ᠮᠠᠨ ᠤ ᠣᠷᠣᠨ 120 ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠢᠱᠢᠶ᠎ᠡ ᠦᠵᠡᠭᠦᠯᠭᠦ ᠪᠠ ᠳᠠᠪᠠᠭᠤᠯᠢᠭ ᠠᠵᠤ ᠠᠬᠤᠶᠢᠯᠠᠯ ᠲᠠᠢ ᠪᠣᠯᠪᠠ
ᠨᠡᠶᠢᠲᠡᠯᠡᠭᠰᠡᠨ ᠴᠠᠭ᠄
2024/1/2
     ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ ᠣᠶᠢᠷ᠎ᠠ ᠳᠤ 2023 ᠣᠨ ᠤ ᠤᠯᠤᠰ  ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠢᠱᠢᠶ᠎ᠡ ᠦᠵᠡᠭᠦᠯᠭᠦ ᠠᠵᠤ ᠠᠬᠤᠶᠢᠯᠠᠯ ᠪᠠ ᠳᠠᠪᠠᠭᠤᠯᠢᠭ ᠠᠵᠤ ᠠᠬᠤᠶᠢᠯᠠᠯ ᠢ ᠦᠨᠡᠯᠡᠨ ᠲᠣᠭᠲᠠᠭᠠᠭᠰᠠᠨ ᠦᠷ᠎ᠡ ᠳ᠋ᠦᠩ ᠢ ᠨᠡᠶᠢᠲᠡᠯᠡᠵᠦ᠂ ᠮᠠᠨ ᠤ ᠣᠷᠣᠨ ᠤ 62 ᠠᠵᠤ ᠠᠬᠤᠶᠢᠯᠠᠯ ᠨᠡᠷᠡᠰ ᠤᠨ ᠵᠢᠭᠰᠠᠭᠠᠯᠲᠠ ᠳᠤ  ᠲᠣᠳᠣᠷᠠᠪᠠ᠃      ᠣᠶᠢᠯᠠᠭᠠᠭᠰᠠᠨ ᠢᠶᠠᠷ᠂ ᠲᠤᠰ ᠤᠳᠠᠭᠠᠨ ᠤ ᠰᠢᠯᠭᠠᠷᠠᠭᠤᠯᠤᠯᠲᠠ ᠳᠤ ᠳᠤᠮᠳᠠᠳᠤ ᠤᠯᠤᠰ ᠤᠨ ᠤᠮᠠᠷᠠᠲᠤ ᠶᠢᠨ ᠬᠤᠪᠣᠷ ᠰᠢᠷᠣᠢ ︵ᠪᠦᠯᠦᠭᠯᠡᠯ︶ ᠶᠢᠨ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ  ᠺᠤᠮᠫᠠᠨᠢ  ᠵᠡᠷᠭᠡ  6 ᠠᠵᠤ ᠠᠬᠤᠶᠢᠯᠠᠯ 2023 ᠣᠨ ᠤ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠢᠱᠢᠶ᠎ᠡ ᠦᠵᠡᠭᠦᠯᠭᠦ ᠠᠵᠤ ᠠᠬᠤᠶᠢᠯᠠᠯ ᠢᠶᠠᠷ ᠦᠨᠡᠯᠡᠭᠳᠡᠵᠦ᠂ ᠦᠶᠤᠸᠠᠨ ᠰᠢᠶᠠᠨ ᠤ ᠸᠧ ᠹᠧᠩ ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠵᠡᠷᠭᠡ 56 ᠠᠵᠤ ᠠᠬᠤᠶᠢᠯᠠᠯ 2023 ᠣᠨ ᠤ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠠᠵᠤ ᠠᠬᠤᠶᠢᠯᠠᠯ ᠢᠶᠠᠷ ᠦᠨᠡᠯᠡᠭᠳᠡᠪᠡ᠃ ᠣᠳᠣᠬᠠᠨ ᠪᠤᠯᠲᠠᠯ᠎ᠠ᠂ ᠮᠠᠨ ᠤ ᠣᠷᠣᠨ ᠤ ᠤᠯᠤᠰ ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠢᠱᠢᠶ᠎ᠡ ᠦᠵᠡᠭᠦᠯᠭᠦ ᠪᠠ ᠳᠠᠪᠠᠭᠤᠯᠢᠭ ᠠᠵᠤ ᠠᠬᠤᠶᠢᠯᠠᠯ ᠤᠨ ᠶᠡᠷᠦᠩᠬᠡᠢ ᠲᠤᠭ᠎ᠠ 120 ᠳᠤ ᠬᠦᠷᠴᠦ᠂ ᠡᠭᠦᠨ ᠳᠤ ᠤᠯᠤᠰ  ᠤᠨ ᠮᠡᠳᠡᠯᠭᠡ ᠶᠢᠨ ᠦᠮᠴᠢᠯᠡᠯ ᠤᠨ ᠡᠷᠬᠡ ᠶᠢᠨ ᠵᠢᠱᠢᠶ᠎ᠡ ᠦᠵᠡᠭᠦᠯᠭᠦ ᠠᠵᠤ ᠠᠬᠤᠶᠢᠯᠠᠯ 21᠂ ᠤᠯᠤᠰ ᠤᠨ ᠮᠡᠳᠡᠯᠭᠡ   ᠶᠢᠨ ᠦᠮᠴᠢᠯᠡᠯ ᠤᠨ ᠡᠷᠬᠡ ᠶᠢᠨ ᠳᠠᠪᠠᠭᠤᠯᠢᠭ ᠠᠵᠤ ᠠᠬᠤᠶᠢᠯᠠᠯ 99 ᠪᠠᠶᠢᠨ᠎ᠠ᠃      ᠨᠢᠳᠤᠨᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︵ᠮᠡᠳᠡᠯᠭᠡ ᠶᠢᠨ ᠦᠮᠴᠢᠯᠡᠯ ᠤᠨ ᠡᠷᠬᠡ ᠶᠢᠨ ᠲᠣᠪᠴᠢᠶ᠎ᠠ︶ ︽ᠮᠡᠳᠡᠯᠭᠡ ᠶᠢᠨ ᠦᠮᠴᠢᠯᠡᠯ ᠤᠨ ᠡᠷᠬᠡ ᠶᠢᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠥᠲᠥᠯᠪᠦᠷᠢ ︵2021 - 2035 ᠣᠨ︶︾᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠮᠡᠳᠡᠯᠭᠡ ᠶᠢᠨ ᠦᠮᠴᠢᠯᠡᠯ ᠤᠨ ᠡᠷᠬᠡ ᠶᠢ ᠬᠠᠮᠠᠭᠠᠯᠠᠬᠤ ᠪᠠ ᠬᠡᠷᠡᠭᠯᠡᠬᠦ ᠲᠥᠯᠦᠪᠵᠢᠭᠦᠯᠭᠡ︾ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠡᠷᠢᠭᠦᠨ ᠤ ᠭᠠᠵᠠᠷ ᠣᠷᠣᠨ ᠢᠶᠠᠷ ᠪᠠᠷᠢᠮᠵᠢᠶᠠᠯᠠᠵᠤ ᠵᠥᠷᠢᠶ᠎ᠡ ᠪᠠᠨ ᠡᠷᠢᠨ᠂ ᠮᠡᠳᠡᠯᠭᠡ ᠶᠢᠨ  ᠦᠮᠴᠢᠯᠡᠯ ᠤᠨ ᠡᠷᠬᠡ ᠶᠢᠨ ᠬᠦᠴᠦᠷᠬᠡᠭ ᠤᠯᠤᠰ ᠢ ᠪᠦᠲᠦᠭᠡᠨ  ᠪᠠᠶᠢᠭᠤᠯᠬᠤ ᠲᠤᠷᠰᠢᠯᠲᠠ ᠶᠢᠨ ᠴᠡᠭ ᠤᠨ ᠵᠢᠱᠢᠶ᠎ᠡ ᠦᠵᠡᠭᠦᠯᠭᠦ ᠪᠠ ᠮᠡᠳᠡᠯᠭᠡ ᠶᠢᠨ ᠦᠮᠴᠢᠯᠡᠯ ᠤᠨ ᠡᠷᠬᠡ ᠶᠢᠨ  ᠬᠦᠴᠦᠷᠬᠡᠭ ᠣᠷᠣᠨ ᠢ ᠪᠦᠲᠦᠭᠡᠨ ᠪᠠᠶᠢᠭᠤᠯᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ  ᠲᠠᠯ᠎ᠠ ᠪᠠᠷ ᠲᠣᠪᠣᠶᠢᠮ᠎ᠠ ᠦᠷ᠎ᠡ ᠪᠦᠲᠦᠮᠵᠢ ᠣᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号