ᠦᠴᠦᠸᠠᠨ ᠰᠢᠶᠠᠨ ᠤ ᠭᠤᠷᠪᠠᠳᠤᠭᠠᠷ ᠤᠳᠠᠭᠠᠨ ᠤ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠪᠠ
ᠨᠡᠶᠢᠲᠡᠯᠡᠭᠰᠡᠨ ᠴᠠᠭ᠄
2024/1/19
     1 ᠰᠠᠷ᠎ᠠ ᠶᠢᠨ 16 ᠤ ᠡᠳᠦᠷ᠂ ᠦᠴᠦᠸᠠᠨ ᠰᠢᠶᠠᠨ ᠤ ᠭᠤᠷᠪᠠᠳᠤᠭᠠᠷ ᠤᠳᠠᠭᠠᠨ ᠤ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠵᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠳ᠋ᠦᠩ ᠨᠤᠸᠠᠨ ᠬᠤᠷᠠᠯ ᠳᠤ ᠣᠷᠣᠯᠴᠠᠪᠠ︔ ᠡᠯ᠎ᠡ ᠰᠢᠶᠠᠩ ᠪᠠᠯᠭᠠᠰᠤᠨ ᠤ ᠨᠢᠭᠡᠳᠦᠮᠡᠯ ᠹᠷᠣᠨᠲ ᠤᠨ ᠭᠡᠰᠢᠭᠦᠨ᠂ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠲᠥᠯᠥᠭᠡᠯᠡᠭᠴᠢᠳ ᠬᠤᠷᠠᠯ ᠳᠤ ᠰᠤᠯᠠ ᠣᠷᠣᠯᠴᠠᠪᠠ︔ ᠬᠤᠳᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠡᠳ᠋ ᠳᠠᠷᠤᠭ᠎ᠠ᠂ ᠬᠤᠳᠠ ᠶᠢᠨ ᠬᠠᠷᠢᠶᠠᠲᠤ ᠨᠠᠷ ᠤᠨ ᠬᠤᠯᠪᠣᠭ᠎ᠠ ᠶᠢᠨ ᠲᠡᠷᠢᠭᠦᠯᠡᠭᠴᠢ ᠾᠧ ᠶᠦᠨ ᠯᠦᠩ᠂ ᠬᠤᠳᠠ ᠶᠢᠨ ᠬᠠᠷᠢᠶᠠᠲᠤ ᠨᠠᠷ ᠤᠨ ᠬᠤᠯᠪᠣᠭ᠎ᠠ ᠶᠢᠨ ᠳᠡᠳ᠋ ᠲᠡᠷᠢᠭᠦᠯᠡᠭᠴᠢ ᠼᠤᠤ ᠬᠤᠩ ᠸᠧᠢ ᠬᠤᠷᠠᠯ ᠳᠤ ᠣᠷᠣᠯᠴᠠᠵᠤ ᠪᠠᠶᠠᠷ ᠬᠦᠷᠭᠡᠪᠡ᠃
     ᠬᠤᠷᠠᠯ ᠠᠴᠠ ︽ᠦᠴᠦᠸᠠᠨ ᠰᠢᠶᠠᠨ ᠤ ᠭᠤᠷᠪᠠᠳᠤᠭᠠᠷ ᠤᠳᠠᠭᠠᠨ ᠤ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠠ ᠬᠠᠷᠢᠶᠠᠲᠤ ᠨᠠᠷ ᠤᠨ ᠭᠡᠷ ᠪᠦᠯᠢ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠠᠵᠢᠯ ᠤᠨ ᠮᠡᠳᠡᠭᠦᠯᠦᠯᠲᠡ︾ ᠶᠢ ᠰᠣᠨᠣᠰᠴᠤ᠂ ᠦᠴᠦᠸᠠᠨ ᠰᠢᠶᠠᠨ ᠤ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠭᠤᠷᠪᠠᠳᠤᠭᠠᠷ ᠬᠤᠭᠤᠴᠠᠭᠠᠨ ᠤ ᠵᠥᠪᠯᠡᠯ ᠤᠨ ᠭᠡᠰᠢᠭᠦᠨ ᠢ ᠰᠣᠩᠭᠤᠪᠠ᠃ ᠾᠧ ᠶᠦᠨ ᠯᠦᠩ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠪᠠᠶᠠᠷ ᠬᠦᠷᠭᠡᠵᠦ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ ᠦᠴᠦᠸᠠᠨ ᠰᠢᠶᠠᠨ ᠤ ᠤᠷᠲᠤ ᠬᠤᠭᠤᠴᠠᠭᠠᠨ ᠤ ᠲᠤᠷᠰᠢᠬᠢ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠵᠦ᠂ ᠲᠡᠷᠡ ᠵᠢᠭᠠᠵᠤ ᠭᠠᠷᠭᠠᠭᠰᠠᠨ  ᠨᠢ᠂ ᠬᠠᠷᠢᠶᠠᠲᠤ ᠨᠠᠷ ᠤᠨ ᠬᠤᠯᠪᠣᠭ᠎ᠠ ᠪᠣᠯ ᠨᠠᠮ ᠪᠣᠯᠣᠨ ᠵᠠᠰᠠᠭ ᠤᠨ ᠣᠷᠳᠣᠨ ᠤ ᠥᠷᠭᠡᠨ ᠣᠯᠠᠨ ᠤᠯᠤᠰ ᠲᠠᠭᠠᠨ ᠪᠤᠴᠠᠵᠤ ᠢᠷᠡᠭᠰᠡᠨ ᠬᠠᠷᠢᠶᠠᠲᠤ ᠨᠠᠷ ᠪᠣᠯᠣᠨ ᠬᠠᠷᠢᠶᠠᠲᠤ ᠨᠠᠷ ᠤᠨ ᠭᠡᠷ ᠪᠦᠯᠢ ᠪᠣᠯᠣᠨ ᠭᠠᠳᠠᠭᠠᠳᠤ ᠳᠤ ᠰᠠᠭᠤᠭ᠎ᠠ ᠬᠠᠷᠢᠶᠠᠲᠤ ᠠᠬ᠎ᠠ ᠳᠡᠭᠦᠦ ᠨᠠᠷ ᠲᠠᠢ ᠨᠢᠭᠲᠠ ᠬᠠᠷᠢᠯᠴᠠᠬᠤ ᠬᠥᠭᠦᠷᠭᠡ ᠬᠤᠯᠪᠣᠭᠠᠰᠤ ᠮᠥᠨ᠂ ᠨᠠᠮ ᠤᠨ ᠬᠠᠷᠢᠶᠠᠲᠤ ᠨᠠᠷ ᠤᠨ ᠬᠤᠯᠪᠣᠭ᠎ᠠ ᠶᠢᠨ ᠦᠢᠯᠡᠰ ᠲᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠬᠤᠨ ᠢ ᠭᠦᠨᠵᠡᠭᠡᠢ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠠᠴᠠ ᠲᠣᠭᠲᠠᠭᠠᠭᠰᠠᠨ ᠲᠡᠮᠡᠴᠡᠯ ᠤᠨ ᠬᠠᠷᠠᠯᠲᠠ᠂ ᠡᠭᠦᠷᠭᠡ ᠬᠠᠷᠢᠭᠤᠴᠠᠯᠭ᠎ᠠ ᠶᠢᠨ ᠲᠣᠭᠤᠷᠢᠨ ᠳᠤ᠂ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠤᠨ ᠣᠷᠣᠰᠢᠵᠤ ᠪᠠᠶᠢᠭ᠎ᠠ ᠲᠡᠦᠬᠡᠨ ᠣᠷᠣᠨ ᠪᠠᠶᠢᠷᠢ᠂ ᠡᠭᠦᠷᠭᠡᠯᠡᠵᠦ ᠪᠠᠶᠢᠭ᠎ᠠ ᠲᠡᠦᠬᠡᠲᠦ ᠡᠭᠦᠷᠭᠡ᠂ ᠡᠭᠦᠷᠭᠡᠯᠡᠵᠦ ᠪᠠᠶᠢᠭ᠎ᠠ ᠲᠡᠦᠬᠡᠲᠦ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠪᠣᠳᠣᠯᠬᠢᠯᠠᠵᠤ᠂ ᠴᠤᠭ ᠪᠠᠳᠠᠷᠠᠩᠭᠤᠢ ᠡᠷᠡᠯᠬᠡᠭᠯᠡᠨ ᠤᠷᠤᠭᠰᠢᠯᠠᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠮᠠᠭᠲᠠ ᠪᠠᠷᠢᠮᠲᠠᠯᠠᠵᠤ᠂ ᠠᠯᠢᠪᠠ ᠪᠦᠬᠦᠨ ᠠᠷᠠᠳ ᠲᠦᠮᠡᠨ ᠤ ᠲᠥᠯᠥᠭᠡ ᠪᠠᠶᠢᠬᠤ᠂ ᠠᠯᠢᠪᠠ ᠪᠦᠬᠦᠨ ᠳᠤ ᠠᠷᠠᠳ ᠲᠦᠮᠡᠨ ᠢ ᠲᠦᠰᠢᠭᠯᠡᠬᠦ ᠶᠢ ᠢᠮᠠᠭᠲᠠ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠬᠤ ᠶᠢ ᠢᠮᠠᠭᠲᠠ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠬᠠᠷᠢᠶᠠᠲᠤ ᠨᠠᠷ ᠤᠨ ᠬᠤᠯᠪᠣᠭ᠎ᠠ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠲᠠᠰᠤᠷᠠᠯᠲᠠ ᠦᠭᠡᠢ ᠠᠬᠢᠭᠤᠯᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠵᠡᠢ᠃      ᠰᠢᠨ᠎ᠡ ᠪᠠᠷ ᠰᠣᠩᠭᠤᠭᠳᠠᠭᠰᠠᠨ ᠦᠴᠦᠸᠠᠨ ᠰᠢᠶᠠᠨ ᠤ ᠤᠯᠤᠰ ᠲᠠᠭᠠᠨ ᠪᠤᠴᠠᠵᠤ ᠢᠷᠡᠭᠰᠡᠨ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭᠠᠲᠤ ᠬᠤᠷᠠᠯ ᠤᠨ ᠵᠥᠪᠯᠡᠯ ᠤᠨ ᠭᠡᠰᠢᠭᠦᠨ ᠢᠯᠡᠷᠬᠡᠶᠢᠯᠡᠬᠦ ᠳᠡᠭᠡᠨ᠂ ᠬᠤᠶᠢᠰᠢᠳᠠ ᠳᠤᠮᠳᠠᠳᠤ ᠶᠢᠨ ᠬᠠᠷᠢᠶᠠᠲᠤ ᠨᠠᠷ ᠤᠨ ᠬᠤᠯᠪᠣᠭ᠎ᠠ ᠶᠢᠨ ᠬᠢᠨ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠶᠠᠷ ᠶᠡᠭᠡ ᠶᠠᠪᠤᠳᠠᠯ ᠢ ᠰᠠᠶᠢᠲᠤᠷ ᠠᠳᠬᠤᠨ ᠪᠣᠳᠠᠲᠠᠢ ᠠᠵᠢᠯᠯᠠᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠪᠦᠯᠬᠦᠮᠳᠡᠨ ᠲᠡᠮᠡᠴᠡᠵᠦ᠂ ᠦᠴᠦᠸᠠᠨ ᠰᠢᠶᠠᠨ ᠤ ᠴᠢᠨᠠᠷ ᠰᠠᠶᠢᠲᠠᠢ ᠬᠥᠭᠵᠢᠯᠲᠡ ᠳᠤ ᠳᠤᠮᠳᠠᠳᠤ ᠶᠢᠨ ᠬᠠᠷᠢᠶᠠᠲᠤ ᠨᠠᠷ ᠤᠨ ᠡᠲᠡᠭᠡᠳ ᠤᠨ ᠬᠢᠨ ᠤ ᠨᠡᠩ ᠶᠡᠭᠡ ᠬᠦᠴᠦᠨ ᠴᠢᠳᠠᠯ ᠢᠶᠠᠨ ᠡᠷᠭᠦᠬᠦ ᠪᠠᠷ ᠴᠢᠷᠮᠠᠶᠢᠨ᠎ᠠ ᠭᠡᠵᠡᠢ᠃ ︵ᠰᠤᠷᠪᠤᠯᠵᠢᠯᠠᠭᠴᠢ᠄ ᠵᠤᠤ ᠯᠧ᠂ ᠴᠧᠨ ᠪᠦᠥᠸ᠋︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号