ᠦᠴᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ᠢᠳᠡᠷ ᠥᠲᠡᠯᠦᠭᠡ ᠨᠠᠰᠤᠨ ᠤ ᠬᠥᠮᠥᠰ ᠤᠨ ᠴᠠᠭᠠᠨ ᠰᠠᠷ᠎ᠠ ᠶᠢᠨ ᠬᠠᠮᠲᠤᠷᠠᠭᠰᠠᠨ ᠦᠳᠡᠰᠢᠯᠡᠭᠡ ᠶᠠᠪᠤᠭᠳᠠᠪᠠ
ᠨᠡᠶᠢᠲᠡᠯᠡᠭᠰᠡᠨ ᠴᠠᠭ᠄
2024/1/19
     ᠪᠠᠶᠠᠷ ᠤᠨ ᠳᠠᠭᠤᠤ ᠪᠥᠵᠢᠭ ᠢᠶᠠᠷ ᠴᠤᠭ ᠵᠢᠪᠬᠤᠭ᠎ᠠ ᠪᠠᠨ ᠪᠠᠳᠠᠷᠠᠭᠤᠯᠵᠤ᠂ ᠪᠠᠶᠠᠷ ᠪᠠᠶᠠᠰᠬᠤᠯᠠᠩ ᠲᠠᠢ ᠴᠠᠭᠠᠨ ᠰᠠᠷ᠎ᠠ ᠪᠠᠨ ᠤᠭᠲᠤᠨ᠎ᠠ᠃ 1 ᠰᠠᠷ᠎ᠠ ᠶᠢᠨ 16 ᠤ ᠡᠳᠦᠷ᠂ ᠦᠴᠦᠸᠠᠨ ᠰᠢᠶᠠᠨ ᠤ ᠨᠠᠰᠤᠲᠠᠶᠢᠴᠤᠳ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠨᠡᠶᠢᠭᠡᠮ ᠲᠣᠭᠤᠷᠢᠭ ᠤᠨ ᠰᠤᠷᠭᠠᠨ ᠬᠥᠮᠦᠵᠢᠯ ᠤᠨ ᠦᠴᠦᠸᠠᠨ ᠰᠢᠶᠠᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠲᠥᠪ ᠤᠨ ᠵᠢᠭᠠᠨ ᠰᠤᠷᠭᠠᠯᠲᠠ ᠶᠢᠨ ᠴᠡᠭ ᠠᠴᠠ ᠭᠤᠣᠯᠯᠠᠨ ᠡᠷᠭᠢᠯᠡᠭᠰᠡᠨ ᠦᠴᠦᠸᠠᠨ ᠰᠢᠶᠠᠨ ᠤ ᠠᠩᠬᠠᠳᠤᠭᠠᠷ ᠬᠤᠭᠤᠴᠠᠭᠠᠨ ᠤ ᠢᠳᠡᠷ ᠥᠲᠡᠯᠦᠭᠡ ᠨᠠᠰᠤᠨ ᠤ ᠬᠥᠮᠥᠰ ᠤᠨ ᠴᠠᠭᠠᠨ ᠰᠠᠷ᠎ᠠ ᠶᠢᠨ ᠦᠳᠡᠰᠢᠯᠡᠭᠡ ᠴᠢᠩ ᠱᠠᠨ ᠤᠷᠠᠨ ᠰᠠᠶᠢᠬᠠᠨ ᠤ ᠲᠠᠯᠠᠪᠠᠶ ᠳᠤ ᠶᠠᠪᠤᠭᠳᠠᠪᠠ᠃ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠶᠠᠨ ᠰᠢᠶᠠᠨ ᠦ᠋᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠨᠢᠦ ᠶᠤᠸᠠᠨ ᠵᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠷᠦᠩ ᠱᠢ ᠱᠧᠩ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢ ᠬᠤᠶ ᠦᠳᠡᠰᠢᠯᠡᠭᠡ ᠶᠢ ᠰᠣᠨᠢᠷᠬᠠᠪᠠ᠃
     ᠲᠣᠭᠯᠠᠯᠲᠠ ᠨᠢ ᠪᠠᠶᠠᠷ ᠪᠠᠶᠠᠰᠬᠤᠯᠠᠩᠲᠤ ᠳᠠᠭᠤᠤ ᠪᠥᠵᠢᠭ ᠤᠨ ᠲᠣᠭᠯᠠᠯᠲᠠ ︽ᠲᠡᠭᠷᠢ ᠭᠠᠵᠠᠷ ᠢ ᠪᠠᠶᠠᠰᠬᠠᠬᠤ︾ ᠳᠤᠮᠳᠠ ᠬᠥᠰᠢᠭᠡ ᠪᠠᠨ ᠰᠡᠬᠦᠵᠦ᠂ ᠭᠤᠴᠣᠯᠠᠯ ᠳᠠᠭᠤᠤ ︽ᠬᠤᠯᠤᠰᠤᠨ ᠴᠡᠴᠡᠭ︾᠂ ᠪᠥᠵᠢᠭ ︽ᠲᠦᠮᠡᠨ ᠬᠢᠵᠠᠭᠠᠷ︾᠂ ᠭᠤᠴᠣᠯᠠᠯ ᠳᠠᠭᠤᠤ ︽ᠮᠥᠷᠥᠭᠡᠳᠦᠯ︾᠂ ᠪᠥᠵᠢᠭ ︽ᠬᠤᠸᠠᠷ ᠫᠤᠤᠵᠢᠩ ᠭᠤᠷᠪᠠᠨ ᠰᠠᠷ᠎ᠠ ᠳᠤ ᠶᠠᠩᠵᠸᠤ ᠳᠤ ᠪᠠᠭᠤᠬᠤ︾᠂ ᠳᠠᠭᠤᠯᠠᠬᠤᠢ ᠶᠢᠨ ᠠᠩᠭᠢ ᠶᠢᠨ ᠨᠠᠶᠢᠷᠠᠯ ᠳᠠᠭᠤᠤ᠂ ᠦᠨᠳᠦᠰᠦᠲᠡᠨ ᠤ ᠬᠤᠪᠴᠠᠰᠤᠨ ᠤ ᠦᠵᠡᠭᠦᠯᠦᠯᠭᠡ᠂ ᠰᠠᠺᠰ ᠤᠨ ᠬᠥᠭᠵᠢᠮ ︽ᠪᠢ ᠡᠬᠡ ᠤᠯᠤᠰ ᠲᠠᠢ ᠪᠠᠨ︾ ᠵᠡᠷᠭᠡ ᠭᠤᠶᠢᠳᠠ ᠰᠠᠶᠢᠬᠠᠨ ᠲᠣᠭᠯᠠᠯᠲᠠ ᠡᠭᠡᠯᠵᠢᠯᠡᠨ ᠲᠣᠭᠯᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠠᠯᠠᠭ᠎ᠠ ᠲᠡᠰᠢᠯᠲᠡ ᠶᠢ ᠣᠯᠪᠠ᠃      ᠪᠦᠬᠦ ᠦᠳᠡᠰᠢᠯᠡᠭᠡ ᠶᠢᠨ 22 ᠲᠣᠭᠯᠠᠯᠲᠠ ᠨᠢ ᠮᠠᠨ ᠤ ᠰᠢᠶᠠᠨ ᠤ ᠢᠳᠡᠷ ᠥᠲᠡᠯᠦᠭᠡ ᠨᠠᠰᠤᠨ ᠤ ᠬᠥᠮᠥᠰ ᠤᠨ ᠪᠠᠶᠠᠯᠢᠭ ᠰᠠᠶᠢᠬᠠᠨ ᠠᠵᠢᠯ ᠤᠨ ᠴᠢᠯᠦᠭᠡᠨ ᠤ ᠰᠣᠶᠣᠯ ᠤᠨ ᠠᠮᠢᠳᠤᠷᠠᠯ ᠢ ᠳᠡᠯᠭᠡᠨ ᠦᠵᠡᠭᠦᠯᠵᠦ᠂ ᠦᠳᠡᠰᠢᠯᠡᠭᠡ ᠨᠢ ᠳᠠᠭᠤᠤ ᠪᠥᠵᠢᠭ ᠤᠨ ᠲᠣᠭᠯᠠᠯᠲᠠ᠂ ᠬᠥᠭᠵᠢᠮ᠂ ᠬᠤᠪᠴᠠᠰᠤ ᠵᠠᠰᠠᠯ ᠤᠨ ᠦᠵᠡᠭᠦᠯᠦᠯᠭᠡ᠂ ᠴᠠᠷᠭᠢᠯ ᠬᠤᠯᠪᠣᠭ᠎ᠠ᠂ ᠤᠷᠠᠨ ᠤᠩᠰᠢᠯᠭ᠎ᠠ ᠵᠡᠷᠭᠡ ᠣᠷᠣᠨ ᠨᠤᠲᠤᠭ ᠤᠨ ᠣᠨᠴᠠᠯᠢᠭ ᠲᠠᠢ ᠤᠷᠠᠨ ᠰᠠᠶᠢᠬᠠᠨ ᠤ ᠲᠣᠭᠯᠠᠯᠲᠠ ᠳᠤ ᠠᠭᠤᠰᠴᠤ᠂ ᠲᠣᠭᠯᠠᠯᠲᠠ ᠳᠤ ᠣᠷᠣᠯᠴᠠᠭᠰᠠᠳ ᠤᠨ ᠳᠤᠮᠳᠠᠴᠢ ᠨᠠᠰᠤ ᠨᠢ 50 ᠨᠠᠰᠤᠨ ᠠᠴᠠ ᠳᠡᠭᠡᠭᠰᠢ ᠪᠠᠶᠢᠵᠤ᠂ ᠦᠨᠳᠦᠰᠦᠨ ᠱᠠᠲᠤᠨ ᠤ ᠤᠷᠠᠨ ᠰᠠᠶᠢᠬᠠᠨ ᠤ ᠪᠦᠯᠬᠦᠮ ᠪᠣᠯᠣᠨ ᠨᠡᠶᠢᠭᠡᠮ ᠤᠨ ᠤᠷᠠᠨ ᠰᠠᠶᠢᠬᠠᠨ ᠳᠤ ᠪᠠᠭ᠋ᠠᠲᠠᠢ ᠬᠥᠮᠥᠰ  ᠢᠶᠠᠷ ᠪᠦᠷᠢᠯᠳᠦᠵᠦ᠂ ᠰᠢᠨ᠎ᠡ ᠴᠠᠭ ᠦᠶ᠎ᠡ ᠶᠢᠨ ᠢᠳᠡᠷ ᠥᠲᠡᠯᠦᠭᠡ ᠨᠠᠰᠤᠨ ᠤ ᠬᠥᠮᠥᠰ ᠤᠨ ᠢᠳᠡᠪᠬᠢᠲᠡᠢ ᠪᠠᠷ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠵᠦ᠂ ᠤᠷᠠᠯᠢᠭ ᠤᠨ ᠠᠭᠤᠷ ᠠᠮᠢᠰᠬᠤᠯ ᠢᠶᠠᠷ ᠲᠤᠶᠢᠯ ᠤᠨ ᠭᠦᠨ ᠵᠤᠵᠠᠭᠠᠨ ᠪᠠᠶᠢᠳᠠᠭ᠃      ᠲᠣᠰ ᠤᠳᠠᠭᠠᠨ ᠤ ᠴᠠᠭᠠᠨ ᠰᠠᠷ᠎ᠠ ᠶᠢᠨ ᠦᠳᠡᠰᠢᠯᠡᠭᠡ ᠶᠢ ᠡᠷᠭᠢᠯᠡᠭᠰᠡᠨ ᠨᠢ ᠢᠳᠡᠷ ᠥᠲᠡᠯᠦᠭᠡ ᠨᠠᠰᠤᠨ ᠤ ᠨᠠᠶᠢᠵᠠ ᠨᠠᠷ ᠲᠤ ᠠᠪᠢᠶᠠᠰ ᠴᠢᠳᠠᠪᠤᠷᠢ ᠪᠠᠨ ᠳᠡᠯᠭᠡᠨ ᠦᠵᠡᠭᠦᠯᠬᠦ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠪᠠᠰᠠ ᠮᠠᠨ ᠤ ᠰᠢᠶᠠᠨ ᠤ ᠥᠷᠭᠡᠨ ᠣᠯᠠᠨ ᠢᠳᠡᠷ ᠥᠲᠡᠯᠦᠭᠡ ᠨᠠᠰᠤᠨ ᠤ ᠬᠥᠮᠥᠰ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ᠂ ᠰᠣᠶᠣᠯ ᠤᠨ ᠬᠡᠪ ᠪᠣᠯᠪᠠᠰᠤᠷᠠᠯ ᠪᠠ ᠤᠳᠬ᠎ᠠ ᠤᠷᠠᠯᠢᠭ ᠤᠨ ᠴᠤᠭ ᠵᠢᠪᠬᠤᠭ᠎ᠠ ᠶᠢ ᠭᠦᠢᠴᠡᠳ ᠳᠡᠯᠭᠡᠨ ᠦᠵᠡᠭᠦᠯᠵᠦ᠂ ᠰᠢᠨ᠎ᠡ ᠴᠠᠭ ᠦᠶ᠎ᠡ ᠶᠢᠨ ᠵᠣᠯ ᠵᠢᠷᠭᠠᠯᠲᠤ ᠠᠮᠢᠳᠤᠷᠠᠯ ᠳᠠᠬᠢ ᠬᠢᠵᠠᠭᠠᠯᠠᠰᠢ ᠦᠭᠡᠢ ᠬᠠᠯᠠᠭᠤᠨ ᠬᠠᠶᠢᠷ᠎ᠠ ᠪᠠᠨ ᠤᠯᠠᠮ ᠨᠢᠭᠡ ᠠᠯᠬᠤᠮ ᠢᠯᠡᠳᠬᠡᠭᠰᠡᠨ ᠪᠠᠶᠢᠨ᠎ᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号