ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ ᠮᠠᠲ᠋ᠧᠷᠢᠶᠠᠯ | | | ᠥᠪᠥᠷ ᠵᠠᠰᠠᠭ ᠠᠯᠪᠠᠨ ᠲᠠᠷᠬᠠᠭᠠᠭᠰᠠᠨ ﹇2023﹈ 58 ᠳ᠋ᠤᠭᠠᠷ ᠲᠣᠭᠠᠲᠤ | | | ᠰᠦ ᠰᠠᠭᠠᠯᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ | ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄ | ᠡᠳᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠠᠵᠤ ᠦᠢᠯᠡᠰ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠲᠠ ᠨᠠᠷ ᠲᠤ | ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ | ᠨᠠᠶᠢᠳᠠᠪᠤᠷᠢᠵᠢᠭᠤᠯᠲᠤᠭᠠᠢ᠃ | 2023 ᠣᠨ ᠤ 9 ᠳ᠋ᠦ᠋ᠭᠡᠷ ᠰᠠᠷ᠎ᠠ ᠶᠢᠨ 18 ᠤ ᠡᠳᠦᠷ | ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦ ᠰᠠᠭᠠᠯᠢ ᠶᠢᠨ ᠠᠵᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ | | | ︽ᠰᠦ ᠰᠠᠭᠠᠯᠢ ᠶᠢᠨ ᠦᠢᠯᠡᠰ ᠤᠨ ᠬᠥᠭᠵᠢᠨ ᠮᠠᠨᠳᠤᠬᠤ ᠶᠢ ᠠᠬᠢᠭᠤᠯᠵᠤ ᠰᠦ ᠴᠠᠭᠠᠨ ᠢᠳᠡᠭᠡᠨ ᠤ ᠴᠢᠨᠠᠷ | ᠴᠢᠨᠰᠠᠭ᠎ᠠ ᠶᠢᠨ ᠠᠮᠤᠷ ᠲᠦᠪᠰᠢᠨ ᠢ ᠪᠠᠲᠤᠯᠠᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 43 ᠳ᠋ᠤᠭᠠᠷ ᠲᠣᠭᠠᠲᠤ︶᠂ ︽ᠮᠠᠯ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 31 ᠳ᠋ᠦ᠋ᠭᠡᠷ ᠲᠣᠭᠠᠲᠤ︶ ᠵᠡᠷᠭᠡ ᠬᠤᠯᠪᠣᠭᠳᠠᠯ | ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠢᠬᠤᠯᠠ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ | ᠪᠠᠶᠢᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ | ᠪᠠᠶᠢᠷᠢᠯᠠᠭᠤᠯᠤᠯᠲᠠ ᠶᠣᠰᠣᠭᠠᠷ᠂ ᠣᠳᠣᠬᠠᠨ ᠳᠠᠬᠢ ᠰᠦ ᠰᠠᠭᠠᠯᠢ ᠶᠢᠨ ᠦᠢᠯᠡᠰ ᠤᠨ ᠦᠢᠯᠡᠳᠪᠦᠷᠢᠯᠡᠯ ᠤᠨ ᠥᠪᠡᠷ ᠤᠨ | ᠥᠷᠳᠡᠭ ᠥᠨᠳᠥᠷ᠂ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠯᠳᠤᠭᠤᠯᠬᠤ ᠨᠢ ᠠᠪᠴᠠᠯᠳᠤᠩᠭᠤᠢ ᠪᠤᠰᠤ᠂ | ᠪᠦᠲᠦᠭᠡᠭᠳᠡᠬᠦᠨ ᠤ ᠪᠦᠲᠦᠴᠡ ᠵᠣᠬᠢᠰ ᠦᠭᠡᠢ᠂ ᠠᠵᠤ ᠦᠢᠯᠡᠰ ᠤᠨ ᠬᠥᠭᠵᠢᠯᠲᠡ ᠶᠢᠨ ᠴᠢᠨᠠᠷ ᠨᠢ ᠠᠨᠠᠶᠢᠬᠠᠨ ᠵᠡᠷᠭᠡ | ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢᠨ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ | ᠰᠦ ᠰᠠᠭᠠᠯᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠲᠦᠷᠭᠡᠳᠬᠡᠵᠦ᠂ ︽ᠰᠢᠷᠬᠡᠭ | ᠡᠪᠡᠰᠦ ᠠᠴᠠ ᠠᠶᠠᠭ᠎ᠠ ᠰᠦ ᠬᠦᠷᠲᠡᠯᠡᠬᠢ︾ ᠪᠥᠬᠦ ᠠᠵᠤ ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠴᠣᠭᠴᠠᠯᠠᠬᠤ ᠶᠢᠨ ᠲᠤᠰᠠᠳᠠ᠂ ᠥᠪᠡᠷᠲᠡᠭᠡᠨ | ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠳᠣᠣᠷᠠᠬᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ | ᠲᠣᠭᠲᠠᠭᠠᠪᠠ᠃ | ᠨᠢᠭᠡ᠂ ︽ᠡᠪᠡᠰᠦᠨ ᠤ ᠢᠷᠡᠯᠲᠡ︾ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠵᠤ᠂ ᠠᠷᠠᠴᠢᠯᠠᠨ ᠲᠡᠵᠢᠭᠡᠬᠦ ᠥᠪᠡᠷ ᠤᠨ ᠥᠷᠳᠡᠭ ᠢ ᠪᠠᠭᠤᠷᠠᠭᠤᠯᠤᠨ᠎ᠠ | 1. ᠮᠠᠯᠯᠠᠨ ᠲᠥᠯᠵᠢᠭᠦᠯᠬᠦ ᠳᠤ ᠵᠣᠷᠢᠭᠤᠯᠵᠤ ᠲᠠᠷᠢᠬᠤ᠂ ᠲᠠᠷᠢᠵᠤ ᠮᠠᠯᠯᠠᠬᠤ ᠶᠢ ᠤᠶᠠᠯᠳᠤᠭᠤᠯᠬᠤ ᠶᠢ | ᠪᠠᠷᠢᠮᠲᠠᠯᠠᠵᠤ᠂ ᠬᠠᠳᠤᠨ ᠭᠤᠣᠯ᠂ ᠨᠣᠨ ᠮᠥᠷᠡᠨ᠂ ᠪᠠᠷᠠᠭᠤᠨ ᠯᠢᠶᠥᠥ ᠾᠧ ᠭᠤᠣᠯ ᠤᠨ ᠰᠠᠪᠠ ᠭᠠᠵᠠᠷ ᠪᠠ ᠬᠥᠯᠥᠨ | ᠪᠤᠶᠢᠷ᠂ ᠰᠢᠯᠢ ᠶᠢᠨ ᠭᠤᠣᠯ ᠤᠨ ᠲᠠᠯ᠎ᠠ ᠨᠤᠲᠤᠭ ᠤᠨ ᠲᠠᠪᠤᠨ ᠶᠡᠭᠡ ᠰᠦ ᠶᠢᠨ ᠢᠷᠡᠯᠲᠡ ᠶᠢᠨ ᠰᠠᠭᠤᠷᠢᠨ ᠭᠠᠵᠠᠷ ᠲᠤ | ᠴᠢᠨᠠᠷ ᠰᠠᠶᠢᠲᠠᠢ ᠲᠡᠵᠢᠭᠡᠯ ᠡᠪᠡᠰᠦ ᠲᠠᠷᠢᠵᠤ ᠤᠷᠭᠤᠭᠤᠯᠬᠤ ᠶᠢ ᠳᠡᠮᠵᠢᠵᠦ᠂ ᠳᠠᠷᠤᠰᠢᠭᠤᠯᠤᠭᠰᠠᠨ ᠡᠷᠳᠡᠨᠢ ᠰᠢᠰᠢ ᠵᠡᠷᠭᠡ | ᠲᠡᠵᠢᠭᠡᠯ ᠡᠪᠡᠰᠦ ᠪᠣᠷᠳᠤᠭ᠎ᠠ ᠶᠢ ᠲᠤᠬᠠᠢ ᠶᠢᠨ ᠭᠠᠵᠠᠷ ᠲᠤ ᠨᠢ ᠣᠶᠢᠷ᠎ᠠ ᠬᠠᠪᠢ ᠠᠴᠠ ᠪᠠᠨ ᠬᠤᠷᠢᠶᠠᠨ ᠬᠠᠳᠠᠭᠠᠯᠠᠵᠤ | ᠪᠠᠶᠢᠭ᠎ᠠ ᠰᠠᠭᠠᠯᠢ ᠶᠢᠨ ᠮᠠᠯ ᠲᠡᠵᠢᠭᠡᠨ ᠦᠷᠡᠵᠢᠭᠦᠯᠬᠦ ᠲᠠᠯᠠᠪᠠᠢ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶᠠᠵᠢᠯ ᠳᠤ | ᠰᠠᠭᠠᠯᠢ ᠶᠢᠨ ᠦᠨᠢᠶ᠎ᠡ ᠪᠦᠷᠢ 5.5 ᠲᠣᠨ᠂ ᠲᠣᠨ ᠪᠦᠷᠢ 50 ᠲᠥᠭᠦᠷᠢᠭ ︵ᠥᠪᠡᠷᠲᠡᠭᠡᠨ ᠵᠠᠰᠠᠬᠤ ᠣᠷᠣᠨ 30 | ᠲᠥᠭᠦᠷᠢᠭ ᠤᠨ ᠨᠡᠮᠡᠭᠦᠷᠢ ᠥᠭᠴᠦ᠂ ᠠᠶᠢᠮᠠᠭ ᠬᠤᠲᠠ 20 ᠲᠥᠭᠦᠷᠢᠭ ᠤᠨ ᠨᠡᠮᠡᠭᠦᠷᠢ ᠥᠭᠭᠦᠨ᠎ᠡ︶ ᠤᠨ ᠪᠠᠷᠢᠮᠵᠢᠶ᠎ᠠ | ᠶᠣᠰᠣᠭᠠᠷ ᠳᠠᠷᠤᠰᠢᠭᠤᠯᠤᠭᠰᠠᠨ ᠡᠷᠳᠡᠨᠢ ᠰᠢᠰᠢ ᠶᠢᠨ ᠬᠤᠷᠢᠶᠠᠨ ᠬᠠᠳᠠᠭᠠᠯᠠᠬᠤ ᠨᠡᠮᠡᠭᠦᠷᠢ ᠣᠯᠭᠤᠵᠤ᠂ | ᠳᠠᠷᠤᠰᠢᠭᠤᠯᠤᠭᠰᠠᠨ ᠴᠠᠷᠭᠠᠰᠤ᠂ ᠬᠠᠳᠠᠭᠠᠭᠰᠠᠨ ᠡᠪᠡᠰᠦ ᠶᠢ ᠬᠠᠷᠢᠴᠠᠯ ᠢᠶᠠᠷ ᠨᠤᠭᠤᠯᠤᠨ ᠪᠣᠳᠣᠵᠤ᠂ ᠰᠠᠭᠠᠯᠢ ᠶᠢᠨ | ᠢᠮᠠᠭ᠎ᠠ᠂ ᠰᠠᠭᠠᠯᠢ ᠶᠢᠨ ᠢᠩᠭᠡ᠂ ᠰᠠᠭᠠᠯᠢ ᠶᠢᠨ ᠭᠡᠭᠦᠦ ᠶᠢ ᠬᠠᠷᠢᠴᠠᠯ ᠢᠶᠠᠷ ᠨᠤᠭᠤᠯᠤᠨ ᠪᠣᠳᠣᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︔ ᠬᠤᠷᠢᠳᠤᠭᠠᠷ | ᠵᠦᠢᠯ ᠠᠴᠠ ᠪᠤᠰᠤᠳ᠂ ᠳᠣᠣᠷᠠᠬᠢ ᠡᠯ᠎ᠡ ᠵᠦᠢᠯ ᠤᠨ ᠡᠭᠦᠷᠭᠡ ᠶᠢ ᠪᠦᠷ ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠨᠠᠶᠢᠳᠠᠪᠤᠷᠢᠵᠢᠭᠤᠯᠬᠤ ᠬᠡᠷᠡᠭᠲᠡᠢ ᠪᠣᠯᠬᠤᠷ ᠳᠠᠬᠢᠵᠤ ᠠᠰᠲᠠᠭᠠᠨ ᠵᠢᠭᠰᠠᠭᠠᠬᠤ ᠦᠭᠡᠢ︶ | | 2. ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠳᠠᠪᠠᠭᠤᠯᠢᠭ ᠣᠷᠣᠨ ᠳᠠᠬᠢ ᠤᠯᠤᠰ ᠤᠨ ᠭᠠᠷᠤᠯᠲᠠᠲᠤ | ᠰᠠᠶᠢᠨ ᠡᠭᠦᠯᠳᠡᠷ ᠤᠨ ᠴᠠᠷᠭᠠᠰᠤ ᠶᠢᠨ ᠴᠢᠨᠠᠷ ᠢ ᠨᠢ ᠰᠠᠶᠢᠵᠢᠷᠠᠭᠤᠯᠵᠤ ᠭᠠᠷᠤᠯᠲᠠ ᠶᠢ ᠨᠢ ᠨᠡᠮᠡᠭᠳᠡᠭᠦᠯᠬᠦ ᠶᠢ ᠠᠬᠢᠭᠤᠯᠵᠤ᠂ | ᠲᠥᠪᠯᠡᠷᠡᠭᠦᠯᠦᠨ ᠵᠠᠯᠭᠠᠯᠳᠤᠭᠤᠯᠵᠤ ᠪᠠᠷᠢᠮᠵᠢᠶᠠᠵᠢᠭᠤᠯᠤᠨ ᠳᠠᠷᠢᠭᠰᠠᠨ ᠲᠠᠯᠠᠪᠠᠢ ᠨᠢ 500 ᠮᠦ ᠠᠴᠠ ᠳᠡᠭᠡᠭᠰᠢ | ᠬᠥᠷᠥᠭᠰᠡᠨ ᠪᠥᠭᠡᠳ ᠲᠡᠵᠢᠭᠡᠨ ᠦᠷᠡᠵᠢᠭᠦᠯᠬᠦ ᠲᠠᠯᠠᠪᠠᠢ ︵ᠡᠷᠦᠬᠡ︶ ᠯᠤᠭ᠎ᠠ ᠲᠡᠵᠢᠭᠡᠯ ᠡᠪᠡᠰᠦ ᠬᠤᠳᠠᠯᠳᠤᠨ ᠠᠪᠬᠤ | ᠪᠠ ᠪᠣᠷᠣᠯᠠᠭᠤᠯᠬᠤ ᠭᠡᠷ᠎ᠡ ᠲᠣᠭᠲᠠᠭᠰᠠᠨ ᠴᠠᠷᠭᠠᠰᠤ ᠳᠠᠷᠢᠭᠰᠠᠨ ᠭᠤᠣᠯ ᠴᠣᠭᠴᠠ ᠳᠤ᠂ 3 ᠵᠢᠯ ᠬᠤᠪᠢᠶᠠᠨ ᠮᠦ | ᠪᠦᠷᠢ ᠳᠤ ᠨᠢ 1000 ᠲᠥᠭᠦᠷᠢᠭ ᠤᠨ ᠨᠡᠮᠡᠭᠦᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ | ᠵᠠᠰᠠᠭ ᠤᠨ ᠲᠢᠩᠬᠢᠮ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠢ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 3. ᠴᠠᠷᠭᠠᠰᠤᠨ ᠤ ᠦᠷ᠎ᠡ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ | ᠨᠡᠮᠡᠭᠦᠷᠢ ᠥᠭᠬᠦ ᠪᠣᠳᠣᠯᠭ᠎ᠠ ᠶᠢ ᠬᠡᠷᠡᠭᠵᠢᠭᠦᠯᠵᠦ᠂ ᠦᠷᠡᠵᠢᠭᠦᠯᠦᠨ ᠪᠣᠶᠢᠵᠢᠭᠤᠯᠬᠤ ᠰᠠᠭᠤᠷᠢᠨ ᠭᠠᠵᠠᠷ ᠢ ᠰᠢᠨ᠎ᠡ ᠪᠠᠷ | ᠪᠠᠶᠢᠭᠤᠯᠤᠭᠰᠠᠨ ᠠᠩᠬᠠᠨ ᠤ ᠵᠢᠯ ᠳᠤ ᠮᠦ ᠪᠦᠷᠢ ᠳᠤ ᠨᠢ 500 ᠲᠥᠭᠦᠷᠢᠭ ᠤᠨ ᠨᠡᠮᠡᠭᠦᠷᠢ ᠣᠯᠭᠤᠵᠤ᠂ ᠲᠣᠭᠲᠠᠭᠰᠠᠨ | ᠭᠠᠷᠤᠯᠲᠠ ᠶᠢᠨ ᠬᠡᠮᠵᠢᠶ᠎ᠡ ᠳᠤ ᠬᠥᠷᠥᠭᠰᠡᠨ ᠤ ᠰᠡᠭᠦᠯᠡᠷ ᠵᠢᠯ ᠳᠤ ᠮᠦ ᠪᠦᠷᠢ ᠳᠤ ᠨᠢ 300 ᠲᠥᠭᠦᠷᠢᠭ ᠤᠨ | ᠪᠠᠷᠢᠮᠵᠢᠶ᠎ᠠ ᠪᠠᠷ ᠨᠡᠮᠡᠭᠦᠷᠢ ᠣᠯᠭᠤᠨ᠎ᠠ᠃ ︽ᠴᠢᠨᠠᠷ ᠰᠠᠶᠢᠲᠠᠢ ᠴᠠᠷᠭᠠᠰᠤ ᠶᠢᠨ ᠰᠢᠨ᠎ᠡ ᠦᠷ᠎ᠡ ᠡᠭᠦᠯᠳᠡᠷ ᠢ ᠰᠣᠩᠭᠤᠨ | ᠪᠣᠶᠢᠵᠢᠭᠤᠯᠬᠤ ᠵᠢᠴᠢ ᠠᠵᠤ ᠦᠢᠯᠡᠰ ᠤᠨ ᠵᠢᠱᠢᠶ᠎ᠡ ᠦᠵᠡᠭᠦᠯᠬᠦ︾ ᠲᠠᠯ᠎ᠠ ᠪᠠᠷ ᠵᠠᠷᠯᠠᠯ ᠨᠡᠶᠢᠲᠡᠯᠡᠵᠦ ᠬᠤᠰᠢᠭᠤᠷᠠᠨ | ᠠᠵᠢᠯᠯᠠᠬᠤ ᠲᠥᠷᠥᠯ ᠵᠦᠢᠯ ᠢ ᠬᠡᠷᠡᠭᠵᠢᠭᠦᠯᠵᠦ᠂ ᠠᠳᠠᠯᠢ ᠪᠤᠰᠤ ᠣᠷᠣᠨ ᠪᠦᠰᠡ ᠶᠢᠨ ᠣᠷᠴᠢᠨ ᠨᠥᠬᠦᠴᠡᠯ ᠳᠤ | ᠲᠣᠬᠢᠷᠠᠬᠤ ᠰᠢᠨ᠎ᠡ ᠦᠷ᠎ᠡ ᠡᠭᠦᠯᠳᠡᠷ ᠪᠠ ᠥᠨᠳᠥᠷ ᠤᠭᠤᠷᠠᠭᠲᠤ ᠴᠠᠷᠭᠠᠰᠤ ᠶᠢᠨ ᠰᠢᠨ᠎ᠡ ᠦᠷ᠎ᠡ ᠡᠭᠦᠯᠳᠡᠷ ᠢ | ᠪᠣᠶᠢᠵᠢᠭᠤᠯᠵᠤ᠂ ᠤᠯᠤᠰ ᠤᠨ ᠭᠠᠷᠤᠯᠲᠠᠲᠤ ᠮᠠᠭᠤᠵᠢᠷᠠᠮᠠᠯ ᠦᠷ᠎ᠡ ᠡᠭᠦᠯᠳᠡᠷ ᠤᠨ ᠴᠠᠷᠭᠠᠰᠤ ᠶᠢ ᠴᠡᠪᠡᠷᠵᠢᠭᠦᠯᠦᠨ | ᠢᠳᠡᠷᠬᠡᠭᠵᠢᠭᠦᠯᠦᠨᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ | ᠪᠡᠯᠴᠢᠭᠡᠷ ᠤᠨ ᠲᠣᠪᠴᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠬᠤᠶᠠᠷ᠂ ︽ᠦᠷ᠎ᠡ ᠡᠭᠦᠯᠳᠡᠷ ᠤᠨ ᠢᠷᠡᠯᠲᠡ︾ ᠶᠢᠨ ᠲᠠᠯ᠎ᠠ ᠪᠠᠷ ᠥᠪᠡᠷ ᠢ ᠪᠠᠨ ᠬᠠᠩᠭᠠᠬᠤ ᠴᠢᠳᠠᠪᠤᠷᠢ ᠶᠢ | ᠳᠡᠭᠡᠭᠰᠢᠯᠡᠭᠦᠯᠵᠦ᠂ ᠰᠠᠭᠠᠯᠢ ᠶᠢᠨ ᠮᠠᠯ ᠤᠨ ᠰᠠᠶᠢᠨ ᠡᠭᠦᠯᠳᠡᠷ ᠢ ᠦᠷᠡᠵᠢᠭᠦᠯᠦᠨ ᠪᠣᠶᠢᠵᠢᠭᠤᠯᠬᠤ ᠪᠠᠨ ᠴᠢᠩᠭᠠᠳᠬᠠᠨ᠎ᠠ | 4. ᠦᠵᠦᠭᠦᠷᠯᠡᠬᠦ ᠳᠡᠰ ᠤᠨ ᠦᠷ᠎ᠡ ᠡᠭᠦᠯᠳᠡᠷ ᠤᠨ ᠪᠤᠬ᠎ᠠ ᠪᠣᠶᠢᠵᠢᠭᠤᠯᠬᠤ ᠶᠢ ᠳᠡᠮᠵᠢᠵᠦ᠂ ᠡᠭᠦᠯᠳᠡᠷ | ᠲᠥᠯᠵᠢᠭᠦᠯᠬᠦ ᠴᠢᠳᠠᠪᠤᠷᠢ ᠶᠢᠨ ᠦᠨᠡᠯᠡᠯᠲᠡ ᠵᠢᠴᠢ ᠬᠠᠮᠢᠶ᠎ᠠ ᠪᠦᠬᠦᠢ ᠬᠥᠬᠢᠭᠦᠯᠦᠨ ᠱᠠᠩᠨᠠᠬᠤ ᠠᠷᠭ᠎ᠠ ᠶᠢ ᠦᠨᠳᠦᠰᠦᠯᠡᠨ᠂ | ᠡᠭᠦᠯᠳᠡᠷ ᠲᠥᠯᠵᠢᠭᠦᠯᠬᠦ ᠴᠢᠳᠠᠪᠤᠷᠢ ᠶᠢ ᠨᠢ ᠦᠨᠡᠯᠡᠭᠰᠡᠨ ᠦᠷ᠎ᠡ ᠳ᠋ᠦᠩ ᠨᠢ ᠰᠠᠶᠢᠨ ᠵᠡᠷᠭᠡ ᠳᠡᠰ ᠠᠴᠠ ᠳᠡᠭᠡᠭᠰᠢ ᠳᠤ | ᠬᠥᠷᠥᠭᠰᠡᠨ ᠰᠠᠭᠠᠯᠢ ᠶᠢᠨ ᠦᠨᠢᠶᠡᠨ ᠤ ᠡᠭᠦᠯᠳᠡᠷ ᠲᠥᠯᠵᠢᠭᠦᠯᠬᠦ ᠠᠵᠤ ᠠᠬᠤᠶᠢᠯᠠᠯ ᠳᠤ 100 ᠲᠦᠮᠡᠨ | ᠲᠥᠭᠦᠷᠢᠭ ᠤᠨ ᠰᠠᠭᠤᠷᠢ ᠶᠢᠨ ᠴᠢᠨᠠᠷᠲᠠᠢ ᠱᠠᠩᠨᠠᠯ ᠣᠯᠭᠤᠵᠤ᠂ ᠡᠭᠦᠨ ᠤ ᠰᠠᠭᠤᠷᠢᠨ ᠳᠡᠭᠡᠷ᠎ᠡ᠂ ᠵᠢᠯ ᠪᠦᠷᠢ ᠶᠢᠨ | ᠨᠡᠷᠡᠰ ᠤᠨ ᠵᠢᠭᠰᠠᠭᠠᠯᠲᠠ ᠶᠢᠨ ᠳ᠋ᠦᠩ ᠢ ᠦᠨᠳᠦᠰᠦᠯᠡᠨ᠂ ᠳᠡᠯᠡᠬᠡᠢ ᠶᠢᠨ ᠡᠮᠦᠨ᠎ᠡ 200 ᠨᠡᠷᠡᠰ ᠪᠤᠶᠤ ᠤᠯᠤᠰ ᠤᠨ | ᠳᠣᠲᠣᠭᠠᠳᠤ ᠳᠤ ᠪᠠᠨ ᠡᠮᠦᠨ᠎ᠡ 50 ᠨᠡᠷᠡᠰ ᠲᠤ ᠲᠣᠳᠣᠷᠠᠭᠰᠠᠨ ᠬᠤᠰᠲ᠋ᠠᠨ ᠰᠠᠭᠠᠯᠢ ᠶᠢᠨ ᠦᠨᠢᠶ᠎ᠡ ᠶᠢ | ᠪᠣᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠶᠢᠯᠠᠯ ᠳᠤ ᠲᠣᠯᠣᠭᠠᠢ ᠪᠦᠷᠢ ᠳᠤ ᠨᠢ 100 ᠲᠦᠮᠡᠨ | ᠲᠥᠭᠦᠷᠢᠭ ᠱᠠᠩᠨᠠᠵᠤ᠂ 50 ︵ᠪᠠᠭᠲᠠᠭᠠᠬᠤ ᠦᠭᠡᠢ︶ – 100 ᠨᠡᠷᠡᠰ ᠲᠤ ᠲᠣᠳᠣᠷᠠᠭᠰᠠᠨ ᠪᠣᠯ ᠲᠣᠯᠣᠭᠠᠢ | ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠳᠣᠲᠣᠭᠠᠳᠤ ᠳᠤ ᠪᠠᠨ ᠡᠮᠦᠨ᠎ᠡ 100 ᠨᠡᠷᠡᠰ ᠲᠤ | ᠲᠣᠳᠣᠷᠠᠭᠰᠠᠨ ᠰᠢᠮᠧᠨ᠋ᠲᠠᠷ ᠦᠬᠡᠷ ᠢ ᠪᠣᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠶᠢᠯᠠᠯ ᠳᠤ ᠲᠣᠯᠣᠭᠠᠢ | ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ︔ ᠤᠯᠤᠰ ᠤᠨ ᠳᠣᠲᠣᠭᠠᠳᠤ ᠳᠤ ᠪᠠᠨ ᠡᠮᠦᠨ᠎ᠡ 5 ᠨᠡᠷᠡᠰ ᠲᠤ | ᠲᠣᠳᠣᠷᠠᠭᠰᠠᠨ ᠰᠠᠨ ᠾᠧ ᠦᠬᠡᠷ ᠢ ᠪᠣᠶᠢᠵᠢᠭᠤᠯᠤᠭᠰᠠᠨ ᠡᠭᠦᠯᠳᠡᠷ ᠲᠥᠯᠵᠢᠭᠦᠯᠬᠦ ᠠᠵᠤ ᠠᠬᠤᠶᠢᠯᠠᠯ ᠳᠤ ᠲᠣᠯᠣᠭᠠᠢ | ᠪᠦᠷᠢ ᠳᠤ ᠨᠢ 50 ᠲᠦᠮᠡᠨ ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 5. ᠰᠠᠭᠠᠯᠢ ᠶᠢᠨ ᠦᠨᠢᠶ᠎ᠡ᠂ ᠰᠠᠭᠠᠯᠢ ᠶᠢᠨ ᠢᠮᠠᠭᠠᠨ ᠤ ᠭᠤᠣᠯᠯᠠᠭᠴᠢ ᠡᠭᠦᠯᠳᠡᠷ ᠲᠥᠯᠵᠢᠭᠦᠯᠬᠦ ᠲᠠᠯᠠᠪᠠᠢ ᠶᠢ | ᠪᠦᠲᠦᠭᠡᠨ ᠪᠠᠶᠢᠭᠤᠯᠬᠤ ᠶᠢ ᠳᠡᠮᠵᠢᠵᠦ᠂ ᠰᠢᠨ᠎ᠡ ᠪᠠᠷ ᠡᠭᠦᠳᠦᠨ ᠪᠠᠶᠢᠭᠤᠯᠤᠭᠰᠠᠨ ᠤᠯᠤᠰ ᠤᠨ ᠳᠡᠰ ᠤᠨ ᠭᠤᠣᠯᠯᠠᠭᠴᠢ | ᠡᠭᠦᠯᠳᠡᠷ ᠲᠥᠯᠵᠢᠭᠦᠯᠬᠦ ᠲᠠᠯᠠᠪᠠᠢ ᠳᠤ ᠨᠢᠭᠡ ᠯᠡ ᠤᠳᠠᠭ᠎ᠠ ᠳᠤ 300 ᠲᠦᠮᠡᠨ ᠲᠥᠭᠦᠷᠢᠭ ᠱᠠᠩᠨᠠᠵᠤ᠂ ᠥᠪᠡᠷᠲᠡᠭᠡᠨ | ᠵᠠᠰᠠᠬᠤ ᠣᠷᠣᠨ ᠤ ᠳᠡᠰ ᠲᠤ ᠨᠢᠭᠡ ᠯᠡ ᠤᠳᠠᠭ᠎ᠠ ᠳᠤ 200 ᠲᠦᠮᠡᠨ ᠲᠥᠭᠦᠷᠢᠭ ᠱᠠᠩᠨᠠᠨ᠎ᠠ᠃ ᠰᠠᠭᠠᠯᠢ ᠶᠢᠨ | ᠮᠣᠩᠭᠤᠯ ᠮᠣᠷᠢ᠂ ᠬᠤᠣᠰ ᠪᠥᠬᠦᠲᠦ ᠲᠡᠮᠡᠭᠡᠨ ᠤ ᠦᠷ᠎ᠡ ᠡᠭᠦᠯᠳᠡᠷ ᠢ ᠰᠣᠩᠭᠤᠨ ᠪᠣᠶᠢᠵᠢᠭᠤᠯᠬᠤ ᠶᠢ ᠵᠣᠷᠢᠭᠵᠢᠭᠤᠯᠵᠤ᠂ | ᠰᠦ ᠭᠠᠷᠬᠤ ᠴᠢᠳᠠᠮᠵᠢ ᠶᠢ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 6. ᠰᠢᠯᠢᠳᠡᠭ ᠡᠭᠦᠯᠳᠡᠷ ᠦᠷᠡᠵᠢᠭᠦᠯᠦᠨ ᠪᠣᠶᠢᠵᠢᠭᠤᠯᠬᠤ ᠮᠡᠷᠭᠡᠵᠢᠯ ᠢ ᠳᠡᠯᠭᠡᠷᠡᠭᠦᠯᠦᠨ᠂ ᠰᠠᠭᠠᠯᠢ ᠶᠢᠨ | ᠦᠨᠢᠶᠡᠨ ᠤ ᠬᠦᠢᠰᠦ ᠶᠢᠨ ᠢᠯᠭᠠᠯ ᠪᠦᠬᠦᠢ ᠬᠥᠪᠥᠷᠡᠯ ᠢ ᠬᠡᠷᠡᠭᠯᠡᠵᠦ᠂ ᠴᠢᠳᠠᠪᠬᠢ ᠶᠢᠨ ᠢᠯᠡᠳᠬᠡᠭᠴᠢ ᠶᠢ ᠨᠢ | ᠦᠨᠳᠦᠰᠦᠯᠡᠨ᠂ ᠬᠥᠪᠥᠷᠡᠯ ᠪᠦᠷᠢ ᠳᠤ 1500 ᠲᠥᠭᠦᠷᠢᠭ᠂ 2500 ᠲᠥᠭᠦᠷᠢᠭ᠂ 3500 ᠲᠥᠭᠦᠷᠢᠭ ᠢᠶᠠᠷ ᠳᠡᠰ | ᠬᠤᠪᠢᠶᠠᠨ ᠨᠡᠮᠡᠭᠦᠷᠢ ᠥᠭᠭᠦᠨ᠎ᠡ︔ ᠰᠠᠭᠠᠯᠢ ᠶᠢᠨ ᠦᠨᠢᠶᠡᠨ ᠤ ᠬᠦᠢᠰᠦ ᠶᠢᠨ ᠢᠯᠭᠠᠯ ᠪᠦᠬᠦᠢ ᠢᠴᠡᠭᠡᠯ ᠦᠷ᠎ᠡ ᠶᠢ | ᠬᠡᠷᠡᠭᠯᠡᠪᠡᠯ ᠲᠣᠯᠣᠭᠠᠢ ᠪᠦᠷᠢ ᠳᠤ 120 ᠲᠥᠭᠦᠷᠢᠭ ᠤᠨ ᠨᠡᠮᠡᠭᠦᠷᠢ ᠥᠭᠭᠦᠨ᠎ᠡ︔ ᠰᠠᠭᠠᠯᠢ ᠶᠢᠨ ᠢᠮᠠᠭᠠᠨ ᠤ ᠢᠴᠡᠭᠡᠯ | ᠦᠷ᠎ᠡ ᠶᠢ ᠬᠡᠷᠡᠭᠯᠡᠪᠡᠯ ᠲᠣᠯᠣᠭᠠᠢ ᠪᠦᠷᠢ ᠳᠤ 60 ᠲᠥᠭᠦᠷᠢᠭ ᠤᠨ ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 7. ᠰᠠᠭᠠᠯᠢ ᠶᠢᠨ ᠦᠨᠢᠶᠡᠨ ᠤ ᠦᠢᠯᠡᠳᠪᠦᠷᠢᠯᠡᠯ ᠤᠨ ᠴᠢᠨᠰᠠᠭ᠎ᠠ ᠶᠢ ᠬᠡᠮᠵᠢᠨ ᠲᠣᠭᠲᠠᠭᠠᠬᠤ ᠲᠤᠭ᠎ᠠ ᠶᠢ | ᠥᠷᠭᠡᠳᠬᠡᠵᠦ᠂ ᠦᠢᠯᠡᠳᠪᠦᠷᠢᠯᠡᠯ ᠤᠨ ᠴᠢᠨᠰᠠᠭ᠎ᠠ ᠶᠢ ᠬᠡᠮᠵᠢᠨ ᠲᠣᠭᠲᠠᠭᠠᠬᠤ ᠲᠥᠪ ᠨᠢ ᠨᠢᠭᠡ ᠰᠠᠭᠠᠯᠢ ᠶᠢᠨ ᠦᠨᠢᠶ᠎ᠡ | ᠬᠡᠮᠵᠢᠨ ᠲᠣᠭᠲᠠᠭᠠᠭᠠᠳ ᠪᠦᠲᠦᠮᠵᠢᠲᠡᠢ ᠲᠤᠭ᠎ᠠ ᠪᠠᠷᠢᠮᠲᠠ ᠶᠢ ᠨᠢ ᠳᠡᠭᠡᠭᠰᠢ ᠳᠠᠮᠵᠢᠭᠤᠯᠬᠤ ᠪᠦᠷᠢ 70 | ᠲᠥᠭᠦᠷᠢᠭ ᠤᠨ ᠨᠡᠮᠡᠭᠦᠷᠢ ᠥᠭᠴᠦ᠂ ᠳᠡᠭᠡᠷ᠎ᠡ ᠣᠨ ᠤ ᠬᠢ ᠲᠠᠢ ᠬᠠᠷᠢᠴᠠᠭᠤᠯᠪᠠᠯ ᠰᠢᠨ᠎ᠡ ᠪᠠᠷ ᠨᠡᠮᠡᠭᠳᠡᠭᠰᠡᠨ ᠬᠡᠮᠵᠢᠨ | ᠲᠣᠭᠲᠠᠭᠠᠭᠰᠠᠨ ᠪᠦᠲᠦᠮᠵᠢᠲᠡᠢ ᠲᠤᠭ᠎ᠠ ᠪᠠᠷᠢᠮᠲᠠ ᠨᠢ 3 ᠲᠦᠮᠡᠨ ᠲᠣᠯᠣᠭᠠᠢ ᠠᠴᠠ ᠳᠠᠪᠠᠭᠰᠠᠨ ᠪᠠᠶᠢᠪᠠᠯ᠂ ᠨᠢᠭᠡ ᠯᠡ | ᠤᠳᠠᠭ᠎ᠠ ᠪᠠᠷ 100 ᠲᠦᠮᠡᠨ ᠲᠥᠭᠦᠷᠢᠭ ᠱᠠᠩᠨᠠᠵᠤ᠂ ᠪᠠᠶᠢᠴᠠᠭᠠᠨ ᠬᠡᠮᠵᠢᠬᠦ ᠲᠥᠬᠦᠭᠡᠷᠦᠮᠵᠢ ᠬᠤᠳᠠᠯᠳᠤᠨ ᠠᠪᠬᠤ ᠳᠤ | ᠬᠡᠷᠡᠭᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠭᠤᠷᠪᠠ᠂ ︽ᠰᠦ ᠶᠢᠨ ᠢᠷᠡᠯᠲᠡ︾ ᠶᠢᠨ ᠬᠠᠩᠭᠠᠯᠭ᠎ᠠ ᠶᠢᠨ ᠪᠠᠲᠤᠯᠠᠭ᠎ᠠ ᠶᠢ ᠲᠣᠭᠲᠠᠪᠤᠷᠢᠵᠢᠭᠤᠯᠵᠤ᠂ ᠠᠵᠤ | ᠦᠢᠯᠡᠰ ᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ | 8. ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ ᠨᠡᠮᠡᠭᠦᠷᠢ ᠥᠭᠬᠦ ᠲᠥᠷᠥ ᠶᠢᠨ ᠪᠣᠳᠣᠯᠭ᠎ᠠ ᠶᠢᠨ | ᠦᠷᠭᠦᠯᠵᠢ ᠶᠢᠨ ᠴᠢᠨᠠᠷ ᠢ ᠪᠠᠷᠢᠮᠲᠠᠯᠠᠵᠤ᠂ ᠪᠠᠶᠢᠳᠠᠯ ᠤᠨ ᠬᠤᠪᠢᠷᠠᠯᠲᠠ ᠳᠤ ᠵᠣᠬᠢᠴᠠᠭᠤᠯᠤᠨ᠂ 2019 ᠣᠨ ᠠᠴᠠ | ᠰᠡᠭᠦᠯᠡᠷ᠂ ᠲᠣᠰ ᠲᠥᠷᠥ ᠶᠢᠨ ᠪᠣᠳᠣᠯᠭ᠎ᠠ ᠶᠢ ᠨᠡᠶᠢᠲᠡᠯᠡᠬᠦ ᠠᠴᠠ ᠡᠮᠦᠨ᠎ᠡ ᠨᠢᠭᠡᠨᠲᠡ ᠠᠵᠢᠯ ᠡᠬᠢᠯᠡᠭᠦᠯᠦᠨ ᠪᠠᠶᠢᠭᠤᠯᠵᠤ | ᠪᠠᠶᠢᠭ᠎ᠠ ᠲᠥᠷᠥᠯ ᠵᠦᠢᠯ ᠪᠠ ᠨᠢᠭᠡᠨᠲᠡ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠥᠪᠯᠡᠯᠴᠡᠭᠡᠷ ᠲᠣᠭᠲᠠᠭᠰᠠᠨ | ᠬᠡᠪᠴᠢᠶᠡᠵᠢᠭᠰᠡᠨ ᠰᠠᠭᠠᠯᠢ ᠶᠢᠨ ᠦᠨᠢᠶᠡᠨ ᠤ ᠲᠡᠵᠢᠭᠡᠨ ᠦᠷᠡᠵᠢᠭᠦᠯᠬᠦ ᠲᠠᠯᠠᠪᠠᠢ ᠶᠢᠨ ᠲᠡᠵᠢᠭᠡᠵᠦ ᠪᠠᠶᠢᠭ᠎ᠠ ᠰᠠᠭᠠᠯᠢ ᠶᠢᠨ | ᠦᠨᠢᠶᠡᠨ ᠤ ᠲᠤᠭ᠎ᠠ ᠲᠣᠯᠣᠭᠠᠢ ᠨᠢ 3000 ᠳᠤ ᠬᠥᠷᠥᠭᠰᠡᠨ ᠪᠣᠯ 600 ᠲᠦᠮᠡᠨ ᠲᠥᠭᠦᠷᠢᠭ ᠤᠨ ᠨᠡᠮᠡᠭᠦᠷᠢ | ᠥᠭᠴᠦ᠂ 500 ᠲᠣᠯᠣᠭᠠᠢ ᠨᠡᠮᠡᠭᠳᠡᠬᠦ ᠪᠦᠷᠢ ᠠᠬᠢᠭᠠᠳ 100 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ | ᠨᠡᠮᠡᠭᠦᠷᠢ ᠪᠡᠯᠡ ᠮᠥᠩᠭᠦ ᠶᠢ ᠭᠤᠣᠯᠳᠠᠭᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠶᠢᠨ ︽ᠭᠤᠷᠪᠠ ᠶᠢ | ᠨᠠᠪᠲᠠᠷᠡᠭᠦᠯᠵᠦ ᠨᠢᠭᠡ ᠶᠢ ᠲᠡᠭᠰᠢᠯᠡᠬᠦ︾᠂ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ᠂ ᠲᠥᠬᠦᠭᠡᠷᠦᠮᠵᠢ | ᠬᠤᠳᠠᠯᠳᠤᠨ ᠠᠪᠬᠤ ᠪᠠ ︽ᠲᠣᠭᠠᠵᠢᠭᠤᠯᠤᠨ ᠣᠶᠤᠨᠴᠢᠯᠠᠭᠰᠠᠨ︾ ᠮᠠᠯᠵᠢᠯ ᠤᠨ ᠲᠠᠯᠠᠪᠠᠢ ᠶᠢᠨ ᠪᠦᠲᠦᠭᠡᠨ | ᠪᠠᠶᠢᠭᠤᠯᠤᠯᠲᠠ ᠳᠤ ᠬᠡᠷᠡᠭᠯᠡᠨ᠎ᠡ᠃ ᠭᠠᠳᠠᠭᠠᠳᠤ ᠠᠴᠠ ᠣᠷᠣᠭᠤᠯᠤᠭᠰᠠᠨ ᠰᠠᠭᠠᠯᠢ ᠶᠢᠨ ᠦᠨᠢᠶ᠎ᠡ ᠶᠢᠨ ᠲᠣᠯᠣᠭᠠᠢ | ᠪᠦᠷᠢ ᠳᠤ 5000 ᠲᠥᠭᠦᠷᠢᠭ ᠤᠨ ᠨᠡᠮᠡᠭᠦᠷᠢ ᠥᠭᠭᠦᠨ᠎ᠡ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠠᠴᠠ 3000 ᠲᠥᠭᠦᠷᠢᠭ ᠤᠨ ᠨᠡᠮᠡᠭᠦᠷᠢ ᠥᠭᠴᠦ᠂ ᠠᠶᠢᠮᠠᠭ ᠬᠤᠲᠠ ᠶᠢᠨ ᠡᠳ᠋ ᠤᠨ ᠵᠠᠰᠠᠭ ᠠᠴᠠ 2000 | ᠲᠥᠭᠦᠷᠢᠭ ᠤᠨ ᠨᠡᠮᠡᠭᠦᠷᠢ ᠥᠭᠭᠦᠨ᠎ᠡ᠃ ᠰᠡᠭᠦᠯᠡᠷ ᠰᠢᠨ᠎ᠡ ᠪᠠᠷ ᠪᠠᠶᠢᠭᠤᠯᠬᠤ ᠪᠤᠰᠤᠳ ᠲᠡᠵᠢᠭᠡᠨ ᠦᠷᠡᠵᠢᠭᠦᠯᠬᠦ | ᠲᠠᠯᠠᠪᠠᠢ ᠳᠤ᠂ ᠠᠶᠢᠮᠠᠭ ᠬᠤᠲᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠵᠠᠬ᠎ᠠ | ᠳᠡᠯᠭᠡᠭᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠢ ᠦᠨᠳᠦᠰᠦᠯᠡᠨ ︽ᠨᠢᠭᠡ ᠲᠠᠯᠠᠪᠠᠢ ᠳᠤ ᠨᠢᠭᠡ ᠪᠣᠳᠣᠯᠭ᠎ᠠ | ᠬᠡᠷᠡᠭᠵᠢᠭᠦᠯᠬᠦ︾ ᠪᠠᠷ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 9. ᠭᠡᠷ ᠪᠦᠯᠢ ᠶᠢᠨ ᠮᠠᠯᠵᠢᠯ ᠤᠨ ᠲᠠᠯᠠᠪᠠᠢ ᠪᠠ ᠰᠠᠭᠠᠯᠢ ᠶᠢᠨ ᠲᠠᠷᠢᠶᠠᠴᠢᠳ ᠤᠨ ᠬᠤᠷᠰᠢᠶ᠎ᠠ ᠵᠡᠷᠭᠡ ᠰᠢᠨ᠎ᠡ | ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢᠨ ᠡᠵᠡᠩᠨᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ | ᠬᠤᠰᠲ᠋ᠠᠨ ᠵᠡᠷᠭᠡ ᠢᠪᠢᠯᠬᠦ ᠳᠤ ᠲᠤᠰᠬᠠᠢ ᠬᠡᠷᠡᠭᠯᠡᠬᠦ ᠰᠠᠭᠠᠯᠢ ᠶᠢᠨ ᠦᠨᠢᠶ᠎ᠡ ᠶᠢ ᠲᠡᠵᠢᠭᠡᠨ ᠦᠷᠡᠵᠢᠭᠦᠯᠬᠦ᠂ ᠮᠠᠯ ᠤᠨ | ᠲᠤᠭ᠎ᠠ ᠲᠣᠯᠣᠭᠠᠢ ᠨᠢ 100 – 3000 ᠳᠤ ᠬᠥᠷᠥᠭᠰᠡᠨ ᠲᠡᠵᠢᠭᠡᠨ ᠦᠷᠡᠵᠢᠭᠦᠯᠬᠦ ᠭᠤᠣᠯ ᠴᠣᠭᠴᠠ ᠳᠤ᠂ | ᠲᠣᠯᠣᠭᠠᠢ ᠪᠦᠷᠢ ᠳᠤ 400 ᠲᠥᠭᠦᠷᠢᠭ ᠠᠴᠠ ᠳᠠᠪᠠᠭᠤᠯᠬᠤ ᠦᠭᠡᠢ ᠪᠠᠷᠢᠮᠵᠢᠶ᠎ᠠ ᠪᠠᠷ ᠨᠡᠮᠡᠭᠦᠷᠢ ᠥᠭᠴᠦ᠂ | ᠦᠢᠯᠡᠳᠪᠦᠷᠢᠯᠡᠨ ᠡᠵᠡᠩᠨᠡᠬᠦ ᠴᠢᠳᠠᠪᠤᠷᠢ ᠪᠠᠨ ᠳᠡᠭᠡᠭᠰᠢᠯᠡᠭᠦᠯᠬᠦ᠂ ᠲᠡᠵᠢᠭᠡᠬᠦ ᠪᠡᠯᠡᠳᠬᠡᠮᠵᠢ ᠲᠣᠨᠣᠭᠯᠠᠯ ᠢᠶᠠᠨ ᠥᠭᠡᠷᠡᠴᠢᠯᠡᠨ | ᠰᠢᠨᠡᠳᠬᠡᠵᠦ ᠳᠡᠰ ᠳᠡᠪᠰᠢᠭᠦᠯᠬᠦ᠂ ᠦᠢᠯᠡᠳᠪᠦᠷᠢᠯᠡᠯ ᠤᠨ ᠥᠪᠡᠷ ᠤᠨ ᠥᠷᠳᠡᠭ ᠢᠶᠠᠨ ᠪᠠᠭᠤᠷᠠᠭᠤᠯᠬᠤ ᠳᠤ | ᠬᠡᠷᠡᠭᠯᠡᠭᠦᠯᠦᠨ᠎ᠡ᠃ ᠨᠡᠶᠢᠭᠡᠮᠴᠢᠯᠡᠭᠰᠡᠨ ᠦᠢᠯᠡᠴᠢᠯᠡᠭᠡ ᠪᠠᠷ ᠳᠠᠮᠵᠢᠭᠤᠯᠵᠤ ᠲᠡᠵᠢᠭᠡᠯ ᠪᠣᠷᠳᠣᠭᠠᠨ ᠤ ᠰᠢᠮ᠎ᠡ ᠲᠡᠵᠢᠭᠡᠯ᠂ | ᠡᠭᠦᠯᠳᠡᠷ ᠰᠣᠩᠭᠤᠵᠤ ᠬᠡᠭᠡᠯᠲᠦᠭᠦᠯᠬᠦ᠂ ᠡᠷᠡᠭᠦᠯ ᠢᠶᠠᠷ ᠲᠡᠵᠢᠭᠡᠨ ᠦᠷᠡᠵᠢᠭᠦᠯᠬᠦ᠂ ᠲᠡᠵᠢᠭᠡᠨ ᠪᠣᠷᠳᠣᠬᠤ ᠬᠠᠮᠢᠶᠠᠷᠤᠯᠲᠠ᠂ | ᠬᠢᠵᠢᠭ ᠡᠪᠡᠳᠴᠢᠨ ᠤ ᠰᠡᠷᠭᠡᠶᠢᠯᠡᠯᠲᠡ ᠡᠵᠡᠮᠳᠡᠯ ᠪᠠ ᠣᠷᠴᠢᠨ ᠲᠣᠭᠤᠷᠢᠨ ᠤ ᠡᠵᠡᠮᠳᠡᠯ ᠤᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 10. ᠣᠨᠴᠠᠭᠠᠢ ᠲᠥᠷᠥᠯ ᠤᠨ ᠰᠠᠭᠠᠯᠢ ᠶᠢᠨ ᠮᠠᠯ ᠢ ᠲᠡᠵᠢᠭᠡᠨ ᠦᠷᠡᠵᠢᠭᠦᠯᠬᠦ ᠶᠢ ᠳᠡᠮᠵᠢᠵᠦ᠂ 2022 ᠣᠨ | ︵ᠪᠠᠭᠲᠠᠨ᠎ᠠ︶ ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 5000 ᠲᠣᠯᠣᠭᠠᠢ ᠠᠴᠠ ᠳᠡᠭᠡᠭᠰᠢᠬᠢ ᠰᠠᠭᠠᠯᠢ ᠶᠢᠨ | ᠢᠮᠠᠭᠠᠨ ᠤ ᠬᠡᠪᠴᠢᠶᠡᠵᠢᠭᠰᠡᠨ ᠲᠡᠵᠢᠭᠡᠨ ᠦᠷᠡᠵᠢᠭᠦᠯᠬᠦ ᠲᠠᠯᠠᠪᠠᠢ ᠳᠤ 200 ᠲᠦᠮᠡᠨ ᠲᠥᠭᠦᠷᠢᠭ ᠤᠨ ᠨᠡᠮᠡᠭᠦᠷᠢ | ᠥᠭᠴᠦ᠂ 5000 ᠲᠣᠯᠣᠭᠠᠢ ᠨᠡᠮᠡᠭᠳᠡᠬᠦ ᠪᠦᠷᠢ 200 ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ 2022 | ᠣᠨ ︵ᠪᠠᠭᠲᠠᠨ᠎ᠠ︶ ᠠᠴᠠ ᠰᠡᠭᠦᠯᠡᠷ ᠰᠢᠨ᠎ᠡ ᠪᠠᠷ ᠪᠠᠶᠢᠭᠤᠯᠤᠭᠰᠠᠨ 200 ᠠᠴᠠ ᠳᠡᠭᠡᠭᠰᠢᠬᠢ ᠲᠡᠮᠡᠭᠡᠨ ᠤ | ᠲᠡᠵᠢᠭᠡᠨ ᠦᠷᠡᠵᠢᠭᠦᠯᠬᠦ ᠲᠠᠯᠠᠪᠠᠢ ︵ᠵᠢᠯ ᠤᠨ ᠰᠦ ᠭᠠᠷᠬᠤ ᠬᠡᠮᠵᠢᠶ᠎ᠡ ᠨᠢ 50 ᠲᠣᠨ ᠠᠴᠠ ᠳᠣᠣᠷ᠎ᠠ ᠦᠭᠡᠢ︶ ᠳᠤ | 40 ᠲᠦᠮᠡᠨ ᠲᠥᠭᠦᠷᠢᠭ ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ ᠪᠠᠶᠢᠪᠠᠯ 20 | ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠂ ᠰᠢᠨ᠎ᠡ ᠪᠠᠷ ᠪᠠᠶᠢᠭᠤᠯᠤᠭᠰᠠᠨ 50 ᠠᠴᠠ ᠳᠡᠭᠡᠭᠰᠢ ᠠᠳᠤᠭᠤ ᠲᠠᠢ | ᠮᠠᠯᠵᠢᠯ ᠤᠨ ᠲᠠᠯᠠᠪᠠᠢ ︵ᠵᠢᠯ ᠤᠨ ᠰᠦ ᠭᠠᠷᠬᠤ ᠬᠡᠮᠵᠢᠶ᠎ᠡ ᠨᠢ 10 ᠲᠣᠨ ᠠᠴᠠ ᠳᠣᠣᠷ᠎ᠠ ᠦᠭᠡᠢ︶ ᠳᠤ 10 | ᠲᠦᠮᠡᠨ ᠲᠥᠭᠦᠷᠢᠭ ᠤᠨ ᠨᠡᠮᠡᠭᠦᠷᠢ ᠥᠭᠴᠦ᠂ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠦᠭᠰᠡᠨ ᠪᠠᠶᠢᠪᠠᠯ 5 | ᠲᠦᠮᠡᠨ ᠲᠥᠭᠦᠷᠢᠭ ᠤᠨ ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 11. ᠲᠦᠭᠦᠬᠡᠢ ᠰᠦ ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠨᠣᠷᠮ᠎ᠠ ᠶᠢ | ᠳᠡᠭᠡᠭᠰᠢᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ | ᠠᠬᠤᠶᠢᠯᠠᠯ᠂ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠬᠡᠯ ᠤᠨ | ᠬᠢᠨ ᠤ ᠥᠪᠡᠷᠲᠡᠭᠡᠨ ᠵᠠᠰᠠᠬᠤ ᠣᠷᠣᠨ ᠤ ᠬᠡᠪᠴᠢᠶᠡᠨ ᠳᠠᠬᠢ 12 ᠰᠠᠷ᠎ᠠ ᠳᠠᠷᠠᠭᠠᠯᠠᠨ ᠬᠠᠮᠲᠤᠷᠠᠯᠴᠠᠭᠠᠨ ᠤ ᠪᠠᠲᠤᠯᠠᠭ᠎ᠠ | ᠦᠭᠡᠢ ᠬᠤᠰᠲ᠋ᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠯᠤᠭ᠎ᠠ 2 ᠵᠢᠯ ᠠᠴᠠ ᠳᠡᠭᠡᠭᠰᠢᠬᠢ | ᠬᠤᠳᠠᠯᠳᠤᠨ ᠠᠪᠬᠤ ᠪᠠ ᠪᠣᠷᠣᠯᠠᠭᠤᠯᠬᠤ ᠭᠡᠷ᠎ᠡ ᠲᠣᠭᠲᠠᠬᠤ ᠶᠢ ᠵᠣᠷᠢᠭᠵᠢᠭᠤᠯᠵᠤ᠂ 1 ᠲᠡᠵᠢᠭᠡᠨ ᠦᠷᠡᠵᠢᠭᠦᠯᠬᠦ | ᠲᠠᠯᠠᠪᠠᠢ ᠲᠠᠢ ᠰᠢᠨ᠎ᠡ ᠪᠠᠷ ᠭᠡᠷ᠎ᠡ ᠲᠣᠭᠲᠠᠬᠤ ᠶᠢᠨ ᠬᠠᠮᠲᠤ ᠡᠳᠦᠷ ᠲᠤ ᠲᠦᠭᠦᠬᠡᠢ ᠰᠦ ᠶᠢ 1 ᠲᠣᠨ ᠠᠴᠠ ᠳᠡᠭᠡᠭᠰᠢ | ᠬᠤᠳᠠᠯᠳᠤᠨ ᠠᠪᠬᠤ ᠪᠦᠷᠢ᠂ ︽ᠤᠷᠢᠳ ᠢᠶᠠᠷ ᠭᠡᠷ᠎ᠡ ᠲᠣᠭᠲᠠᠵᠤ ᠳᠠᠷᠠᠭ᠎ᠠ ᠳᠤ ᠨᠢ ᠨᠡᠮᠡᠭᠦᠷᠢ ᠥᠭᠬᠦ᠂ ᠤᠷᠢᠳ ᠢᠶᠠᠷ | ᠬᠤᠳᠠᠯᠳᠤᠨ ᠠᠪᠴᠤ ᠳᠠᠷᠠᠭ᠎ᠠ ᠳᠤ ᠨᠢ ᠨᠡᠮᠡᠭᠦᠷᠢ ᠥᠭᠬᠦ︾ ᠬᠡᠯᠪᠡᠷᠢ ᠪᠠᠷ᠂ ᠡᠳ᠋ᠰᠢᠭᠦᠯᠦᠨ ᠪᠣᠯᠪᠠᠰᠤᠷᠠᠭᠤᠯᠬᠤ ᠠᠵᠤ | ᠠᠬᠤᠶᠢᠯᠠᠯ ︵ᠵᠢᠵᠢᠭ ᠬᠡᠯᠪᠡᠷᠢ ᠶᠢᠨ ᠦᠢᠯᠡᠳᠬᠡᠯ︶ ᠳᠤ ᠨᠢᠭᠡ ᠯᠡ ᠤᠳᠠᠭ᠎ᠠ ᠪᠠᠷ 10 ᠲᠦᠮᠡᠨ ᠲᠥᠭᠦᠷᠢᠭ ᠤᠨ | ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ | ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 12. ᠲᠡᠵᠢᠭᠡᠨ ᠦᠷᠡᠵᠢᠭᠦᠯᠬᠦ ᠲᠠᠯᠠᠪᠠᠢ ᠶᠢᠨ ᠲᠣᠭᠠᠵᠢᠭᠤᠯᠤᠨ ᠣᠶᠤᠨᠴᠢᠯᠠᠭᠰᠠᠨ ᠪᠠ ᠪᠣᠬᠢᠷᠲᠤᠯ ᠦᠭᠡᠢ | ᠬᠥᠭᠵᠢᠯᠲᠡ ᠶᠢ ᠳᠡᠮᠵᠢᠵᠦ᠂ ᠤᠯᠤᠰ ᠤᠨ ᠰᠦ ᠶᠢᠨ ᠦᠢᠯᠡᠰ ᠤᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ | ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠵᠢᠯ ᠪᠦᠷᠢ 5000 ᠲᠦᠮᠡᠨ ᠲᠥᠭᠦᠷᠢᠭ ᠠᠴᠠ ᠳᠡᠭᠡᠭᠰᠢᠬᠢ | ᠪᠡᠯᠡ ᠮᠥᠩᠭᠦ ᠲᠣᠬᠢᠷᠠᠭᠤᠯᠵᠤ᠂ ᠲᠡᠵᠢᠭᠡᠨ ᠪᠣᠷᠳᠣᠬᠤ᠂ ᠰᠦ ᠰᠠᠭᠠᠬᠤ᠂ ᠡᠷᠡᠭᠦᠯᠵᠢᠭᠦᠯᠬᠦ᠂ ᠬᠢᠵᠢᠭ ᠢ ᠰᠡᠷᠭᠡᠶᠢᠯᠡᠬᠦ ᠵᠡᠷᠭᠡ | ᠵᠠᠩᠭᠢᠯᠠᠭ᠎ᠠ ᠶᠢᠨ ᠭᠤᠭᠴᠣᠭᠠᠨ ᠤ ᠪᠡᠯᠡᠳᠬᠡᠮᠵᠢ ᠲᠥᠬᠦᠭᠡᠷᠦᠮᠵᠢ ᠶᠢ ᠳᠡᠰ ᠳᠡᠪᠰᠢᠭᠦᠯᠵᠦ ᠥᠭᠡᠷᠡᠴᠢᠯᠡᠨ ᠰᠢᠨᠡᠳᠬᠡᠵᠦ᠂ | ᠨᠢᠭᠡ ᠪᠦᠯᠦᠭ ᠥᠨᠳᠥᠷ ᠲᠦᠪᠰᠢᠨ ᠪᠦᠬᠦᠢ ᠵᠣᠬᠢᠬᠤ ᠬᠡᠮᠵᠢᠶ᠎ᠡ ᠪᠠᠷ ᠬᠡᠪᠴᠢᠶᠡᠵᠢᠭᠰᠡᠨ ᠣᠳᠣᠬᠢᠴᠢ ᠣᠶᠤᠨᠯᠢᠭ | ᠮᠠᠯᠵᠢᠯ ᠤᠨ ᠲᠠᠯᠠᠪᠠᠢ ᠶᠢ ᠪᠦᠲᠦᠭᠡᠨ ᠪᠠᠶᠢᠭᠤᠯᠵᠤ᠂ ᠲᠡᠵᠢᠭᠡᠨ ᠦᠷᠡᠵᠢᠭᠦᠯᠬᠦ ᠬᠠᠮᠢᠶᠠᠷᠤᠯᠲᠠ ᠶᠢᠨ ᠲᠣᠭᠠᠵᠢᠭᠤᠯᠤᠯᠲᠠ᠂ | ᠣᠶᠤᠨᠴᠢᠯᠠᠯᠲᠠ ᠶᠢ ᠪᠡᠶᠡᠯᠡᠭᠦᠯᠦᠨ᠎ᠡ᠃ ᠲᠡᠵᠢᠭᠡᠨ ᠦᠷᠡᠵᠢᠭᠦᠯᠬᠦ ᠲᠠᠯᠠᠪᠠᠢ ᠶᠢᠨ ᠰᠢᠯᠢᠳᠡᠭ ᠰᠠᠶᠢᠨ ᠲᠠᠷᠢᠶᠠᠯᠠᠩ ᠤᠨ | ᠵᠢᠷᠤᠮᠵᠢᠯ ᠤᠨ ᠭᠡᠷᠡᠴᠢᠯᠡᠯᠲᠡ ︵GAP︶ ᠶᠢ ᠥᠷᠨᠢᠭᠦᠯᠬᠦ ᠶᠢ ᠳᠡᠮᠵᠢᠵᠦ᠂ ᠭᠡᠷᠡᠴᠢᠯᠡᠯᠲᠡ ᠪᠠᠷ ᠪᠠᠲᠤᠯᠠᠭᠳᠠᠭᠰᠠᠨ ᠳᠤ | ᠨᠢ ᠨᠢᠭᠡ ᠯᠡ ᠤᠳᠠᠭ᠎ᠠ ᠳᠤ 5 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | ᠳᠥᠷᠪᠡ᠂ ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠶᠢ ᠰᠢᠯᠢᠳᠡᠭᠵᠢᠭᠦᠯᠦᠨ | ᠬᠦᠴᠦᠷᠬᠡᠭᠵᠢᠭᠦᠯᠵᠦ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠤᠨ᠎ᠠ | 13. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠨᠠᠷᠢᠯᠢᠭ ᠭᠦᠨ | ᠡᠳ᠋ᠰᠢᠭᠦᠯᠦᠨ ᠪᠣᠯᠪᠠᠰᠤᠷᠠᠭᠤᠯᠬᠤ ᠪᠠᠷ ᠬᠥᠭᠵᠢᠭᠦᠯᠬᠦ ᠶᠢ ᠳᠡᠮᠵᠢᠵᠦ᠂ ᠬᠤᠯᠢᠴᠠ ᠦᠭᠡᠢ ᠪᠢᠰᠢᠯᠠᠭ᠂ ᠰᠢᠷᠠᠰᠣ᠂ ᠰᠦᠨ | ᠲᠡᠮᠦᠷᠲᠦ ᠤᠭᠤᠷᠠᠭ ᠵᠡᠷᠭᠡ ᠰᠦ ᠴᠠᠭᠠᠨ ᠢᠳᠡᠭᠡ ᠶᠢ ᠦᠢᠯᠡᠳᠪᠦᠷᠢᠯᠡᠬᠦ ᠨᠠᠷᠢᠯᠢᠭ ᠭᠦᠨ ᠡᠳ᠋ᠰᠢᠭᠦᠯᠦᠨ | ᠪᠣᠯᠪᠠᠰᠤᠷᠠᠭᠤᠯᠬᠤ ᠲᠥᠷᠥᠯ ᠵᠦᠢᠯ ᠢ ᠰᠢᠨ᠎ᠡ ᠪᠠᠷ ᠪᠠᠶᠢᠭᠤᠯᠤᠭᠰᠠᠨ ᠪᠤᠶᠤ ᠥᠭᠡᠷᠡᠴᠢᠯᠡᠵᠦ ᠥᠷᠭᠡᠳᠬᠡᠨ | ᠪᠠᠶᠢᠭᠤᠯᠤᠭᠰᠠᠨ ᠠᠵᠤ ᠠᠬᠤᠶᠢᠯᠠᠯ ᠳᠤ᠂ ᠲᠥᠬᠦᠭᠡᠷᠦᠮᠵᠢ ᠶᠢᠨ ᠪᠡᠯᠡ ᠣᠷᠤᠯᠠᠭᠤᠯᠤᠯᠲᠠ ᠶᠢᠨ ᠶᠡᠷᠦᠩᠬᠡᠢ ᠲᠣᠭᠠᠨ ᠤ | 10% ᠪᠠᠷ ᠬᠠᠮᠤᠭ ᠶᠡᠭᠡ ᠳᠤ ᠪᠠᠨ 5000 ᠲᠦᠮᠡᠨ ᠲᠥᠭᠦᠷᠢᠭ ᠤᠨ ᠨᠡᠮᠡᠭᠦᠷᠢ ᠣᠯᠭᠤᠨ᠎ᠠ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 14. ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠠᠵᠤ ᠦᠢᠯᠡᠰ ᠤᠨ ᠳᠡᠰ | ᠳᠡᠪᠰᠢᠬᠦ ᠶᠢ ᠵᠣᠷᠢᠭᠵᠢᠭᠤᠯᠵᠤ᠂ ᠵᠢᠵᠢᠭ ᠬᠡᠯᠪᠡᠷᠢ ᠶᠢᠨ ᠦᠢᠯᠡᠳᠬᠡᠯ ᠨᠢ ᠰᠦ ᠴᠠᠭᠠᠨ ᠢᠳᠡᠭᠡ ᠡᠳ᠋ᠰᠢᠭᠦᠯᠵᠦ | ᠪᠣᠯᠪᠠᠰᠤᠷᠠᠭᠤᠯᠬᠤ ᠠᠵᠤ ᠠᠬᠤᠶᠢᠯᠠᠯ ᠪᠣᠯᠵᠤ ᠳᠡᠰ ᠳᠡᠪᠰᠢᠭᠰᠡᠨ ᠪᠣᠯ ᠨᠢᠭᠡ ᠯᠡ ᠤᠳᠠᠭ᠎ᠠ ᠪᠠᠷ 50 ᠲᠦᠮᠡᠨ | ᠲᠥᠭᠦᠷᠢᠭ ᠱᠠᠩᠨᠠᠨ᠎ᠠ᠃ ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠵᠢᠭ ᠬᠡᠯᠪᠡᠷᠢ ᠶᠢᠨ | ᠦᠢᠯᠡᠳᠬᠡᠯ ᠪᠠ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠢᠳᠡᠭᠡᠨ ᠤ ᠬᠦᠷᠢᠶᠡᠯᠡᠩ ᠲᠣᠭᠤᠷᠢᠭ | ᠲᠡᠶᠢᠰᠢ ᠲᠥᠪᠯᠡᠷᠡᠬᠦ ᠶᠢ ᠳᠡᠮᠵᠢᠵᠦ᠂ ᠬᠡᠪᠴᠢᠶᠡᠵᠢᠭᠦᠯᠦᠨ ᠡᠵᠡᠩᠨᠡᠵᠦ᠂ ᠨᠢᠭᠡᠳᠦᠯᠲᠡᠢ ᠬᠠᠮᠢᠶᠠᠷᠬᠤ ᠶᠢ ᠪᠡᠶᠡᠯᠡᠭᠦᠯᠦᠨ᠎ᠡ᠃ | ᠣᠷᠣᠨ ᠨᠤᠲᠤᠭ ᠤᠨ ᠣᠨᠴᠠᠯᠢᠭ ᠲᠠᠢ ᠰᠦ ᠴᠠᠭᠠᠨ ᠢᠳᠡᠭᠡᠨ ᠤ ᠵᠢᠵᠢᠭ ᠬᠡᠯᠪᠡᠷᠢ ᠶᠢᠨ ᠦᠢᠯᠡᠳᠬᠡᠯ ᠬᠦᠷᠢᠶᠡᠯᠡᠩ | ᠲᠣᠭᠤᠷᠢᠭ ᠲᠤ ᠣᠷᠣᠪᠠᠯ ᠨᠢᠭᠡ ᠯᠡ ᠤᠳᠠᠭ᠎ᠠ ᠪᠠᠷ 10 ᠲᠦᠮᠡᠨ ᠲᠥᠭᠦᠷᠢᠭ ᠱᠠᠩᠨᠠᠵᠤ᠂ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ ᠬᠦᠷᠢᠶᠡᠯᠡᠩ ᠲᠣᠭᠤᠷᠢᠭ ᠲᠤ ᠣᠷᠣᠪᠠᠯ ᠨᠢᠭᠡ ᠯᠡ ᠤᠳᠠᠭ᠎ᠠ ᠪᠠᠷ 50 ᠲᠦᠮᠡᠨ | ᠲᠥᠭᠦᠷᠢᠭ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 15. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠪᠢᠰᠢᠯᠠᠭ | ᠦᠢᠯᠡᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠰᠦ ᠴᠠᠭᠠᠨ ᠢᠳᠡᠭᠡ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ ᠤᠨ ᠲᠦᠭᠦᠬᠡᠢ ᠰᠦ ᠪᠠᠷ ᠬᠤᠯᠢᠴᠠ ᠦᠭᠡᠢ ᠪᠢᠰᠢᠯᠠᠭ ᠬᠢᠭᠰᠡᠨ᠂ ᠳᠡᠭᠡᠷ᠎ᠡ | ᠣᠨ ᠤ ᠲᠦᠭᠦᠬᠡᠢ ᠰᠦ ᠪᠠᠷ ᠬᠤᠯᠢᠴᠠ ᠦᠭᠡᠢ ᠪᠢᠰᠢᠯᠠᠭ ᠬᠢᠭᠰᠡᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 | ᠲᠣᠨ ᠨᠡᠮᠡᠭᠳᠡᠬᠦ ᠪᠦᠷᠢ 2000 ᠲᠥᠭᠦᠷᠢᠭ ᠤᠨ ᠨᠡᠮᠡᠭᠦᠷᠢ ᠥᠭᠭᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ | ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 16. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠤᠨ ᠡᠳ᠋ᠰᠢᠭᠦᠯᠦᠨ | ᠪᠣᠯᠪᠠᠰᠤᠷᠠᠭᠤᠯᠬᠤ ᠬᠡᠮᠵᠢᠶ᠎ᠡ ᠪᠠᠨ ᠥᠷᠭᠡᠳᠬᠡᠬᠦ ᠶᠢ ᠳᠡᠮᠵᠢᠵᠦ᠂ ᠳᠡᠭᠡᠷ᠎ᠡ ᠣᠨ ᠤ ᠲᠦᠭᠦᠬᠡᠢ ᠰᠦ ᠶᠢ ᠡᠳ᠋ᠰᠢᠭᠦᠯᠦᠨ | ᠪᠣᠯᠪᠠᠰᠤᠷᠠᠭᠤᠯᠤᠭᠰᠠᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ 1 ᠲᠣᠨ ᠨᠡᠮᠡᠭᠳᠡᠬᠦ ᠪᠦᠷᠢ 200 ᠲᠥᠭᠦᠷᠢᠭ ᠤᠨ | ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠲᠣᠰ ᠲᠣᠰ 50% ᠶᠢ ᠨᠢ ᠡᠭᠦᠷᠭᠡᠯᠡᠨ᠎ᠡ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 17. ᠰᠦ ᠴᠠᠭᠠᠨ ᠢᠳᠡᠭᠡ ᠡᠳ᠋ᠰᠢᠭᠦᠯᠦᠨ ᠪᠣᠯᠪᠠᠰᠤᠷᠠᠭᠤᠯᠬᠤ ᠠᠵᠤ ᠠᠬᠤᠶᠢᠯᠠᠯ ᠨᠢ 3 – 5 ᠳ᠋ᠤᠭᠠᠷ | ᠰᠠᠷ᠎ᠠ ᠶᠢᠨ ᠪᠣᠷᠤᠯᠠᠭᠤᠯᠭ᠎ᠠ ᠬᠥᠭᠵᠢᠶᠡᠨ ᠦᠭᠡᠢ ᠤᠯᠠᠷᠢᠯ ᠳᠤ ᠭᠦᠢᠴᠡᠳ ᠲᠤᠭ᠎ᠠ ᠪᠠᠷ ᠰᠦ ᠬᠤᠳᠠᠯᠳᠤᠨ ᠠᠪᠴᠤ᠂ | ᠲᠦᠭᠦᠬᠡᠢ ᠰᠦ ᠶᠢ ᠰᠡᠪᠰᠡᠵᠦ ᠨᠤᠨᠳᠠᠭᠯᠠᠪᠠᠯ᠂ ᠬᠤᠳᠠᠯᠳᠤᠨ ᠠᠪᠬᠤ ᠲᠣᠭᠠᠨ ᠤ 10% ᠪᠠᠷ᠂ ᠲᠣᠨ ᠪᠦᠷᠢ ᠳᠤ | ᠨᠢ 1000 ᠲᠥᠭᠦᠷᠢᠭ ᠤᠨ ᠨᠡᠮᠡᠭᠦᠷᠢ ᠥᠭᠴᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ ᠲᠣᠰ ᠲᠣᠰ | 50% ᠶᠢ ᠨᠢ ᠡᠭᠦᠷᠭᠡᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠲᠠᠪᠤ᠂ ᠨᠡᠷᠡᠲᠦ ᠲᠡᠮᠳᠡᠭ ᠢ ᠪᠣᠢ ᠪᠣᠯᠭᠠᠬᠤ ᠶᠢ ᠴᠢᠩᠭᠠᠳᠬᠠᠵᠤ᠂ ᠠᠵᠤ ᠦᠢᠯᠡᠰ ᠤᠨ ᠥᠷᠢᠰᠦᠯᠳᠦᠬᠦ ᠬᠦᠴᠦᠨ ᠢ | ᠳᠡᠭᠡᠭᠰᠢᠯᠡᠭᠦᠯᠦᠨ᠎ᠡ | 18. ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ | ᠨᠡᠷᠡᠲᠦ ᠲᠡᠮᠳᠡᠭ ᠢ ᠴᠣᠭᠴᠠᠯᠠᠵᠤ᠂ ᠰᠢᠯᠢ ᠶᠢᠨ ᠭᠤᠣᠯ ᠤᠨ ᠪᠢᠰᠢᠯᠠᠭ᠂ ᠬᠥᠯᠥᠨ ᠪᠦᠷ ᠤᠨ ᠦᠨᠢᠶᠡᠨ ᠰᠦ ᠵᠡᠷᠭᠡ | ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠠᠶᠢᠭᠤᠯᠤᠯᠲᠠ ᠶᠢ ᠳᠡᠮᠵᠢᠵᠦ᠂ ᠭᠠᠵᠠᠷ | ᠵᠦᠢ ᠶᠢᠨ ᠰᠢᠨᠵᠢ ᠲᠡᠮᠳᠡᠭᠲᠦ ᠰᠦ ᠴᠠᠭᠠᠨ ᠢᠳᠡᠭᠡ ᠶᠢ ᠬᠠᠮᠠᠭᠠᠯᠠᠬᠤ ᠢᠨᠵᠤᠨᠤᠷᠢᠩ ᠢ ᠬᠡᠷᠡᠭᠵᠢᠭᠦᠯᠵᠦ᠂ ᠲᠦᠭᠦᠬᠡᠢ | ᠰᠦ ᠵᠢᠴᠢ ᠲᠡᠭᠦᠨ ᠢᠶᠠᠷ ᠬᠢᠭᠰᠡᠨ ᠡᠳ᠋ᠰᠢᠭᠦᠯᠦᠨ ᠪᠣᠯᠪᠠᠰᠤᠷᠠᠭᠤᠯᠤᠭᠰᠠᠨ ᠪᠦᠲᠦᠭᠡᠭᠳᠡᠬᠦᠨ ᠤ ᠲᠣᠭᠤᠷᠢᠨ ᠳᠤ᠂ ︽ᠥᠪᠥᠷ | ᠮᠣᠩᠭᠤᠯ︾ ᠨᠡᠷᠡᠮᠵᠢᠲᠦ ᠲᠡᠮᠳᠡᠭ ᠤᠨ ᠭᠡᠷᠡᠴᠢᠯᠡᠬᠦ ᠪᠠᠷᠢᠮᠵᠢᠶ᠎ᠠ ᠶᠢ ᠲᠣᠭᠲᠠᠭᠠᠨ᠎ᠠ︔ ︽ᠥᠪᠥᠷ ᠮᠣᠩᠭᠤᠯ︾ ᠨᠡᠷᠡᠮᠵᠢᠲᠦ | ᠲᠡᠮᠳᠡᠭ ᠤᠨ ᠭᠡᠷᠡᠴᠢᠯᠡᠭᠡ ᠶᠢ ᠥᠷᠨᠢᠭᠦᠯᠵᠦ᠂ ᠭᠠᠵᠠᠷ ᠵᠦᠢ ᠶᠢᠨ ᠲᠡᠮᠳᠡᠭᠲᠦ ᠰᠦ ᠴᠠᠭᠠᠨ ᠢᠳᠡᠭᠡᠨ ᠤ ᠣᠷᠣᠨ | ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠢ ᠰᠢᠯᠢᠳᠡᠭᠵᠢᠭᠦᠯᠵᠦ ᠬᠦᠴᠦᠷᠬᠡᠭᠵᠢᠭᠦᠯᠦᠨ᠎ᠡ᠃ | ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 19. ᠠᠵᠤ ᠦᠢᠯᠡᠰ ᠤᠨ ᠥᠪᠡᠷᠮᠢᠴᠡ ᠣᠨᠴᠠᠯᠢᠭ ᠲᠤ ᠲᠦᠰᠢᠭᠯᠡᠨ ᠠᠵᠤ ᠠᠬᠤᠶᠢᠯᠠᠯ ᠤᠨ ᠨᠡᠷᠡᠲᠦ | ᠲᠡᠮᠳᠡᠭ ᠢ ᠴᠣᠭᠴᠠᠯᠠᠵᠤ᠂ ᠰᠦ ᠴᠠᠭᠠᠨ ᠢᠳᠡᠭᠡᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠬᠥᠲᠥᠯᠥᠨ | ᠵᠢᠯᠤᠭᠤᠳᠴᠤ ᠪᠠᠶᠢᠭᠠᠳ ᠪᠦᠲᠦᠭᠡᠭᠳᠡᠬᠦᠨ ᠤ ᠴᠢᠨᠠᠷ ᠴᠢᠨᠰᠠᠭ᠎ᠠ ᠪᠠ ᠨᠡᠷᠡᠲᠦ ᠲᠡᠮᠳᠡᠭ ᠤᠨ ᠳᠦᠷᠢ ᠲᠥᠷᠬᠦ ᠪᠠᠨ | ᠴᠣᠭᠴᠠᠯᠠᠬᠤ ᠶᠢ ᠴᠢᠩᠭᠠᠳᠬᠠᠵᠤ᠂ ᠢᠮᠠᠭᠠᠨ ᠤ ᠰᠦ᠂ ᠢᠩᠭᠡᠨ ᠤ ᠰᠦ᠂ ᠰᠠᠭᠠᠮ᠎ᠠ ᠵᠡᠷᠭᠡ ᠥᠪᠡᠷᠮᠢᠴᠡ ᠣᠨᠴᠠᠯᠢᠭ ᠲᠠᠢ | ᠰᠦ ᠴᠠᠭᠠᠨ ᠢᠳᠡᠭᠡᠨ ᠤ ᠰᠢᠨ᠎ᠡ ᠨᠡᠷᠡᠲᠦ ᠲᠡᠮᠳᠡᠭ ᠢ ᠪᠣᠢ ᠪᠣᠯᠭᠠᠵᠤ᠂ ᠠᠵᠤ ᠦᠢᠯᠡᠰ ᠤᠨ ᠬᠡᠯᠬᠢᠶᠡᠨ ᠤ ᠭᠤᠣᠯᠯᠠᠬᠤ | ᠠᠵᠤ ᠠᠬᠤᠶᠢᠯᠠᠯ ᠤᠨ ᠨᠡᠷ᠎ᠡ ᠠᠯᠳᠠᠷ ᠢ ᠳᠡᠯᠡᠬᠡᠢ ᠶᠢᠨ ᠬᠡᠪᠴᠢᠶᠡᠨ ᠳᠤ ᠳᠠᠭᠤᠷᠢᠰᠤᠭᠤᠯᠤᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 20. ᠳᠡᠯᠡᠬᠡᠢ ᠶᠢᠨ ᠰᠦ ᠰᠠᠭᠠᠯᠢ ᠶᠢᠨ ᠦᠢᠯᠡᠰ ᠤᠨ ᠶᠡᠭᠡ ᠬᠤᠷᠠᠯ ᠢ ᠰᠠᠶᠢᠲᠤᠷ ᠡᠷᠬᠢᠯᠡᠵᠦ᠂ ᠥᠪᠥᠷ | ᠮᠣᠩᠭᠤᠯ ᠤᠨ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠠᠮᠵᠢᠯᠲᠠ ᠪᠦᠲᠦᠭᠡᠯ ᠢ | ᠭᠦᠢᠴᠡᠳ ᠢᠯᠡᠷᠡᠭᠦᠯᠦᠨ᠎ᠡ᠃ ᠢᠯᠢ ᠣᠳᠣ ᠦᠶ᠎ᠡ ᠶᠢᠨ ᠣᠶᠤᠨᠯᠢᠭ ᠡᠷᠡᠭᠦᠯ ᠮᠡᠨᠳᠦ ᠶᠢᠨ ᠵᠢᠯᠠᠭ᠎ᠠ᠂ ᠮᠧᠩ ᠨᠢᠦ ᠶᠢᠨ | ᠳᠤᠮᠳᠠᠳᠤ ᠤᠯᠤᠰ ᠤᠨ ᠰᠦ ᠶᠢᠨ ᠦᠢᠯᠡᠰ ᠤᠨ ᠠᠵᠤ ᠦᠢᠯᠡᠰ ᠤᠨ ᠬᠦᠷᠢᠶᠡᠯᠡᠩ ᠬᠡᠮᠡᠬᠦ ᠬᠤᠶᠠᠷ ᠶᠡᠭᠡ ᠮᠢᠩᠭᠠᠨ | ᠳ᠋ᠦᠩᠰᠢᠭᠤᠷ ᠤᠨ ᠳᠡᠰ ᠤᠨ ︽ᠠᠵᠤ ᠦᠢᠯᠡᠰ ᠪᠠ ᠬᠤᠲᠠ ᠶᠢᠨ ᠠᠭᠤᠰᠤᠯᠴᠠᠭ᠎ᠠ︾ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠪᠥᠬᠦ ᠪᠥᠮᠪᠥᠷᠴᠡᠭ ᠤᠨ ᠰᠦ ᠰᠠᠭᠠᠯᠢ ᠶᠢᠨ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠶᠢᠨ ᠥᠨᠳᠥᠷ ᠲᠦᠪᠰᠢᠨᠲᠦ ᠭᠠᠵᠠᠷ ᠣᠷᠣᠨ ᠢ ᠴᠣᠭᠴᠠᠯᠠᠨ᠎ᠠ᠃ ︵ᠬᠠᠷᠢᠭᠤᠴᠠᠯᠭᠠᠲᠤ ᠨᠢᠭᠡᠴᠢ᠄ | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠵᠢᠷᠭᠤᠭ᠎ᠠ᠂ ᠬᠡᠷᠡᠭᠯᠡᠭᠡ ᠶᠢ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠰᠦ ᠴᠠᠭᠠᠨ ᠢᠳᠡᠭᠡᠨ ᠤ | ᠪᠣᠷᠤᠯᠠᠭᠤᠯᠭ᠎ᠠ ᠶᠢᠨ ᠬᠡᠮᠵᠢᠶ᠎ᠡ ᠶᠢ ᠥᠷᠭᠡᠳᠬᠡᠨ᠎ᠡ | 21. ᠰᠦ ᠰᠠᠭᠠᠯᠢ ᠶᠢᠨ ᠦᠢᠯᠡᠰ ᠢ ᠤᠬᠠᠭᠤᠯᠬᠤ ᠡᠷᠴᠢᠮ ᠢᠶᠠᠨ ᠴᠢᠩᠭᠠᠳᠬᠠᠵᠤ᠂ ᠰᠦ ᠴᠠᠭᠠᠨ ᠢᠳᠡᠭᠡᠨ ᠤ | ᠰᠢᠮ᠎ᠡ ᠲᠡᠵᠢᠭᠡᠯ ᠤᠨ ᠮᠡᠳᠡᠯᠭᠡ ᠶᠢ ᠲᠦᠭᠡᠮᠡᠯᠵᠢᠭᠦᠯᠵᠦ᠂ ᠣᠯᠠᠨ ᠶᠠᠩᠵᠤ ᠶᠢᠨ᠂ ᠣᠷᠣᠨ ᠨᠤᠲᠤᠭᠵᠢᠭᠰᠠᠨ ᠬᠡᠷᠡᠭᠯᠡᠭᠡᠨ ᠤ | ᠳᠠᠳᠬᠠᠯ ᠢ ᠪᠣᠢ ᠪᠣᠯᠭᠠᠨ᠎ᠠ᠃ ᠰᠦ ᠴᠠᠭᠠᠨ ᠢᠳᠡᠭᠡ ᠦᠢᠯᠡᠳᠪᠦᠷᠢᠯᠡᠵᠦ ᠡᠳ᠋ᠰᠢᠭᠦᠯᠦᠨ ᠪᠣᠯᠪᠠᠰᠤᠷᠠᠭᠤᠯᠬᠤ ᠠᠵᠤ | ᠠᠬᠤᠶᠢᠯᠠᠯ ᠤᠨ ᠬᠡᠷᠡᠭᠯᠡᠭᠡᠨ ᠤ ᠵᠦᠢᠯ ᠤᠨ ᠦᠵᠡᠰᠭᠦᠯᠡᠩ ᠤᠨ ᠴᠤᠭᠯᠠᠭᠠᠨ᠂ ᠪᠣᠬᠢᠷᠲᠤᠯ ᠦᠭᠡᠢ ᠢᠳᠡᠭᠡᠨ ᠤ ᠵᠦᠢᠯ ᠤᠨ | ᠦᠵᠡᠰᠭᠦᠯᠡᠩ ᠤᠨ ᠴᠤᠭᠯᠠᠭᠠᠨ ᠵᠡᠷᠭᠡ ᠤᠯᠤᠰ ᠤᠨ ᠳᠣᠲᠣᠭᠠᠳᠤ ᠳᠠᠬᠢ ᠨᠡᠷᠡᠲᠦ ᠳᠡᠯᠭᠡᠨ ᠪᠣᠷᠣᠯᠠᠭᠤᠯᠬᠤ | ᠴᠤᠭᠯᠠᠭᠠᠨ ᠳᠤ ᠣᠷᠣᠯᠴᠠᠬᠤ᠂ ᠳᠡᠯᠭᠡᠨ ᠪᠣᠷᠣᠯᠠᠭᠤᠯᠬᠤ ᠠᠵᠢᠯᠯᠠᠭ᠎ᠠ ᠥᠷᠨᠢᠭᠦᠯᠬᠦ ᠶᠢ ᠳᠡᠮᠵᠢᠵᠦ᠂ ᠰᠦ ᠴᠠᠭᠠᠨ | ᠢᠳᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ ᠥᠷᠭᠡᠳᠬᠡᠨ᠎ᠡ᠃ ᠶᠠᠷᠢᠶ᠎ᠠ ᠬᠡᠯᠡᠯᠴᠡᠭᠡᠨ ᠤ ᠪᠠᠶᠢᠳᠠᠯ ᠳᠤ | ᠬᠢᠨᠠᠯᠲᠠ ᠲᠠᠯᠪᠢᠬᠤ ᠶᠢ ᠴᠢᠩᠭᠠᠳᠬᠠᠵᠤ᠂ ᠨᠡᠶᠢᠭᠡᠮ ᠤᠨ ᠬᠠᠯᠠᠮᠵᠢᠯᠠᠨ ᠠᠩᠬᠠᠷᠴᠤ ᠪᠠᠶᠢᠭ᠎ᠠ ᠵᠦᠢᠯ ᠳᠤ ᠴᠠᠭ | ᠲᠤᠬᠠᠢ ᠳᠤ ᠨᠢ ᠬᠠᠷᠢᠭᠤ ᠥᠭᠴᠦ᠂ ᠥᠪᠥᠷ ᠮᠣᠩᠭᠤᠯ ᠤᠨ ᠰᠦ ᠰᠠᠭᠠᠯᠢ ᠶᠢᠨ ᠦᠢᠯᠡᠰ ᠤᠨ ᠰᠠᠶᠢᠨ ᠰᠠᠶᠢᠬᠠᠨ ᠳᠦᠷᠢ | ᠲᠥᠷᠬᠦ ᠶᠢ ᠬᠠᠮᠠᠭᠠᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ | ᠶᠠᠪᠤᠳᠠᠯ ᠤᠨ ᠲᠢᠩᠬᠢᠮ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ᠂ ᠡᠳ᠋ ᠤᠨ ᠵᠠᠰᠠᠭ ᠤᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠨᠠᠮ ᠤᠨ | ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 22. ᠠᠵᠤ ᠦᠢᠯᠡᠳᠪᠦᠷᠢ ᠶᠢᠨ ᠵᠢᠭᠤᠯᠴᠢᠯᠠᠯ ᠢ ᠬᠥᠭᠵᠢᠭᠦᠯᠬᠦ ᠶᠢ ᠵᠣᠷᠢᠭᠵᠢᠭᠤᠯᠵᠤ᠂ ᠨᠥᠬᠦᠴᠡᠯ ᠳᠤ ᠨᠡᠶᠢᠴᠡᠬᠦ | ᠰᠦ ᠰᠠᠭᠠᠯᠢ ᠶᠢᠨ ᠠᠵᠤ ᠦᠢᠯᠡᠰ ᠤᠨ ᠬᠡᠯᠬᠢᠶᠡᠨ ᠤ ᠠᠵᠤ ᠠᠬᠤᠶᠢᠯᠠᠯ ᠤᠨ ᠤᠯᠤᠰ ᠤᠨ ᠠᠵᠤ ᠦᠢᠯᠡᠳᠪᠦᠷᠢ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠠ A ᠳᠡᠰ ᠤᠨ ᠵᠢᠭᠤᠯᠴᠢᠯᠠᠯ ᠤᠨ ᠦᠵᠡᠮᠵᠢ ᠶᠢᠨ | ᠣᠷᠣᠨ ᠢ ᠡᠭᠦᠳᠦᠨ ᠪᠠᠶᠢᠭᠤᠯᠬᠤ ᠶᠢ ᠳᠡᠮᠵᠢᠵᠦ᠂ ᠰᠦ ᠴᠠᠭᠠᠨ ᠢᠳᠡᠭᠡᠨ ᠤ ︽ᠬᠡᠷᠡᠭᠯᠡᠭᠡ + ᠵᠢᠭᠤᠯᠴᠢᠯᠠᠯ︾ ᠤᠨ | ᠰᠢᠨ᠎ᠡ ᠵᠠᠭᠪᠤᠷ ᠢ ᠴᠣᠭᠴᠠᠯᠠᠨ᠎ᠠ᠃ ᠰᠡᠯᠡᠭᠦᠴᠡᠨ ᠵᠤᠭᠠᠴᠠᠬᠤ ᠰᠠᠭᠠᠯᠢ ᠶᠢᠨ ᠦᠨᠢᠶᠡᠨ ᠤ ᠮᠠᠯᠵᠢᠯ ᠤᠨ ᠲᠠᠯᠠᠪᠠᠢ ᠶᠢ | ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠲᠡᠵᠢᠭᠡᠨ ᠦᠷᠡᠵᠢᠭᠦᠯᠬᠦ | ᠲᠠᠯᠠᠪᠠᠢ ᠶᠢ ᠲᠠᠷᠢᠶᠠᠯᠠᠩ ᠠᠵᠤ ᠠᠬᠤᠢ ᠪᠠ ᠬᠥᠳᠡᠭᠡ ᠲᠣᠰᠬᠤᠨ ᠤ ᠶᠠᠮᠤᠨ ᠤ ︽ᠬᠦᠰᠡᠯ ᠮᠥᠷᠥᠭᠡᠳᠦᠯ ᠪᠦᠬᠦᠢ | ᠬᠥᠳᠡᠭᠡ ᠨᠤᠲᠤᠭ ᠤᠨ ᠵᠤᠭᠠᠴᠠᠯ︾ ᠬᠥᠳᠡᠭᠡ ᠲᠣᠰᠬᠤᠨ ᠤ ᠰᠡᠯᠡᠭᠦᠴᠡᠨ ᠵᠢᠭᠤᠯᠴᠢᠯᠠᠬᠤ ᠰᠦᠯᠵᠢᠶᠡᠨ ᠤ | ᠲᠠᠪᠴᠠᠩ ᠳᠤ ᠭᠠᠷᠭᠠᠨ ᠳᠡᠯᠭᠡᠷᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠣᠶᠣᠯ | ᠪᠠ ᠵᠢᠭᠤᠯᠴᠢᠯᠠᠯ ᠤᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 23. ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠴᠢᠳᠠᠪᠤᠷᠢᠲᠠᠨ ᠢ ᠬᠥᠮᠥᠵᠢᠭᠦᠯᠬᠦ ᠪᠠᠨ ᠴᠢᠩᠭᠠᠳᠬᠠᠵᠤ᠂ | ᠰᠦ ᠴᠠᠭᠠᠨ ᠢᠳᠡᠭᠡᠨ ᠤ ᠠᠵᠤ ᠠᠬᠤᠶᠢᠯᠠᠯ᠂ ᠡᠯ᠎ᠡ ᠲᠥᠷᠥᠯ ᠤᠨ ᠳᠡᠭᠡᠳᠦ ᠰᠤᠷᠭᠠᠭᠤᠯᠢ ᠶᠡᠭᠡ ᠰᠤᠷᠭᠠᠭᠤᠯᠢ᠂ ᠠᠵᠢᠯ | ᠮᠡᠷᠭᠡᠵᠢᠯ ᠤᠨ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠴᠢᠳᠠᠪᠤᠷᠢᠲᠠᠨ ᠬᠥᠮᠥᠵᠢᠭᠦᠯᠬᠦ ᠶᠢ ᠳᠡᠮᠵᠢᠵᠦ᠂ ᠰᠦ ᠴᠠᠭᠠᠨ ᠢᠳᠡᠭᠡᠨ ᠤ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢ | ᠠᠬᠢᠭᠤᠯᠤᠨ᠎ᠠ᠃ ᠰᠦ ᠴᠠᠭᠠᠨ ᠢᠳᠡᠭᠡᠨ ᠤ ᠠᠵᠤ ᠠᠬᠤᠶᠢᠯᠠᠯ ᠪᠠ ᠬᠤᠳᠠᠯᠳᠤᠭᠠᠴᠢᠨ ᠡᠷᠦᠬᠡ ᠶᠢᠨ ᠡᠯᠧᠺᠲᠷᠣᠨ | ᠬᠤᠳᠠᠯᠳᠤᠭᠠᠨ ᠤ ᠲᠠᠪᠴᠠᠩ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠵᠣᠷᠢᠭᠵᠢᠭᠤᠯᠵᠤ᠂ ᠣᠷᠣᠨ | ᠨᠤᠲᠤᠭ ᠤᠨ ᠣᠨᠴᠠᠯᠢᠭ ᠲᠠᠢ ᠣᠷᠳᠣᠨ ᠪᠠ ᠬᠤᠰᠢᠭᠤᠴᠢ ᠳᠡᠯᠭᠡᠭᠦᠷ ᠢ ᠡᠬᠢᠯᠡᠭᠦᠯᠦᠨ ᠨᠡᠭᠡᠭᠡᠯᠭᠡᠵᠦ᠂ ᠨᠡᠷᠡᠲᠦ ᠲᠡᠮᠳᠡᠭ | ᠪᠠ ᠴᠢᠨᠠᠷ ᠴᠢᠨᠰᠠᠭ᠎ᠠ ᠶᠢᠨ ᠬᠡᠷᠡᠭᠯᠡᠭᠡ ᠶᠢᠨ ᠰᠦᠯᠵᠢᠶ᠎ᠡ ᠪᠠᠷ ᠬᠤᠳᠠᠯᠳᠤᠨ ᠠᠪᠬᠤ ᠴᠤᠭᠯᠠᠭᠠᠨ᠂ ᠰᠦᠯᠵᠢᠶᠡᠨ ᠳᠡᠭᠡᠷᠡᠬᠢ | ᠴᠠᠭᠠᠨ ᠰᠠᠷ᠎ᠠ ᠶᠢᠨ ᠪᠠᠷᠠᠭᠠᠨ ᠤ ᠴᠤᠭᠯᠠᠭᠠᠨ ᠵᠡᠷᠭᠡ ᠭᠤᠣᠯ ᠰᠡᠳᠦᠪᠲᠦ ᠪᠠᠶᠠᠷ ᠤᠨ ᠡᠳᠦᠷ ᠢᠶᠠᠷ ᠳᠠᠮᠵᠢᠭᠤᠯᠤᠨ | ᠲᠥᠪᠯᠡᠷᠡᠭᠦᠯᠵᠦ ᠳᠡᠯᠭᠡᠷᠡᠭᠦᠯᠦᠨ ᠪᠣᠷᠣᠯᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠣᠯᠤᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠲᠡ ᠶᠢ ᠴᠢᠩᠭᠠᠳᠬᠠᠵᠤ᠂ ᠦᠷ᠎ᠡ | ᠪᠦᠲᠦᠭᠡᠯ ᠢ ᠤᠯᠠᠷᠢᠭᠤᠯᠤᠨ ᠬᠡᠷᠡᠭᠯᠡᠬᠦ ᠶᠢ ᠠᠬᠢᠭᠤᠯᠤᠨ᠎ᠠ | 24. ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠤᠨ ᠦᠢᠯᠡᠳᠦᠯ ᠢ | ᠪᠠᠳᠠᠷᠠᠭᠤᠯᠵᠤ᠂ ᠵᠢᠯ ᠪᠦᠷᠢ 1 ᠳ᠋ᠦᠩᠰᠢᠭᠤᠷ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠪᠡᠯᠡ | ᠮᠥᠩᠭᠦ ᠶᠢ ᠲᠣᠬᠢᠷᠠᠭᠤᠯᠵᠤ᠂ ᠰᠦ ᠰᠠᠭᠠᠯᠢ ᠶᠢᠨ ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠲᠣᠭᠤᠷᠢᠨ ᠳᠤ | ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ ᠨᠢᠭᠡ ᠪᠦᠯᠦᠭ ︽ᠪᠣᠭᠤᠮᠢ︾ ᠪᠣᠯᠵᠤ | ᠪᠠᠶᠢᠭ᠎ᠠ ᠮᠡᠷᠭᠡᠵᠢᠯ ᠤᠨ ᠬᠦᠴᠢᠷ ᠠᠰᠠᠭᠤᠳᠠᠯ ᠢ ᠰᠢᠪᠲᠤᠯᠤᠨ᠎ᠠ᠃ ᠰᠦ ᠴᠠᠭᠠᠨ ᠢᠳᠡᠭᠡ ᠡᠳ᠋ᠰᠢᠭᠦᠯᠦᠨ | ᠪᠣᠯᠪᠠᠰᠤᠷᠠᠭᠤᠯᠬᠤ ᠠᠵᠤ ᠠᠬᠤᠶᠢᠯᠠᠯ ᠤᠨ ᠥᠨᠳᠥᠷ ᠰᠢᠨᠵᠢᠯᠡᠭᠡ ᠮᠡᠷᠭᠡᠵᠢᠯ᠂ ᠥᠨᠳᠥᠷ ᠴᠢᠨᠠᠷ ᠴᠢᠨᠰᠠᠭ᠎ᠠ᠂ ᠥᠨᠳᠥᠷ | ᠳᠠᠭᠠᠯᠲᠠ ᠥᠷᠳᠡᠭ ᠲᠠᠢ ᠳᠡᠭᠡᠳᠦ ᠳᠡᠰ ᠳᠠᠪᠬᠤᠷᠭ᠎ᠠ ᠶᠢᠨ ᠰᠦ ᠴᠠᠭᠠᠨ ᠢᠳᠡᠭᠡ ᠨᠡᠭᠡᠭᠡᠨ ᠬᠥᠭᠵᠢᠭᠦᠯᠬᠦ ᠶᠢ ᠨᠢ | ᠳᠡᠮᠵᠢᠵᠦ᠂ ᠵᠠᠬ᠎ᠠ ᠳᠡᠯᠭᠡᠭᠦᠷ ᠤᠨ ᠵᠦᠷᠢᠶᠡᠴᠢᠯᠡᠭᠰᠡᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ︵ᠬᠠᠷᠢᠭᠤᠴᠠᠯᠭᠠᠲᠤ | ᠨᠢᠭᠡᠴᠢ᠄ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ | ᠵᠠᠰᠠᠭ ᠤᠨ ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 25. ᠡᠪᠡᠰᠦᠨ ᠦᠷ᠎ᠡ ᠶᠢᠨ ᠦᠢᠯᠡᠰ᠂ ᠰᠠᠭᠠᠯᠢ ᠶᠢᠨ ᠦᠨᠢᠶᠡᠨ ᠤ ᠡᠭᠦᠯᠳᠡᠷ ᠤᠨ ᠦᠢᠯᠡᠰ ᠤᠨ ᠰᠢᠨ᠎ᠡ | ᠡᠭᠦᠳᠦᠯᠲᠡ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠵᠢᠯ ᠪᠦᠷᠢ ︽ᠵᠠᠷᠯᠠᠯ ᠨᠡᠶᠢᠲᠡᠯᠡᠵᠦ ᠬᠤᠰᠢᠭᠤᠷᠠᠨ | ᠠᠵᠢᠯᠯᠠᠬᠤ︾ ᠬᠡᠯᠪᠡᠷᠢ ᠪᠠᠷ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠴᠢᠬᠤᠯᠠ ᠶᠡᠭᠡ ᠵᠢᠱᠢᠶ᠎ᠡ ᠦᠵᠡᠭᠦᠯᠬᠦ ᠢᠨᠵᠧᠨᠧᠷᠢᠩ ᠤᠨ ᠲᠥᠷᠥᠯ ᠵᠦᠢᠯ᠂ ᠥᠪᠡᠷᠲᠡᠭᠡᠨ ᠵᠠᠰᠠᠬᠤ | ᠣᠷᠣᠨ ᠤ ᠭᠤᠣᠯᠳᠠᠯᠭ᠎ᠠ ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ ᠢ ᠤᠯᠠᠷᠢᠭᠤᠯᠬᠤ ᠲᠥᠷᠥᠯ ᠵᠦᠢᠯ ᠤᠳ ᠢ | ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠳᠤ ᠪᠣᠳᠠᠲᠠᠶᠢᠵᠢᠭᠤᠯᠤᠨ ᠤᠯᠠᠷᠢᠭᠤᠯᠤᠭᠰᠠᠨ ᠭᠤᠣᠯᠯᠠᠬᠤ | ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠭᠰᠡᠨ ᠪᠣᠯ ᠱᠠᠩᠨᠠᠨ ᠬᠥᠬᠢᠭᠦᠯᠦᠨ᠎ᠡ᠃ ᠰᠦ ᠰᠠᠭᠠᠯᠢ ᠶᠢᠨ | ᠦᠢᠯᠡᠰ ᠤᠨ ᠪᠥᠬᠦ ᠠᠵᠤ ᠦᠢᠯᠡᠰ ᠤᠨ ᠬᠡᠯᠬᠢᠶᠡᠨ ᠤ ᠬᠦᠷᠢᠶᠡᠨ ᠳᠤ ᠰᠢᠪᠲᠤᠯᠤᠯᠲᠠ ᠶᠢᠨ ᠴᠢᠨᠠᠷ ᠲᠠᠢ ᠠᠬᠢᠴᠠ ᠲᠠᠢ | ᠪᠣᠯᠤᠭᠰᠠᠨ ᠪᠤᠶᠤ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠳᠤ ᠰᠢᠪᠲᠤᠯᠤᠯᠲᠠ ᠬᠢᠭᠰᠡᠨ ᠭᠤᠣᠯ ᠴᠣᠭᠴᠠ ᠳᠤ᠂ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠷᠥᠯ ᠵᠦᠢᠯ ᠤᠨ ᠰᠡᠳᠦᠪ | ᠲᠣᠭᠲᠠᠭᠠᠬᠤ ᠦᠶ᠎ᠡ ᠳᠤ ᠭᠤᠣᠯᠳᠠᠯᠭ᠎ᠠ ᠲᠠᠢ ᠪᠠᠷ ᠳᠡᠮᠵᠢᠯᠭᠡ ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠢᠩᠬᠢᠮ᠂ ᠡᠳ᠋ ᠤᠨ ᠵᠠᠰᠠᠭ ᠤᠨ | ᠲᠢᠩᠬᠢᠮ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 26. ᠪᠥᠬᠦ ᠠᠵᠤ ᠦᠢᠯᠡᠰ ᠤᠨ ᠬᠡᠯᠬᠢᠶᠡᠨ ᠤ ᠪᠠᠷᠢᠮᠵᠢᠶᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ | ᠬᠤᠯᠪᠣᠭᠳᠠᠯ ᠪᠦᠬᠦᠢ ᠠᠵᠤ ᠠᠬᠤᠶᠢᠯᠠᠯ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠨᠡᠶᠢᠭᠡᠮ ᠤᠨ | ᠪᠦᠯᠬᠦᠮ ᠵᠡᠷᠭᠡ ᠶᠢᠨ ᠬᠢᠨ ᠤ ᠣᠷᠣᠨ ᠨᠤᠲᠤᠭ᠂ ᠠᠵᠢᠯ ᠲᠥᠷᠥᠯ᠂ ᠪᠦᠯᠬᠦᠮ ᠨᠡᠶᠢᠲᠡ ᠵᠡᠷᠭᠡ ᠶᠢᠨ ᠪᠠᠷᠢᠮᠵᠢᠶ᠎ᠠ ᠶᠢ | ᠰᠤᠳᠤᠯᠤᠨ ᠲᠣᠭᠲᠠᠭᠠᠬᠤ ᠠᠵᠢᠯ ᠥᠷᠨᠢᠭᠦᠯᠬᠦ ᠶᠢ ᠨᠢ ᠵᠢᠯᠣᠭᠤᠳᠤᠨ᠎ᠠ᠃ ᠰᠦ ᠴᠠᠭᠠᠨ ᠢᠳᠡᠭᠡ ᠦᠢᠯᠡᠳᠪᠦᠷᠢᠯᠡᠬᠦ | ᠠᠵᠤ ᠠᠬᠤᠶᠢᠯᠠᠯ ᠤᠨ ᠢᠳᠡᠪᠬᠢᠲᠡᠢ ᠪᠠᠷ ᠤᠯᠤᠰ ᠤᠨ ᠪᠠ ᠭᠠᠵᠠᠷ ᠣᠷᠣᠨ ᠤ ᠪᠠᠷᠢᠮᠵᠢᠶ᠎ᠠ ᠲᠣᠭᠲᠠᠭᠠᠬᠤ ᠠᠵᠢᠯ ᠳᠤ | ᠣᠷᠣᠯᠴᠠᠬᠤ ᠶᠢ ᠵᠣᠷᠢᠭᠵᠢᠭᠤᠯᠵᠤ᠂ ᠠᠵᠢᠯ ᠲᠥᠷᠥᠯ ᠤᠨ ᠬᠥᠭᠵᠢᠯᠲᠡ ᠶᠢᠨ ᠬᠢᠷᠢ ᠲᠦᠪᠰᠢᠨ ᠢ ᠬᠥᠲᠥᠯᠥᠨ | ᠵᠢᠯᠤᠭᠤᠳᠴᠤ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠨᠠᠢᠮᠠ᠂ ᠬᠢᠨᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠰᠦ ᠴᠠᠭᠠᠨ ᠢᠳᠡᠭᠡᠨ ᠤ ᠴᠢᠨᠠᠷ | ᠴᠢᠨᠰᠠᠭ᠎ᠠ ᠶᠢᠨ ᠠᠮᠤᠷ ᠲᠦᠪᠰᠢᠨ ᠢ ᠪᠠᠲᠤᠯᠠᠨ᠎ᠠ | 27. ᠰᠠᠭᠠᠯᠢ ᠶᠢᠨ ᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠪᠷᠦ᠋ᠼᠧᠯ | ᠡᠪᠡᠳᠴᠢᠨ ᠤ ᠸᠠᠺᠼᠢᠨ ᠢ ᠨᠢᠭᠡᠳᠦᠯᠲᠡᠢ ᠬᠤᠳᠠᠯᠳᠤᠨ ᠠᠪᠴᠤ᠂ ᠨᠢᠷᠠᠢ ᠲᠣᠭᠤᠯ᠂ ᠰᠢᠨ᠎ᠡ ᠪᠠᠷ ᠨᠡᠮᠡᠭᠳᠡᠭᠦᠯᠦᠭᠰᠡᠨ | ᠰᠠᠭᠠᠯᠢ ᠶᠢᠨ ᠦᠨᠢᠶ᠎ᠡ ᠪᠠ ᠰᠠᠭᠠᠯᠢ ᠶᠢᠨ ᠢᠮᠠᠭ᠎ᠠ ᠳᠤ ᠡᠭᠡᠯᠢᠯᠡᠭᠡ ᠬᠢᠨ᠎ᠡ︔ ᠰᠠᠭᠠᠯᠢ ᠶᠢᠨ ᠦᠨᠢᠶᠡᠨ ᠤ | ᠬᠡᠪᠴᠢᠶᠡᠵᠢᠭᠰᠡᠨ ᠲᠠᠯᠠᠪᠠᠢ ᠶᠢᠨ ᠰᠦᠷᠢᠶ᠎ᠡ ᠡᠪᠡᠳᠴᠢᠨ ᠢ ᠪᠠᠶᠢᠴᠠᠭᠠᠨ ᠰᠢᠨᠵᠢᠬᠦ ᠳᠤ ᠦᠨᠢᠶ᠎ᠡ ᠪᠦᠷᠢ ᠳᠤ 15 | ᠲᠥᠭᠦᠷᠢᠭ ᠤᠨ ᠨᠡᠮᠡᠭᠦᠷᠢ ᠥᠭᠭᠦᠨ᠎ᠡ︔ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ ᠵᠡᠷᠭᠡ ᠶᠢ | ᠠᠷᠢᠭᠤᠳᠬᠠᠬᠤ ᠥᠪᠡᠷᠲᠡᠭᠡᠨ ᠵᠠᠰᠠᠬᠤ ᠣᠷᠣᠨ ᠤ ᠳᠡᠰ ᠤᠨ ᠡᠭᠦᠳᠦᠨ ᠪᠠᠶᠢᠭᠤᠯᠤᠭᠰᠠᠨ ᠲᠠᠯᠠᠪᠠᠢ ᠪᠠᠷ ᠦᠨᠡᠯᠡᠨ | ᠵᠢᠱᠢᠭᠦᠯᠵᠦ ᠪᠠᠲᠤᠯᠠᠭᠳᠠᠭᠰᠠᠨ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ ᠲᠠᠯᠠᠪᠠᠢ ᠳᠤ 50 ᠲᠦᠮᠡᠨ | ᠲᠥᠭᠦᠷᠢᠭ ᠱᠠᠩᠨᠠᠵᠤ᠂ ᠤᠯᠤᠰ ᠤᠨ ᠳᠡᠰ ᠤᠨ ᠠᠷᠢᠭᠤᠳᠬᠠᠬᠤ ᠲᠠᠯᠠᠪᠠᠢ ᠪᠤᠶᠤ ᠤᠯᠤᠰ ᠤᠨ ᠳᠡᠰ ᠤᠨ ᠬᠢᠵᠢᠭ ᠦᠭᠡᠢ | ᠬᠤᠷᠢᠶᠠᠯᠠᠯ ᠢᠶᠠᠷ ᠦᠨᠡᠯᠡᠨ ᠵᠢᠱᠢᠭᠦᠯᠵᠦ ᠪᠠᠲᠤᠯᠠᠭᠳᠠᠭᠰᠠᠨ ᠰᠠᠭᠠᠯᠢ ᠶᠢᠨ ᠮᠠᠯ ᠤᠨ ᠲᠡᠵᠢᠭᠡᠨ ᠦᠷᠡᠵᠢᠭᠦᠯᠬᠦ | ᠲᠠᠯᠠᠪᠠᠢ ᠳᠤ 100 ᠲᠦᠮᠡᠨ ᠲᠥᠭᠦᠷᠢᠭ ᠱᠠᠩᠨᠠᠨ᠎ᠠ᠃ ᠪᠷᠦ᠋ᠼᠧᠯ ᠡᠪᠡᠳᠴᠢᠨ᠂ ᠦᠬᠡᠷ ᠤᠨ ᠰᠦᠷᠢᠶ᠎ᠡ ᠡᠪᠡᠳᠴᠢᠨ | ᠵᠡᠷᠭᠡ ᠬᠥᠮᠥᠨ ᠪᠠ ᠮᠠᠯ ᠳᠤ ᠴᠥᠮ ᠲᠣᠰᠳᠠᠭ ᠭᠡᠮ ᠬᠢᠵᠢᠭ ᠪᠠ ᠰᠠᠭᠠᠯᠢ ᠶᠢᠨ ᠦᠨᠢᠶᠡᠨ ᠤ ᠦᠷᠭᠦᠯᠵᠢ | ᠲᠣᠬᠢᠶᠠᠯᠳᠤᠳᠠᠭ ᠡᠪᠡᠳᠴᠢᠨ ᠤ ᠸᠠᠺᠼᠢᠨ ᠢ ᠰᠤᠳᠤᠯᠤᠨ ᠨᠡᠭᠡᠭᠡᠬᠦ ᠪᠠ ᠳᠡᠯᠭᠡᠷᠡᠭᠦᠯᠦᠨ ᠬᠡᠷᠡᠭᠯᠡᠬᠦ ᠳᠤ ᠳᠡᠮᠵᠢᠯᠭᠡ | ᠦᠵᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠡᠪᠡᠳᠴᠢᠨ ᠡᠮᠭᠡᠭ ᠢ | ᠰᠡᠷᠭᠡᠶᠢᠯᠡᠨ ᠬᠤᠷᠢᠭᠯᠠᠬᠤ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | | 28. ᠤᠯᠤᠰ᠂ ᠥᠪᠡᠷᠲᠡᠭᠡᠨ ᠵᠠᠰᠠᠬᠤ ᠣᠷᠣᠨ ᠤ ᠲᠦᠭᠦᠬᠡᠢ ᠰᠦ ᠶᠢᠨ ᠴᠢᠨᠠᠷ ᠴᠢᠨᠰᠠᠭ᠎ᠠ ᠶᠢᠨ ᠠᠮᠤᠷ | ᠲᠦᠪᠰᠢᠨ ᠤ ᠬᠢᠨᠠᠯᠲᠠ ᠬᠡᠮᠵᠢᠯᠲᠡ ᠶᠢᠨ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠲᠦᠭᠦᠬᠡᠢ ᠰᠦ ᠬᠤᠳᠠᠯᠳᠤᠨ | ᠠᠪᠬᠤ ᠥᠷᠳᠡᠭᠡ ᠪᠠ ᠵᠥᠭᠡᠭᠡᠪᠦᠷᠢᠯᠡᠬᠦ ᠲᠡᠷᠭᠡ ᠬᠥᠰᠬᠡ ᠪᠥᠬᠦᠨ ᠳᠤ ᠬᠢᠨᠠᠯᠲᠠ ᠬᠡᠮᠵᠢᠯᠲᠡ ᠬᠢᠬᠦ ᠶᠢ ᠪᠠᠲᠤᠯᠠᠨ᠎ᠠ᠃ | ᠵᠠᠬ᠎ᠠ ᠳᠡᠯᠭᠡᠭᠦᠷ ᠤᠨ ᠬᠠᠩᠭᠠᠨ ᠪᠣᠷᠣᠯᠠᠭᠤᠯᠬᠤ ᠡᠮᠬᠢ ᠳᠢᠭᠯᠢᠮ ᠢ ᠡᠪᠳᠡᠬᠦ ᠵᠡᠷᠭᠡ ᠬᠠᠤᠯᠢ ᠲᠣᠭᠲᠠᠭᠠᠯ ᠠᠴᠠ | ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠷᠢ ᠲᠡᠩᠴᠡᠬᠦ ᠦᠭᠡᠢ ᠦᠢᠯᠡᠳᠪᠦᠷᠢᠯᠡᠯ | ᠡᠵᠡᠩᠨᠡᠯᠲᠡ ᠶᠢᠨ ᠭᠤᠣᠯ ᠴᠣᠭᠴᠠ ᠶᠢ ᠬᠠᠤᠯᠢ ᠶᠣᠰᠣᠭᠠᠷ ᠬᠦᠴᠦᠨ ᠦᠭᠡᠢ ᠪᠣᠯᠭᠠᠨ᠎ᠠ᠃ ︵ᠬᠠᠷᠢᠭᠤᠴᠠᠯᠭᠠᠲᠤ ᠨᠢᠭᠡᠴᠢ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠶᠢᠰᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠎ᠡ | 29. ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠵᠤ᠂ ︽ᠬᠡᠯᠬᠢᠶᠡᠨ ᠳᠠᠷᠤᠭ᠎ᠠ ᠶᠢᠨ ᠳᠦᠷᠢᠮ︾ | ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠵᠤ᠂ ᠠᠵᠢᠯᠯᠠᠬᠤ | ᠡᠷᠴᠢᠮ ᠢᠶᠠᠨ ᠴᠢᠩᠭᠠᠷᠠᠭᠤᠯᠵᠤ᠂ ᠬᠠᠮᠵᠢᠯᠴᠠᠵᠤ ᠬᠠᠮᠲᠤᠷᠠᠬᠤ ᠪᠠᠨ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠰᠠᠶᠢᠲᠤᠷ ᠬᠢᠨ᠎ᠡ᠃ ᠨᠡᠮᠡᠭᠦᠷᠢ ᠶᠢᠨ ᠲᠥᠷᠥᠯ ᠤᠨ ᠲᠥᠷᠥ ᠶᠢᠨ ᠪᠣᠳᠣᠯᠭ᠎ᠠ ᠳᠤ ᠬᠡᠷᠡᠭᠵᠢᠭᠦᠯᠬᠦ ᠨᠠᠷᠢᠨ | ᠳᠦᠷᠢᠮ ︵ᠲᠥᠰᠥᠯ︶ ᠲᠣᠭᠲᠠᠭᠠᠵᠤ᠂ ᠡᠯ᠎ᠡ ᠬᠠᠷᠢᠭᠤᠴᠠᠯᠭᠠᠲᠤ ᠨᠢᠭᠡᠴᠢ ᠨᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠬᠤ ᠪᠠᠨ ᠴᠢᠩᠳᠠᠯᠠᠵᠤ᠂ ᠠᠵᠢᠯ ᠤᠨ ᠲᠣᠬᠢᠷᠠᠭᠤᠯᠤᠯᠲᠠ ᠪᠠᠨ ᠴᠢᠩᠭᠠᠳᠬᠠᠵᠤ᠂ ᠴᠠᠭ ᠲᠤᠬᠠᠢ ᠳᠤ ᠨᠢ | ᠠᠵᠢᠯ ᠢᠶᠠᠨ ᠰᠤᠳᠤᠯᠵᠤ᠂ ᠡᠭᠦᠷᠭᠡ ᠪᠠᠨ ᠳᠣᠷᠣᠭᠰᠢ ᠳᠡᠯᠭᠡᠨ ᠪᠠᠶᠢᠷᠢᠯᠠᠭᠤᠯᠵᠤ᠂ ᠠᠰᠠᠭᠤᠳᠠᠯ ᠢ ᠰᠢᠢᠳᠪᠦᠷᠢᠯᠡᠨ᠂ | ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤ ᠨᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ | ᠵᠠᠰᠠᠭ ᠤᠨ ᠣᠷᠳᠣᠨ ᠳᠤ ᠳᠡᠪᠰᠢᠭᠦᠯᠵᠦ ᠰᠤᠳᠤᠯᠤᠭᠤᠯᠬᠤ ᠬᠡᠷᠡᠭᠲᠡᠢ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ | ᠵᠠᠰᠠᠬᠤ ᠣᠷᠣᠨ ᠤ ᠡᠯ᠎ᠡ ᠬᠠᠷᠢᠭᠤᠴᠠᠯᠭᠠᠲᠤ ᠨᠢᠭᠡᠴᠢ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 30. ᠲᠦᠭᠦᠬᠡᠢ ᠰᠦ ᠶᠢᠨ ᠦᠢᠯᠡᠳᠪᠦᠷᠢᠯᠡᠬᠦ ᠥᠪᠡᠷ ᠤᠨ ᠥᠷᠳᠡᠭ ᠢ ᠬᠢᠨᠠᠨ ᠬᠡᠮᠵᠢᠬᠦ ᠠᠵᠢᠯ ᠢ ᠰᠠᠶᠢᠲᠤᠷ | ᠬᠢᠵᠦ᠂ ᠠᠷᠠᠯᠵᠢᠶᠠᠨ ᠤ ᠯᠠᠪᠯᠠᠯᠲᠠ ᠶᠢᠨ ᠦᠨ᠎ᠡ ᠬᠠᠩᠰᠢ ᠶᠢᠨ ᠬᠡᠪ ᠵᠠᠭᠪᠤᠷ ᠢ ᠰᠢᠨᠵᠢᠯᠡᠬᠦ ᠤᠬᠠᠭᠠᠨᠴᠢ ᠪᠠᠷ ᠪᠠᠶᠢᠭᠤᠯᠵᠤ᠂ | ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠲᠦᠭᠦᠬᠡᠢ ᠰᠦ ᠶᠢᠨ ᠦᠨ᠎ᠡ ᠬᠠᠩᠰᠢ ᠶᠢ ᠵᠥᠪᠳᠡᠯᠴᠡᠬᠦ | ᠲᠣᠭᠲᠠᠴᠠ ᠶᠢ ᠨᠠᠶᠢᠳᠠᠪᠤᠷᠢᠵᠢᠭᠤᠯᠵᠤ᠂ ᠲᠦᠭᠦᠬᠡᠢ ᠰᠦ ᠪᠣᠷᠣᠯᠠᠭᠤᠯᠬᠤ ᠪᠠ ᠬᠤᠳᠠᠯᠳᠤᠨ ᠠᠪᠬᠤ ᠡᠮᠬᠢ ᠳᠢᠭᠯᠢᠮ ᠢ | ᠲᠣᠭᠲᠠᠪᠤᠷᠢᠵᠢᠭᠤᠯᠤᠨ᠎ᠠ᠃ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ ᠦᠨᠡᠯᠡᠯᠲᠡ ᠵᠢᠱᠢᠯᠲᠡ ᠶᠢ | ᠢᠳᠡᠪᠬᠢᠲᠡᠢ ᠪᠠᠷ ᠥᠷᠨᠢᠭᠦᠯᠵᠦ᠂ ᠵᠠᠬ᠎ᠠ ᠳᠡᠯᠭᠡᠭᠦᠷ ᠤᠨ ᠰᠡᠷᠡᠮᠵᠢᠯᠡᠭᠦᠯᠬᠦ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠭᠡᠨᠡᠳᠲᠡ ᠶᠢᠨ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠵᠦ᠂ ᠬᠡᠲᠦᠷᠡᠮᠡᠬᠡᠢ ᠪᠠᠶᠢᠳᠠᠯ ᠡᠭᠦᠰᠬᠦ ᠠᠴᠠ | ᠰᠡᠷᠭᠡᠶᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ | ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ | ᠪᠠ ᠮᠡᠳᠡᠭᠡ ᠵᠠᠩᠭᠢᠴᠢᠯᠠᠯᠲᠠ ᠶᠢᠨ ᠬᠤᠷᠢᠶᠠᠨ ᠤ ᠠᠯᠪᠠᠨ ᠭᠡᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 31. ᠰᠠᠯᠭᠠᠨ ᠥᠭᠬᠦ ᠲᠣᠭᠲᠠᠴᠠ ᠳᠤ ᠰᠢᠨ᠎ᠡ ᠶᠢ ᠡᠭᠦᠳᠴᠦ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠲᠥᠷᠥᠯ ᠵᠦᠢᠯ ᠤᠨ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠵᠤ᠂ | ᠲᠥᠷᠥᠯ ᠵᠦᠢᠯ ᠤᠨ ᠪᠡᠯᠡ ᠮᠥᠩᠭᠦ ᠶᠢ ᠠᠶᠢᠮᠠᠭ ᠬᠤᠲᠠ ᠠᠴᠠ ᠬᠡᠷᠡᠭᠵᠢᠭᠦᠯᠬᠦ ᠭᠤᠣᠯ ᠴᠣᠭᠴᠠ ᠳᠤ ᠰᠢᠭᠤᠳ | ᠰᠠᠯᠭᠠᠨ ᠥᠭᠭᠦᠨ᠎ᠡ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠨᠢ ᠡᠯ᠎ᠡ ᠲᠦᠷᠦᠭᠦᠯᠡᠨ | ᠬᠠᠷᠢᠭᠤᠴᠠᠬᠤ ᠰᠠᠯᠠᠭ᠎ᠠ ᠮᠥᠴᠢᠷ ᠲᠠᠢ ᠬᠠᠮᠲᠤᠷᠠᠨ ᠪᠡᠯᠡ ᠮᠥᠩᠭᠦᠨ ᠤ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ | ᠪᠡᠯᠡ ᠮᠥᠩᠭᠦᠨ ᠤ ᠵᠠᠷᠤᠯᠭ᠎ᠠ ᠶᠢᠨ ᠠᠬᠢᠴᠠ ᠵᠡᠷᠭᠡ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠵᠤ᠂ | ᠪᠡᠯᠡ ᠮᠥᠩᠭᠦ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠭᠦᠢᠴᠡᠳ ᠰᠠᠯᠭᠠᠨ ᠥᠭᠴᠦ ᠪᠣᠳᠠᠲᠠᠶᠢᠵᠢᠭᠤᠯᠬᠤ ᠶᠢ | ᠦᠨᠡᠨ ᠬᠦ ᠪᠠᠲᠤᠯᠠᠨ᠎ᠠ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 32. ᠰᠠᠭᠤᠷᠢ ᠮᠥᠩᠭᠦᠨ ᠤ ᠵᠢᠭᠡᠯᠡᠯᠭᠡ ᠶᠢᠨ ᠲᠡᠮᠳᠡᠭᠲᠦ᠂ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ | ᠰᠠᠶᠢᠲᠤᠷ ᠬᠡᠷᠡᠭᠯᠡᠵᠦ ᠨᠥᠭᠡᠴᠡ ᠭᠦᠢᠴᠡᠳ ᠮᠥᠷᠲᠡᠭᠡᠨ ᠠᠵᠢᠯ ᠡᠬᠢᠯᠡᠭᠦᠯᠬᠦ ᠨᠥᠬᠦᠴᠡᠯ ᠲᠠᠢ ᠰᠦ ᠰᠠᠭᠠᠯᠢ ᠶᠢᠨ ᠠᠵᠤ | ᠦᠢᠯᠡᠰ ᠤᠨ ᠬᠡᠯᠬᠢᠶᠡᠨ ᠤ ᠴᠢᠨᠠᠷ ᠰᠠᠶᠢᠲᠠᠢ ᠬᠥᠭᠵᠢᠯᠲᠡ ᠶᠢᠨ ᠲᠥᠷᠥᠯ ᠵᠦᠢᠯ ᠢ ᠤᠷᠢᠳ ᠢᠶᠠᠷ ᠳᠡᠮᠵᠢᠨ᠎ᠡ᠃ ᠰᠦ | ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠳᠠᠬᠢ ᠪᠡᠯᠡ ᠣᠷᠤᠭᠤᠯᠤᠯᠲᠠ ᠶᠢᠨ ᠪᠡᠯᠡ ᠮᠥᠩᠭᠦ ᠶᠢ | ᠰᠠᠶᠢᠲᠤᠷ ᠬᠡᠷᠡᠭᠯᠡᠵᠦ᠂ ᠲᠡᠵᠢᠭᠡᠨ ᠦᠷᠡᠵᠢᠭᠦᠯᠬᠦ᠂ ᠡᠪᠡᠰᠦᠨ ᠤ ᠦᠢᠯᠡᠰ ᠵᠡᠷᠭᠡ ᠭᠤᠣᠯᠳᠠᠯᠭ᠎ᠠ ᠪᠣᠯᠬᠤ ᠲᠥᠷᠥᠯ ᠵᠦᠢᠯ ᠢ | ᠤᠷᠢᠳ ᠢᠶᠠᠷ ᠳᠡᠮᠵᠢᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ | ᠶᠣᠰᠣᠭᠠᠷ ᠬᠠᠷᠢᠭᠤᠴᠠᠨ᠎ᠠ︶ | 33. ᠮᠥᠩᠭᠦᠨ ᠭᠦᠢᠯᠭᠡᠭᠡᠨ ᠤ ᠳᠡᠮᠵᠢᠯᠭᠡ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠠᠵᠤ | ᠦᠢᠯᠡᠰ ᠤᠨ ᠵᠠᠬ᠎ᠠ ᠳᠤ ᠭᠠᠷᠴᠤ ᠫᠠᠶᠢᠰᠠ ᠡᠯᠭᠦᠬᠦ ᠶᠢ ᠱᠠᠩᠨᠠᠨ ᠨᠥᠬᠦᠪᠦᠷᠢᠯᠡᠬᠦ ᠬᠤᠯᠪᠣᠭᠳᠠᠯ ᠪᠦᠬᠦᠢ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠨᠥᠬᠦᠴᠡᠯ ᠳᠤ ᠨᠡᠶᠢᠴᠡᠭᠰᠡᠨ ᠡᠪᠡᠰᠦᠨ ᠤ ᠦᠢᠯᠡᠰ᠂ ᠰᠦ ᠶᠢᠨ ᠦᠢᠯᠡᠰ ᠵᠡᠷᠭᠡ | ᠠᠵᠤ ᠠᠬᠤᠶᠢᠯᠠᠯ ᠤᠨ ᠫᠠᠶᠢᠰᠠ ᠡᠯᠭᠦᠬᠦ᠂ ᠵᠠᠬ᠎ᠠ ᠳᠤ ᠭᠠᠷᠴᠤ ᠪᠡᠯᠡ ᠲᠣᠬᠢᠷᠠᠭᠤᠯᠬᠤ ᠪᠠ ᠵᠢᠭᠡᠯᠡᠯᠭᠡ ᠶᠢᠨ ᠲᠡᠮᠳᠡᠭᠲᠦ | ᠲᠠᠷᠬᠠᠭᠠᠬᠤ ᠶᠢ ᠳᠡᠮᠵᠢᠨ᠎ᠡ︔ ︽ᠪᠠᠲᠤᠯᠠᠬᠤ ᠳᠤ ᠲᠤᠰᠠᠯᠠᠬᠤ ᠵᠢᠭᠡᠯᠡᠯᠭᠡ︾᠂ ︽ᠠᠮᠢᠳᠤ ᠪᠡᠶᠡᠲᠦ ᠶᠢᠨ ᠵᠢᠭᠡᠯᠡᠯᠭᠡ︾᠂ | ︽ᠳᠠᠭᠠᠳᠬᠠᠯ ᠤᠨ ᠬᠠᠭᠤᠳᠠᠰᠤ ᠪᠠᠷ ᠳᠠᠨᠵᠢᠯᠠᠬᠤ︾᠂ ︽ᠬᠥᠬᠡ ᠳᠠᠷᠤᠰᠢ ᠶᠢᠨ ᠵᠢᠭᠡᠯᠡᠯᠭᠡ︾ ᠵᠡᠷᠭᠡ ᠮᠥᠩᠭᠦᠨ | ᠭᠦᠢᠯᠭᠡᠭᠡᠨ ᠤ ᠨᠡᠷᠡᠳᠭᠦᠨ ᠢ ᠶᠡᠭᠡ ᠬᠦᠴᠦᠨ ᠢᠶᠠᠷ ᠳᠡᠯᠭᠡᠷᠡᠭᠦᠯᠦᠨ᠎ᠡ︔ ᠦᠨᠢᠶᠡᠨ ᠰᠦ ᠶᠢᠨ ᠦᠨ᠎ᠡ ᠬᠠᠩᠰᠢ ᠶᠢᠨ | ᠳᠠᠭᠠᠳᠬᠠᠯ ᠤᠨ ᠲᠤᠷᠰᠢᠯᠲᠠ ᠶᠢᠨ ᠴᠡᠭ ᠢ ᠰᠦᠪᠡᠭᠴᠢᠯᠡᠨ ᠥᠷᠨᠢᠭᠦᠯᠦᠨ᠎ᠡ︔ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢᠨ ᠵᠢᠭᠡᠯᠡᠯᠭᠡ ᠶᠢᠨ ᠬᠤᠭᠤᠴᠠᠭ᠎ᠠ ᠶᠢ ᠵᠣᠬᠢᠰᠲᠠᠢ | ᠲᠣᠭᠲᠠᠭᠠᠬᠤ ᠶᠢ ᠵᠣᠷᠢᠭᠵᠢᠭᠤᠯᠵᠤ᠂ ᠤᠷᠲᠤᠪᠲᠤᠷ ᠪᠠ ᠤᠷᠳᠤ ᠬᠤᠭᠤᠴᠠᠭᠠᠨ ᠤ ᠬᠠᠷᠠᠭᠠᠯᠵᠠᠯᠲᠤ ᠬᠦᠦ ᠮᠥᠩᠭᠦᠨ ᠤ | ᠨᠣᠷᠮ᠎ᠠ ᠶᠢᠨ ᠵᠢᠭᠡᠯᠡᠯᠭᠡ ᠣᠯᠭᠤᠵᠤ᠂ ᠤᠷᠲᠤᠪᠲᠤᠷ ᠪᠠ ᠤᠷᠳᠤ ᠬᠤᠭᠤᠴᠠᠭᠠᠨ ᠤ ᠵᠢᠭᠡᠯᠡᠯᠭᠡ ᠶᠢᠨ ᠡᠵᠡᠯᠡᠬᠦ ᠬᠠᠷᠢᠴᠠᠯ ᠢ | ᠳᠡᠭᠡᠭᠰᠢᠯᠡᠭᠦᠯᠵᠦ᠂ ᠲᠠᠷᠢᠶᠠᠯᠠᠩ ᠲᠠᠢ ᠬᠤᠯᠪᠣᠭᠳᠠᠬᠤ ᠵᠢᠭᠡᠯᠡᠯᠭᠡ ᠶᠢᠨ ᠲᠦᠭᠰᠢᠭᠦᠷᠢ ᠶᠢᠨ ᠬᠦᠯᠢᠴᠡᠨ ᠲᠡᠰᠪᠦᠷᠢᠯᠡᠬᠦ | ᠪᠠᠶᠢᠳᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ | ᠪᠠᠩᠬᠢ᠂ ᠤᠯᠤᠰ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶᠠᠨ ᠤ ᠥᠪᠥᠷ | ᠮᠣᠩᠭᠤᠯ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠥᠪᠥᠷ ᠮᠣᠩᠭᠤᠯ ᠤᠨ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ᠳᠡᠭᠡᠷᠡᠬᠢ ᠲᠥᠷᠥ ᠶᠢᠨ ᠪᠣᠳᠣᠯᠭ᠎ᠠ ᠶᠢ 2023 ᠣᠨ ᠤ 10 ᠳ᠋ᠤᠭᠠᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠵᠦ᠂ 2025 ᠣᠨ ᠤ 12 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠦᠴᠦᠨ ᠲᠠᠢ᠃ | ︽ᠰᠦ ᠰᠠᠭᠠᠯᠢ ᠶᠢᠨ ᠦᠢᠯᠡᠰ ᠤᠨ ᠥᠷᠨᠢᠭᠦᠨ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠨᠦᠭᠦᠳ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ | ﹇2019﹈ 33 ᠳ᠋ᠤᠭᠠᠷ ᠲᠣᠭᠠᠲᠤ︶᠂ ︽ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠶᠢᠰᠦᠨ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ | ᠲᠠᠷᠬᠠᠭᠠᠭᠰᠠᠨ ﹇2022﹈ 18 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠲᠦᠭᠦᠬᠡᠢ ᠰᠦ ᠶᠢ ᠠᠶᠢᠮᠠᠭ ᠬᠤᠲᠠ ᠠᠯᠤᠰᠯᠠᠨ ᠰᠢᠯᠵᠢᠭᠦᠯᠦᠨ ᠵᠥᠭᠡᠭᠡᠪᠦᠷᠢᠯᠡᠬᠦ ᠨᠡᠮᠡᠭᠦᠷᠢ ᠶᠢᠨ ᠬᠡᠷᠡᠭᠵᠢᠭᠦᠯᠬᠦ ᠨᠠᠷᠢᠨ | ᠳᠦᠷᠢᠮ︾ ︵ᠥᠪᠥᠷ ᠲᠠᠷᠢᠶᠠᠯᠠᠩ ᠮᠠᠯ ᠠᠵᠤ ᠠᠬᠤᠢ ᠲᠠᠷᠬᠠᠭᠠᠭᠰᠠᠨ ﹇2022﹈ 507 ᠳ᠋ᠤᠭᠠᠷ ᠲᠣᠭᠠᠲᠤ︶ ᠢ | ᠲᠣᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠡᠳᠦᠷ ᠠᠴᠠ ᠡᠬᠢᠯᠡᠨ ᠬᠠᠮᠲᠤ ᠳᠤ ᠨᠢ | ᠬᠦᠴᠦᠨ ᠦᠭᠡᠢ ᠪᠣᠯᠭᠠᠨ᠎ᠠ᠃ | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ | 2023 ᠣᠨ ᠤ 9 ᠳ᠋ᠦ᠋ᠭᠡᠷ ᠰᠠᠷ᠎ᠠ ᠶᠢᠨ 20 ᠤ ᠡᠳᠦᠷ ᠳᠠᠷᠤᠮᠠᠯᠯᠠᠨ ᠲᠠᠷᠬᠠᠭᠠᠪᠠ | | |