ᠣᠨᠴᠠ ᠶᠡᠭᠡ ᠴᠠᠰᠤ ᠣᠷᠤᠨ᠎ᠠ
ᠨᠡᠶᠢᠲᠡᠯᠡᠭᠰᠡᠨ ᠴᠠᠭ᠄
2024/1/19
     ᠣᠨᠴᠠ ᠶᠡᠭᠡ ᠴᠠᠰᠤ ᠣᠷᠤᠬᠤ ᠬᠥᠬᠡ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠥᠪᠤᠷ ᠮᠣᠩᠭᠤᠯ ᠤᠨ ᠴᠠᠭ ᠠᠭᠤᠷ ᠤᠨ ᠰᠲ᠋ᠠᠨᠼ 19 ᠤ ᠡᠳᠦᠷ ᠤᠨ 10 ᠴᠠᠭ 20 ᠮᠢᠨᠦ᠋ᠲ ᠲᠤ ᠨᠡᠶᠢᠲᠡᠯᠡᠭᠰᠡᠨ ᠪᠠᠶᠢᠨ᠎ᠠ᠃      ᠮᠠᠷᠭᠠᠰᠢ ᠳᠤᠮᠳᠠ ᠪᠠᠷᠠᠭᠤᠨ ᠪᠡᠶ᠎ᠡ ᠶᠢᠨ ᠭᠤᠣᠯ ᠬᠤᠲᠠ ᠤᠳ ᠢᠶᠠᠷ ᠬᠠᠰᠤᠬᠤ 7℃ ᠠᠴᠠ ᠬᠠᠰᠤᠬᠤ 9℃ ᠬᠦᠷᠲᠡᠯ᠎ᠡ ᠳᠣᠷᠤᠭᠰᠢᠯᠠᠵᠤ᠂ ᠥᠪᠤᠷ ᠮᠣᠩᠭᠤᠯ ᠤᠨ ᠰᠢᠯᠢ ᠶᠢᠨ ᠭᠤᠣᠯ ᠠᠶᠢᠮᠠᠭ ᠤᠨ ᠵᠡᠭᠦᠨ ᠪᠡᠶ᠎ᠡ᠂ ᠤᠯᠠᠭᠠᠨᠬᠠᠳᠠ ᠬᠤᠲᠠ ᠶᠢᠨ ᠬᠤᠶᠢᠲᠦ ᠪᠡᠶ᠎ᠡ᠂ ᠲᠦᠩᠯᠢᠶᠤᠤ ᠬᠤᠲᠠ ᠶᠢᠨ ᠪᠠᠷᠠᠭᠤᠨ ᠬᠤᠶᠢᠲᠦ ᠪᠡᠶ᠎ᠡ᠂ ᠬᠢᠩᠭᠠᠨ ᠠᠶᠢᠮᠠᠭ ᠤᠨ ᠪᠠᠷᠠᠭᠤᠨ ᠪᠡᠶ᠎ᠡ ᠳᠤ ᠳᠤᠮᠳᠠ ᠵᠡᠷᠭᠡ ᠶᠢᠨ ᠴᠠᠰᠤ ᠣᠷᠤᠨ᠎ᠠ᠃ ᠥᠪᠤᠷ ᠮᠣᠩᠭᠤᠯ ᠤᠨ ᠰᠢᠯᠢ ᠶᠢᠨ ᠭᠤᠣᠯ ᠠᠶᠢᠮᠠᠭ  ᠤᠨ ᠵᠡᠭᠦᠨ ᠬᠤᠶᠢᠲᠦ ᠪᠡᠶ᠎ᠡ ᠶᠢᠨ ᠵᠠᠷᠢᠮ ᠭᠠᠵᠠᠷ ᠲᠤ ᠶᠡᠭᠡ ᠴᠠᠰᠤ ᠲᠠᠢ᠃      ᠢᠷᠡᠬᠦ ᠭᠤᠷᠪᠠᠨ ᠬᠤᠨᠤᠭ ᠲᠤ ᠬᠦᠢᠲᠡᠨ ᠠᠭᠤᠷ ᠠᠮᠢᠰᠬᠤᠯ ᠤᠨ ᠨᠥᠯᠦᠭᠡ ᠪᠠᠷ ᠪᠠᠷᠠᠭᠤᠨ ᠪᠡᠶ᠎ᠡ ᠶᠢᠨ ᠵᠡᠭᠦᠨ ᠬᠡᠰᠡᠭ ᠪᠠ ᠳᠤᠮᠳᠠ ᠪᠡᠶ᠎ᠡ ᠶᠢᠨ ᠶᠡᠬᠡᠩᠬᠢ ᠨᠤᠲᠤᠭ ᠢᠶᠠᠷ ᠠᠭᠠᠷ ᠤᠨ ᠳᠤᠯᠠᠭᠠᠨ ᠨᠡᠶᠢᠳᠡᠮ ᠳᠡᠭᠡᠨ 10℃ ᠠᠴᠠ 14℃ ᠳᠣᠷᠤᠭᠰᠢᠯᠠᠨ᠎ᠠ᠃      12 ᠴᠠᠭ ᠤᠨ ᠳᠤᠲᠤᠷ᠎ᠠ ᠥᠪᠤᠷ ᠮᠣᠩᠭᠤᠯ ᠤᠨ ᠪᠠᠶᠠᠨᠨᠠᠭᠤᠷ ᠬᠤᠲᠠ ᠶᠢᠨ ᠵᠡᠭᠦᠨ ᠡᠮᠦᠨ᠎ᠡ ᠪᠡᠶ᠎ᠡ᠂ ᠣᠷᠳᠤᠰ ᠬᠤᠲᠠ ᠶᠢᠨ ᠵᠡᠭᠦᠨ ᠬᠤᠶᠢᠲᠦ ᠪᠡᠶ᠎ᠡ᠂ ᠪᠤᠭᠤᠲᠤ ᠬᠤᠲᠠ ᠶᠢᠨ ᠡᠮᠦᠨ᠎ᠡ ᠪᠡᠶ᠎ᠡ᠂ ᠬᠥᠬᠡᠬᠤᠲᠠ ᠶᠢᠨ ᠳᠤᠮᠳᠠ᠂ ᠵᠡᠭᠦᠨ ᠪᠡᠶ᠎ᠡ᠂ ᠤᠯᠠᠭᠠᠨᠴᠠᠪ ᠬᠤᠲᠠ ᠶᠢᠨ ᠪᠠᠷᠠᠭᠤᠨ ᠡᠮᠦᠨ᠎ᠡ ᠪᠡᠶ᠎ᠡ ᠪᠠ ᠵᠡᠭᠦᠨ ᠬᠤᠶᠢᠲᠦ ᠪᠡᠶ᠎ᠡ᠂ ᠰᠢᠯᠢ ᠶᠢᠨ ᠭᠤᠣᠯ ᠠᠶᠢᠮᠠᠭ ᠤᠨ ᠪᠠᠷᠠᠭᠤᠨ ᠪᠡᠶ᠎ᠡ ᠳᠤ ᠭᠤᠷᠪᠠᠨ ᠬᠤᠷᠤᠭᠤ ᠵᠣᠵᠠᠭᠠᠨ ᠳᠠᠷᠤᠢ 4 ᠮᠢᠯᠢᠮᠧᠲᠷ ᠵᠣᠵᠠᠭᠠᠨ ᠴᠠᠰᠤ ᠣᠷᠣᠬᠤ ᠪᠣᠯᠬᠤᠷ ᠵᠠᠮ ᠨᠡᠪᠲᠡᠷᠡᠯᠭᠡ ᠪᠤᠶᠤ ᠬᠥᠳᠡᠭᠡ ᠠᠵᠤ ᠠᠬᠤᠢ ᠳᠤ ᠨᠥᠯᠦᠭᠡ ᠪᠣᠯᠵᠤ ᠮᠠᠭᠠᠤᠨ᠃ ᠡᠶᠢᠮᠤ ᠠᠴᠠ ᠳᠣᠣᠷᠠᠬᠢ ᠰᠡᠷᠬᠡᠶᠢᠯᠡᠬᠦ ᠠᠵᠢᠯ ᠤᠳ ᠢ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ᠃      ⒈ ᠵᠠᠰᠠᠭ ᠤᠨ ᠣᠷᠳᠤᠨ ᠪᠠ ᠬᠠᠮᠢᠶᠠᠲᠠᠢ ᠰᠠᠯᠠᠭ᠎ᠠ ᠮᠦᠴᠢᠷ ᠬᠠᠷᠢᠭᠤᠴᠠᠯᠭ᠎ᠠ ᠶᠤᠰᠤᠭᠠᠷ ᠴᠠᠰᠤ ᠵᠣᠣᠨ ᠤᠨ ᠭᠠᠮᠰᠢᠭ ᠠᠴᠠ ᠰᠡᠷᠭᠡᠶᠢᠯᠡᠬᠦ ᠪᠠ ᠬᠥᠯᠳᠡᠬᠦ ᠠᠴᠠ ᠰᠡᠷᠭᠡᠶᠢᠯᠡᠬᠦ ᠪᠡᠯᠡᠦᠨᠬᠡᠯ ᠠᠵᠢᠯ ᠤᠳ ᠢᠶᠠᠨ ᠠᠮᠵᠢᠭᠤᠯᠤᠭᠠᠷᠠᠢ᠃      ⒉ ᠵᠠᠮ ᠨᠡᠪᠲᠡᠷᠡᠯᠭᠡ᠂ ᠲᠡᠮᠦᠷ ᠵᠠᠮ᠂ ᠴᠠᠬᠢᠯᠭᠠᠨ ᠡᠷᠴᠢᠮ ᠬᠦᠴᠦᠨ᠂ ᠴᠢᠮᠡᠭᠡ ᠬᠤᠯᠪᠣᠭ᠎ᠠ ᠵᠡᠷᠭᠡ ᠰᠠᠯᠠᠭ᠎ᠠ ᠮᠦᠴᠢᠷ ᠤᠨ ᠬᠢᠨ ᠵᠠᠰᠠᠮᠠᠯ ᠵᠠᠮ᠂ ᠲᠡᠮᠦᠷ ᠵᠠᠮ ᠳᠠᠭᠠᠤ ᠱᠤᠭᠤᠮ ᠢ ᠲᠣᠭᠤᠷᠢᠨ ᠪᠠᠶᠢᠴᠠᠭᠠᠵᠤ ᠬᠠᠮᠠᠭᠠᠯᠠᠨ᠂ ᠵᠠᠰᠠᠮᠠᠯ ᠵᠠᠮ ᠤᠨ ᠰᠢᠯᠤᠭᠤᠬᠠᠨ ᠨᠡᠪᠲᠡᠷᠡᠬᠦ ᠪᠠ ᠬᠤᠷᠠᠭᠰᠠᠨ ᠴᠠᠰᠤ ᠬᠠᠶᠢᠯᠬᠤ ᠵᠡᠷᠭᠡ ᠠᠵᠢᠯ ᠢ ᠰᠠᠶᠢᠲᠤᠷ ᠬᠢᠭᠡᠷᠡᠢ᠃      ⒊ ᠶᠠᠪᠠᠭᠠᠨ ᠬᠦᠮᠦᠰ ᠬᠦᠢᠲᠡᠨ ᠠᠴᠠ ᠰᠡᠷᠭᠡᠶᠢᠯᠡᠵᠦ ᠬᠠᠯᠳᠤᠷᠢᠬᠤ ᠠᠴᠠ ᠪᠣᠯᠭᠤᠮᠵᠢᠯᠠᠨ᠂ ᠮᠠᠰᠢᠨ ᠵᠢᠯᠣᠭᠤᠣᠨᠴᠦ ᠪᠠᠶᠢᠭ᠎ᠠ ᠬᠦᠮᠦᠰ ᠵᠠᠮ ᠤᠨ ᠬᠠᠯᠲᠤᠷᠢᠭ᠎ᠠ ᠠᠴᠠ ᠰᠡᠷᠭᠡᠶᠢᠯᠡᠭᠡᠷᠡᠢ᠃      ⒋ ᠮᠠᠯᠵᠢᠬᠤ ᠲᠠᠷᠢᠶᠠᠯᠠᠬᠤ ᠣᠷᠤᠨ ᠪᠠ ᠲᠡᠵᠢᠭᠡᠪᠦᠷᠢ ᠶᠢᠨ ᠦᠢᠯᠡᠰ ᠡᠷᠬᠢᠯᠡᠵᠦ ᠪᠠᠶᠢᠭ᠎ᠠ ᠬᠦᠮᠦᠰ ᠲᠡᠵᠢᠭᠡᠯ ᠪᠣᠷᠳᠤᠭ᠎ᠠ ᠪᠠᠨ ᠢᠯᠡᠭᠦᠬᠡᠨ ᠨᠥᠭᠡᠴᠡᠯᠡᠭᠡᠷᠡᠢ᠃      ⒌ ᠫᠧᠩ ᠬᠤᠷᠤᠭ᠎ᠠ ᠪᠠᠨ ᠰᠠᠶᠢᠲᠤᠷ ᠪᠠᠬᠢᠯᠡᠵᠦ ᠴᠠᠰᠤᠨ ᠳᠤ ᠳᠠᠷᠤᠭᠳᠠᠬᠤ ᠠᠴᠠ ᠬᠢᠴᠢᠶᠡᠭᠡᠷᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠷᠠᠳᠢᠣ᠋ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号