ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠦᠴᠦᠸᠠᠨ ᠰᠢᠶᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠵᠢᠭᠠᠨ ᠵᠢᠯᠤᠭᠤᠳᠴᠤ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠪᠠ
ᠨᠡᠶᠢᠲᠡᠯᠡᠭᠰᠡᠨ ᠴᠠᠭ᠄
2024/1/19
     1 ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠵᠢᠯᠤᠭᠤᠳᠬᠤ ᠭᠠᠵᠠᠷ ᠤᠨ ᠠᠯᠪᠠᠨ ᠭᠡᠷ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠮᠠᠨ ᠤ ᠰᠢᠶᠠᠨ ᠤ ᠬᠥᠬᠡ ᠡᠷᠭᠢ ᠪᠠᠯᠭᠠᠰᠤᠨ ᠤ ᠳᠡᠭᠡᠷᠮᠡᠳᠦ ᠲᠣᠰᠬᠤᠨ ᠳᠤ ᠬᠦᠷᠴᠦ ᠡᠪᠦᠯ ᠬᠠᠪᠤᠷ ᠤᠨ ᠠᠪᠤᠷᠠᠨ ᠲᠤᠰᠠᠯᠠᠬᠤ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠤᠭᠤᠳᠴᠤ᠂ ᠭᠠᠮᠰᠢᠭᠳᠠᠭᠰᠠᠨ ᠬᠦᠴᠢᠷᠳᠡᠯᠲᠡᠢ ᠣᠯᠠᠨ ᠲᠦᠮᠡᠨ ᠢ ᠲᠣᠬᠤᠨᠢᠭᠤᠯᠤᠭᠰᠠᠨ ᠪᠥᠭᠡᠳ ᠲᠡᠳᠡᠨ ᠳᠤ ᠲᠣᠬᠤᠨᠢᠭᠤᠯᠬᠤ ᠮᠥᠩᠭᠦ ᠪᠠ ᠠᠮᠢᠳᠤᠷᠠᠯ ᠤᠨ ᠡᠳ᠋ ᠪᠣᠳᠠᠰ ᠬᠦᠷᠭᠡᠪᠡ᠃ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠬᠠᠳᠠ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃      2023 ᠣᠨ ᠳᠤ᠂ ᠦᠴᠦᠸᠠᠨ ᠰᠢᠶᠠᠨ ᠳᠤ ᠭᠠᠩ ᠬᠠᠭᠰᠠᠷᠭᠠᠨ᠂ ᠮᠥᠨᠳᠥᠷ ᠪᠠ ᠰᠢᠷᠦᠭᠦᠨ ᠪᠣᠷᠣᠭᠠᠨ ᠣᠷᠣᠭᠰᠠᠨ ᠠᠴᠠ ᠬᠡᠰᠡᠭ ᠰᠢᠶᠠᠩ ᠪᠠᠯᠭᠠᠰᠤ ᠠᠳᠠᠯᠢ ᠪᠤᠰᠤ ᠬᠡᠮᠵᠢᠶ᠎ᠡ ᠪᠠᠷ ᠭᠠᠮᠰᠢᠭᠳᠠᠭᠰᠠᠨ ᠳᠤ ᠦᠴᠦᠸᠠᠨ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠭᠰᠡᠨ ᠪᠥᠭᠡᠳ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢ ᠴᠠᠭ ᠲᠤᠬᠠᠢ ᠳᠤᠨᠢ ᠭᠠᠮᠰᠢᠭ ᠤᠨ ᠪᠠᠶᠢᠳᠠᠯ ᠢ ᠳᠡᠭᠡᠭᠰᠢ ᠮᠡᠳᠡᠭᠦᠯᠬᠦ ᠶᠢ ᠱᠠᠭᠠᠷᠳᠠᠵᠤ᠂ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠲᠢᠩᠬᠢᠮ ᠪᠠ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ ᠶᠢᠨ ᠬᠦᠴᠦᠲᠡᠢ ᠳᠡᠮᠵᠢᠯᠭᠡ ᠶᠢ ᠣᠯᠪᠠ᠃      ᠡᠭᠦᠨ ᠠᠴᠠ ᠡᠮᠦᠨ᠎ᠡ᠂ ᠦᠴᠦᠸᠠᠨ ᠰᠢᠶᠠᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠭᠠᠮᠰᠢᠭ ᠠᠴᠠ ᠠᠪᠤᠷᠠᠬᠤ ᠡᠳ᠋ ᠪᠣᠳᠠᠰ ᠢ ᠡᠯ᠎ᠡ ᠰᠢᠶᠠᠩ ᠪᠠᠯᠭᠠᠰᠤᠨ ᠳᠤ ᠲᠤᠰ ᠲᠤᠰ ᠲᠦᠭᠡᠭᠡᠵᠦ ᠥᠭᠭᠦᠭᠰᠡᠨ ᠪᠥᠭᠡᠳ ᠡᠯ᠎ᠡ ᠰᠢᠶᠠᠩ ᠪᠠᠯᠭᠠᠰᠤ ᠶᠢ ᠳᠡᠰ ᠳᠠᠷᠠᠭᠠᠯᠠᠯ ᠢ ᠴᠢᠩᠭ᠎ᠠ ᠵᠢᠷᠤᠮᠯᠠᠨ ᠲᠦᠭᠡᠭᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃ ᠣᠶᠢᠯᠠᠭᠠᠭᠰᠠᠨ ᠢᠶᠠᠷ᠂ ᠡᠨᠡ ᠤᠳᠠᠭ᠎ᠠ ᠭᠠᠮᠰᠢᠭ ᠠᠴᠠ ᠠᠪᠤᠷᠠᠬᠤ ᠡᠳ᠋ ᠪᠣᠳᠠᠰ 460 ᠬᠥᠪᠥᠩ ᠬᠤᠪᠴᠠᠰᠤ ᠪᠠ 2300 ᠬᠥᠪᠥᠩ ᠬᠥᠨᠵᠢᠯᠡ ᠶᠢ ᠲᠡᠮᠡᠴᠡᠨ ᠣᠯᠪᠠ᠂ ᠡᠲᠡᠭᠡᠷ ᠡᠳ᠋ ᠪᠣᠳᠠᠰ ᠢ ᠭᠠᠮᠰᠢᠭᠳᠠᠭᠰᠠᠨ ᠣᠯᠠᠨ ᠲᠦᠮᠡᠨ ᠤ ᠡᠪᠦᠯ ᠬᠠᠪᠤᠷ ᠤᠨ ᠬᠤᠭᠤᠴᠠᠭᠠᠨ ᠳᠠᠬᠢ ᠦᠨᠳᠦᠰᠦᠨ ᠠᠮᠢᠳᠤᠷᠠᠯ ᠤᠨ ᠬᠦᠴᠢᠷᠳᠡᠯ ᠢ ᠰᠢᠢᠳᠪᠦᠷᠢᠯᠡᠵᠦ᠂ ᠭᠤᠣᠯᠳᠠᠭᠤ ᠭᠠᠮᠰᠢᠭᠳᠠᠭᠰᠠᠨ ᠬᠥᠭᠰᠢᠨ ᠪᠠᠭᠤᠷᠠᠢ ᠡᠪᠡᠳᠴᠢᠲᠡᠨ ᠵᠡᠮᠳᠡᠭ ᠵᠡᠷᠭᠡ ᠣᠨᠴᠠᠭᠠᠶ ᠬᠠᠮᠲᠤᠯᠢᠭ ᠤᠨ ᠠᠪᠤᠷᠠᠨ ᠲᠤᠰᠠᠯᠠᠬᠤ ᠬᠡᠷᠡᠭᠴᠡᠭᠡ ᠶᠢ ᠪᠠᠲᠤᠯᠠᠬᠤ ᠳᠤ ᠬᠡᠷᠡᠭᠯᠡᠨ᠎ᠡ᠃ ︵ᠰᠤᠷᠪᠤᠯᠵᠢᠯᠠᠭᠴᠢ᠄  ᠶᠢᠨ ᠯᠣᠩᠬᠤ᠂ ᠹᠧᠩ ᠯᠢ ᠪᠢᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号