤᠯᠠᠭ᠎ᠠ︾ ᠶᠢᠨ ᠠᠵᠢᠯᠯᠠᠭ᠎ᠠ ᠶᠢ ᠬᠡᠷᠡᠭᠵᠢᠭᠦᠯᠦᠨ᠎ᠡ᠃ | ᠡᠭᠦᠨ ᠳᠤ ᠨᠡᠶᠢᠲᠡ 3 ᠵᠦᠢᠯ ᠤᠨ ᠠᠷᠭ᠎ᠠ ᠬᠡᠮᠵᠢᠶ᠎ᠡ ᠲᠠᠢ᠃ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ | 2000 ᠢᠵᠢ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 3000 ᠢᠵᠢ ᠴᠤᠭᠯᠠᠭᠤᠯᠤᠨ᠎ᠠ | ᠃ ᠭᠡᠷ ᠪᠠᠶᠢᠰᠢᠩ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢᠨ ᠥᠭᠬᠦ | ᠶᠣᠰᠣᠲᠠᠢ ᠶᠢ ᠪᠦᠬᠦᠨ ᠢ ᠥᠭᠴᠦ᠂ ᠡᠳ᠋ᠯᠡᠬᠦ ᠶᠣᠰᠣᠲᠠᠢ ᠪᠦᠬᠦᠨ ᠳᠤᠨᠢ ᠡᠳ᠋ᠯᠡᠭᠦᠯᠦᠨ᠎ᠡ᠃ ᠬᠦᠷᠢᠶᠡᠯᠡᠩ ᠲᠣᠭᠤᠷᠢᠭ᠂ | ᠠᠵᠤ ᠠᠬᠤᠶᠢᠯᠠᠯ ᠠᠵᠢᠯᠲᠠᠨ ᠠᠵᠢᠯᠴᠢᠨ ᠤ ᠪᠠᠶᠢᠷᠢ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠵᠡᠷᠭᠡ ᠢᠵᠢ | ᠪᠦᠷᠢᠳᠦᠭᠦᠯᠬᠦ ᠪᠡᠯᠡᠳᠬᠡᠮᠵᠢ ᠪᠠᠶᠢᠭᠤᠯᠬᠤ ᠶᠢ ᠵᠣᠷᠢᠭᠵᠢᠭᠤᠯᠵᠤ᠂ ᠣᠶᠤᠲᠠᠳ ᠤᠨ ᠣᠷᠣᠨ ᠰᠠᠭᠤᠴᠠ ᠶᠢᠨ ᠬᠡᠷᠡᠭᠴᠡᠭᠡ | ᠱᠠᠭᠠᠷᠳᠠᠯᠭ᠎ᠠ ᠶᠢ ᠪᠥᠬᠦ ᠲᠠᠯ᠎ᠠ ᠪᠠᠷ ᠬᠠᠩᠭᠠᠨ᠎ᠠ᠃ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢᠨ ᠢᠷᠡᠯᠲᠡ᠄ ᠬᠤᠲᠠ ᠶᠢᠨ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ | | ᠬᠠᠷᠢᠯᠴᠠᠬᠤ ᠤᠲᠠᠰᠤ᠄ 5181201 | | |