ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠠᠩᠬᠠᠳᠤᠭᠠᠷ ᠪᠦᠯᠦᠭ ᠤᠨ ᠴᠠᠭᠠᠨ ᠨᠡᠷᠡᠰ ᠢ ᠨᠡᠶᠢᠲᠡᠯᠡᠬᠦ ᠲᠤᠬᠠᠢ ᠦᠴᠦᠸᠠᠨ ᠰᠢᠶᠠᠨ ᠤ ᠵᠠᠷᠯᠠᠯ
ᠨᠡᠶᠢᠲᠡᠯᠡᠭᠰᠡᠨ ᠴᠠᠭ᠄
2024/1/19
     ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠥᠷᠭᠡᠨ ᠣᠯᠠᠨ ᠰᠣᠷᠣᠭᠴᠢ ᠭᠡᠷ ᠤᠨ ᠠᠬᠠᠮᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠡᠷᠡᠭᠦᠯ ᠢᠶᠠᠷ ᠦᠰᠦᠨ ᠪᠣᠶᠢᠵᠢᠬᠤ ᠶᠢ ᠪᠦᠲᠦᠮᠵᠢᠲᠡᠶ ᠠᠬᠢᠭᠤᠯᠬᠤ ᠶᠢᠨ ᠲᠥᠯᠥᠭᠡ᠂ ᠡᠳᠦᠭᠡ ᠦᠴᠦᠸᠠᠨ ᠰᠢᠶᠠᠨ ᠤ ᠠᠩᠬᠠᠳᠤᠭᠠᠷ ᠪᠦᠯᠦᠭ ᠤᠨ ᠰᠤᠷᠭᠠᠭᠤᠯᠢ ᠶᠢᠨ ᠭᠠᠳᠠᠨᠠᠬᠢ 3 ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠴᠠᠭᠠᠨ ᠨᠡᠷᠡᠰ ᠢ ᠳᠣᠣᠷᠠᠬᠢ ᠮᠡᠲᠦ ᠨᠡᠶᠢᠲᠡᠯᠡᠶ᠎ᠡ᠄
     ᠳᠡᠭᠡᠷᠡᠬᠢ ᠬᠢᠴᠢᠶᠡᠯ ᠲᠥᠷᠥᠯ ᠤᠨ ᠪᠤᠰᠤ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ  ᠨᠢ ᠨᠢᠭᠡᠨᠲᠡ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠭᠰᠡᠨ ᠪᠢᠴᠢᠭ ᠢ ᠣᠯᠵᠤ᠂ ᠠᠵᠤ ᠠᠬᠤᠶᠢᠯᠠᠯ ᠤᠨ ᠰᠤᠷᠭᠠᠭᠤᠯᠢ ᠡᠷᠭᠢᠯᠡᠬᠦ ᠬᠢᠷᠢ ᠬᠡᠮ᠂ ᠪᠠᠭᠰᠢ ᠶᠢᠨ ᠬᠢᠷᠢ ᠬᠡᠮ᠂ ᠲᠠᠯᠠᠪᠤᠷ ᠤᠨ ᠭᠠᠳᠠᠨᠠᠬᠢ ᠠᠮᠤᠷ ᠲᠦᠪᠰᠢᠨ ᠨᠢ ᠴᠥᠮ ᠬᠠᠮᠢᠶ᠎ᠠ ᠪᠦᠬᠦᠢ ᠱᠠᠭᠠᠷᠳᠠᠯᠭ᠎ᠠ ᠳᠤ ᠬᠦᠷᠦᠭᠰᠡᠨ ᠪᠥᠭᠡᠳ ᠪᠥᠬᠦ ᠤᠯᠤᠰ ᠤᠨ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠢᠨᠠᠯᠲᠠ ᠪᠣᠯᠪᠠᠰᠤᠷᠠᠭᠤᠯᠤᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠶᠡᠷᠦᠩᠬᠡᠶᠢᠯᠡᠭᠰᠡᠨ ᠲᠠᠪᠴᠠᠩ ᠢᠶᠠᠷ ᠳᠠᠮᠵᠢᠭᠤᠯᠤᠨ ᠪᠥᠬᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ᠂ ᠬᠡᠷᠪᠡ ᠲᠠᠨ ᠤ ᠬᠡᠦᠬᠡᠳ ᠬᠢᠴᠢᠶᠡᠯ ᠲᠥᠷᠥᠯ ᠤᠨ ᠪᠤᠰᠤ ᠪᠣᠯᠪᠠᠰᠤᠷᠠᠭᠤᠯᠤᠯ ᠤᠨ ᠱᠠᠭᠠᠷᠳᠠᠯᠭ᠎ᠠ ᠲᠠᠢ ᠪᠠᠶᠢᠪᠠᠯ᠂ ᠪᠠᠶᠢᠭᠤᠯᠤᠮᠵᠢ ᠶᠢ ᠰᠣᠩᠭᠤᠵᠤ ᠪᠣᠯᠪᠠᠰᠤᠷᠠᠭᠤᠯᠬᠤ ᠳᠠᠭᠠᠨ ᠡᠷᠬᠡᠪᠰᠢ ᠲᠣᠰ ᠪᠠᠶᠢᠭᠤᠯᠤᠮᠵᠢ ᠶᠢᠨ ᠬᠠᠮᠢᠶ᠎ᠠ ᠪᠦᠬᠦᠢ ᠬᠢᠷᠢ ᠬᠡᠮ ᠲᠠᠢ ᠪᠠᠶᠢᠬᠤ ᠶᠢ ᠨᠤᠲᠠᠯᠠᠵᠤ᠂ ᠲᠣᠰ ᠪᠡᠶ᠎ᠡ ᠶᠢᠨ ᠬᠠᠤᠯᠢ ᠶᠣᠰᠣᠨ ᠤ ᠡᠷᠬᠡ ᠠᠰᠢᠭ ᠢᠶᠠᠨ ᠪᠦᠲᠦᠮᠵᠢᠲᠡᠶ ᠪᠠᠲᠤᠯᠠᠨ᠂ ᠵᠦᠪᠰᠢᠶᠡᠷᠡᠯ ᠤᠨ ᠪᠢᠴᠢᠭ ᠦᠭᠡᠢ᠂ ᠦᠨᠡᠮᠯᠡᠯ ᠦᠭᠡᠢ᠂ ᠬᠢᠷᠢ ᠬᠡᠮ ᠦᠭᠡᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢ ᠰᠣᠩᠭᠤᠬᠤ ᠠᠴᠠ ᠵᠠᠶᠢᠯᠠᠰᠬᠢᠵᠦ᠂ ᠪᠣᠯᠪᠠᠰᠤᠷᠠᠭᠤᠯᠤᠯ ᠤᠨ ᠪᠠᠶᠢᠭᠤᠯᠤᠮᠵᠢ ᠡᠭᠦᠳᠡ ᠪᠠᠨ ᠬᠠᠭᠠᠬᠤ ᠪᠤᠶᠤ ᠵᠣᠭᠤᠰ ᠢᠶᠠᠨ ᠡᠪᠬᠡᠵᠦ ᠳᠤᠲᠠᠭᠠᠬᠤ ᠠᠵᠤ ᠠᠬᠤᠢ ᠶᠢᠨ ᠬᠤᠬᠢᠷᠠᠯ ᠤᠴᠠᠷᠠᠬᠤ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ᠃      ᠦᠴᠦᠸᠠᠨ ᠰᠢᠶᠠᠨ ᠤ ︽ᠬᠤᠶᠠᠷ ᠢ ᠬᠥᠩᠭᠡᠷᠡᠭᠦᠯᠬᠦ︾ ᠬᠠᠮᠲᠤᠷᠠᠭᠰᠠᠨ ᠬᠤᠷᠠᠯᠳᠤᠭᠠᠨ ᠤ ᠲᠣᠭᠲᠠᠴᠠ ᠶᠢᠨ ᠠᠯᠪᠠᠨ ᠭᠡᠷ      2024 ᠣᠨ ᠤ 1 ᠰᠠᠷ᠎ᠠ ᠶᠢᠨ 18 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号