ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ | ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠳᠠᠷᠤᠮᠠᠯᠯᠠᠨ ᠲᠠᠷᠬᠠᠭᠠᠪᠠ᠂ ᠭᠤᠣᠯ ᠠᠭᠤᠯᠭ᠎ᠠ ᠨᠢ | ᠳᠣᠣᠷᠠᠬᠢ ᠮᠡᠲᠦ᠄ | ᠶᠡᠷᠦᠩᠬᠡᠢ ᠱᠦᠵᠢ ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠭᠤᠣᠯ | ᠰᠢᠵᠢᠮ ᠮᠥᠨ᠂ ᠪᠠᠰᠠ ᠴᠤ ᠦᠨᠳᠦᠰᠦᠲᠡᠨ ᠤ ᠭᠠᠵᠠᠷ ᠣᠷᠣᠨ ᠤ ᠡᠯ᠎ᠡ ᠵᠦᠢᠯ ᠤᠨ ᠠᠵᠢᠯ ᠤᠨ ᠭᠤᠣᠯ ᠰᠢᠵᠢᠮ | ᠮᠥᠨ︾ ᠭᠡᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠶᠢ | ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠳᠣᠣᠷᠠᠬᠢ ᠠᠷᠭ᠎ᠠ ᠬᠡᠮᠵᠢᠶ᠎ᠡ ᠨᠦᠭᠦᠳ ᠢ ᠳᠤᠷᠠᠳᠪᠠ᠃ | 1. ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ︵ᠠᠯᠪᠠᠨ ᠭᠡᠷ︶ ᠳᠤ ᠡᠯ᠎ᠡ ᠵᠦᠢᠯ ᠤᠨ | ᠠᠵᠢᠯ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ | ᠰᠢᠵᠢᠮ ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠤᠵᠤ᠂ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠵᠤ᠂ ᠬᠢᠨᠠᠨ ᠬᠠᠷᠭᠤᠭᠤᠯᠵᠤ ᠪᠣᠭᠤᠮᠲᠠ ᠰᠠᠬᠢᠵᠤ᠂ ᠰᠢᠢᠳᠪᠦᠷᠢᠲᠦ ᠪᠣᠳᠣᠯᠭ᠎ᠠ ᠶᠢ ᠰᠤᠳᠤᠯᠵᠤ᠂ | ᠱᠠᠯᠠᠪᠳᠠᠭᠤᠯᠤᠨ ᠨᠠᠶᠢᠳᠠᠪᠤᠷᠢᠵᠢᠭᠤᠯᠵᠤ᠂ ᠵᠢᠯ ᠤᠨ ᠡᠬᠢᠨ ᠳᠤ ᠲᠣᠬᠢᠷᠠᠭᠤᠯᠤᠯᠲᠠ ᠬᠢᠵᠦ᠂ ᠲᠣᠭᠲᠠᠮᠠᠯ | ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠵᠢᠯ ᠤᠨ ᠡᠴᠦᠰ ᠲᠤ ᠪᠠᠶᠢᠴᠠᠭᠠᠯᠲᠠ ᠬᠢᠨ᠎ᠡ᠃ ᠡᠯ᠎ᠡ ᠱᠠᠲᠤᠨ ᠤ | ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠲᠤ ᠦᠨᠳᠦᠰᠦᠲᠡᠨ ᠤ ᠠᠵᠢᠯ ᠳᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ | ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠤᠵᠤ᠂ ᠠᠵᠢᠯ ᠢ ᠨᠢᠭᠡᠳᠦᠯᠲᠡᠢ ᠲᠥᠯᠥᠪᠵᠢᠭᠦᠯᠦᠨ | ᠵᠣᠬᠢᠴᠠᠭᠤᠯᠵᠤ ᠰᠠᠶᠢᠲᠤᠷ ᠬᠢᠨ᠎ᠡ᠃ | 2. ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠲᠤᠭᠤᠰᠢᠯᠠᠭᠤᠯᠬᠤ ᠶᠢ | ︽ᠭᠤᠷᠪᠠ ᠶᠢ ᠲᠣᠭᠲᠠᠭᠠᠬᠤ︾ ᠲᠣᠭᠲᠠᠭᠠᠯ ᠳᠤ ᠪᠢᠴᠢᠨ ᠣᠷᠣᠭᠤᠯᠵᠤ᠂ ᠡᠭᠦᠷᠭᠡ ᠴᠢᠳᠠᠪᠬᠢ ᠲᠤᠰᠢᠶᠠᠯ | ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠲᠤᠰᠬᠠᠶᠢᠯᠠᠨ ᠬᠢᠬᠦ ᠪᠠᠶᠢᠭᠤᠯᠤᠮᠵᠢ ᠶᠢ ᠲᠣᠳᠣᠷᠬᠠᠶᠢᠯᠠᠵᠤ᠂ ᠣᠨ ᠤ ᠠᠵᠢᠯ ᠤᠨ | ᠲᠥᠯᠥᠪᠯᠡᠭᠡ ᠪᠠ ᠭᠤᠣᠯᠳᠠᠯᠭ᠎ᠠ ᠳᠤ ᠣᠷᠣᠭᠤᠯᠵᠤ᠂ ᠡᠳᠦᠷ ᠲᠤᠳᠤᠮ ᠤᠨ ᠠᠵᠢᠯ ᠳᠠᠭᠠᠨ ᠠᠭᠤᠰᠬᠠᠵᠤ᠂ ᠪᠠᠶᠢᠩᠭᠤ | ᠠᠳᠬᠤᠬᠤ ᠬᠡᠷᠡᠭᠲᠡᠢ᠃ ᠡᠯ᠎ᠡ ᠬᠡᠷᠡᠭ ᠵᠥᠪᠯᠡᠵᠦ ᠵᠣᠬᠢᠴᠠᠭᠤᠯᠬᠤ ᠪᠠᠶᠢᠭᠤᠯᠤᠮᠵᠢ ᠬᠤᠯᠪᠣᠭᠳᠠᠯ ᠪᠦᠬᠦᠢ | ᠱᠠᠭᠠᠷᠳᠠᠯᠭ᠎ᠠ ᠶᠢ ᠠᠵᠢᠯ ᠤᠨ ᠳᠦᠷᠢᠮ ᠵᠢᠴᠢ ᠲᠡᠭᠦᠨ ᠤ ᠪᠠᠶᠢᠩᠭᠤ ᠶᠢᠨ ᠲᠣᠬᠢᠷᠠᠭᠤᠯᠤᠭᠰᠠᠨ ᠬᠡᠷᠡᠭ ᠡᠷᠭᠢᠯᠡᠭᠦ | ᠪᠠᠶᠢᠭᠤᠯᠤᠮᠵᠢ ᠶᠢᠨ ᠠᠵᠢᠯ ᠤᠨ ᠨᠠᠷᠢᠨ ᠳᠦᠷᠢᠮ ᠳᠤ ᠪᠢᠴᠢᠵᠦ ᠣᠷᠣᠭᠤᠯᠬᠤ ᠬᠡᠷᠡᠭᠲᠡᠢ᠃ ᠡᠯ᠎ᠡ ᠪᠦᠯᠭᠦᠮ | ᠨᠡᠶᠢᠲᠡ ᠶᠢᠨ ᠵᠣᠬᠢᠶᠠᠨ ᠪᠠᠶᠢᠭᠤᠯᠤᠯᠲᠠ ᠶᠢᠨ ᠬᠢᠨ ᠬᠠᠷᠢᠯᠴᠠᠵᠤ ᠪᠠᠶᠢᠭ᠎ᠠ ᠣᠯᠠᠨ ᠲᠦᠮᠡᠨ ᠳᠡᠭᠡᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠵᠣᠬᠢᠶᠠᠨ ᠪᠠᠶᠢᠭᠤᠯᠵᠤ | ᠳᠠᠶᠢᠴᠢᠯᠠᠬᠤ ᠪᠠ ᠬᠥᠮᠥᠵᠢᠭᠦᠯᠵᠦ ᠬᠥᠲᠥᠯᠥᠨ ᠵᠢᠯᠤᠭᠤᠳᠬᠤ ᠲᠤᠰᠢᠶᠠᠯ ᠬᠠᠷᠢᠭᠤᠴᠠᠯᠭ᠎ᠠ ᠪᠠᠨ ᠴᠢᠩᠭᠠᠳᠬᠠᠵᠤ᠂ ᠡᠯ᠎ᠡ | ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠠᠵᠢᠯ ᠲᠥᠷᠥᠯ ᠤᠨ ᠳᠦᠷᠢᠮ ᠲᠣᠭᠲᠠᠭᠠᠯ᠂ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠳᠦᠷᠢᠮ ᠪᠠ ᠲᠣᠰᠬᠤᠨ ᠤ ᠲᠣᠭᠲᠠᠭᠠᠯ ᠠᠷᠠᠳ ᠤᠨ ᠭᠡᠷ᠎ᠡ᠂ ᠬᠤᠲᠠ ᠶᠢᠨ | ᠠᠷᠠᠳ ᠤᠨ ᠨᠡᠶᠢᠲᠡ ᠶᠢᠨ ᠭᠡᠷ᠎ᠡ ᠳᠤ ᠪᠢᠴᠢᠵᠦ ᠣᠷᠣᠭᠤᠯᠬᠤ ᠶᠢ ᠠᠬᠢᠭᠤᠯᠵᠤ᠂ ᠠᠵᠤ ᠠᠬᠤᠶᠢᠯᠠᠯ ᠤᠨ ᠰᠣᠶᠣᠯ ᠤᠨ | ᠪᠠᠶᠢᠭᠤᠯᠤᠯᠲᠠ ᠳᠤ ᠠᠭᠤᠰᠤᠯᠴᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠶᠢ ᠦᠨᠳᠦᠰᠦᠲᠡᠨ ᠨᠦᠭᠦᠳ ᠤᠨ ᠣᠯᠠᠨ ᠲᠦᠮᠡᠨ ᠤ ᠠᠮᠢᠳᠤᠷᠠᠯ ᠳᠤ ᠠᠭᠤᠰᠤᠯᠴᠠᠭᠤᠯᠵᠤ᠂ | ᠠᠵᠢᠯᠯᠠᠭᠠᠨ ᠤ ᠪᠠᠷᠢᠮᠵᠢᠶ᠎ᠠ ᠪᠠ ᠡᠳᠦᠷ ᠲᠤᠲᠤᠮ ᠤᠨ ᠳᠠᠳᠬᠠᠯ ᠪᠤᠯᠭᠠᠬᠤ ᠬᠡᠷᠡᠭᠲᠡᠢ᠃ | 3. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ | ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ | ᠲᠤᠬᠠᠢ ᠴᠢᠬᠤᠯᠠ ᠥᠭᠦᠯᠡᠯᠲᠡ ᠶᠢ ᠨᠠᠮ ᠤᠨ ᠭᠡᠰᠢᠭᠦᠨ ᠺᠠᠳ᠋ᠷ ᠤᠨ ᠰᠤᠷᠤᠯᠴᠠᠬᠤ ᠲᠥᠯᠥᠪᠯᠡᠭᠡ ᠪᠠ ᠬᠥᠮᠦᠵᠢᠯ | ᠪᠣᠯᠪᠠᠰᠤᠷᠠᠯ ᠤᠨ ᠲᠥᠯᠥᠪᠯᠡᠭᠡ ᠳᠤ ᠣᠷᠣᠭᠤᠯᠵᠤ᠂ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ | ᠤᠨᠤᠯ ᠰᠤᠷᠤᠯᠴᠠᠬᠤ ᠭᠤᠣᠯ ᠳᠤᠭᠤᠶᠢᠯᠠᠩ ᠵᠢᠯ ᠪᠦᠷᠢ ᠨᠠᠭᠠᠲᠤ ᠵᠠᠬ᠎ᠠ ᠨᠢ ᠨᠢᠭᠡ ᠤᠳᠠᠭ᠎ᠠ ᠲᠤᠰᠬᠠᠢ ᠰᠡᠳᠦᠪ ᠢᠶᠠᠷ | ᠰᠤᠷᠤᠯᠴᠠᠵᠦ ᠰᠤᠳᠤᠯᠤᠨ ᠶᠠᠷᠢᠯᠴᠠᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠯ ᠪᠦᠷᠢ | ᠨᠠᠭᠠᠲᠤ ᠵᠠᠬ᠎ᠠ ᠨᠢ ᠨᠢᠭᠡ ᠤᠳᠠᠭ᠎ᠠ ᠲᠤᠰᠬᠠᠢ ᠰᠡᠳᠦᠪ ᠢᠶᠠᠷ ᠰᠤᠷᠤᠯᠴᠠᠨ ᠰᠣᠯᠢᠯᠴᠠᠬᠤ ᠶᠢ ᠵᠣᠬᠢᠶᠠᠨ ᠪᠠᠶᠢᠭᠤᠯᠬᠤ | ᠬᠡᠷᠡᠭᠲᠡᠢ᠃ ᠡᠯ᠎ᠡ ᠱᠠᠲᠤᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶᠂ ᠺᠠᠳ᠋ᠷ ᠤᠨ | ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ ᠶᠢᠨ ᠬᠤᠯᠪᠣᠭᠳᠠᠯ ᠪᠦᠬᠦᠢ ᠬᠢᠴᠢᠶᠡᠯ ᠵᠢᠴᠢ | ᠪᠣᠯᠪᠠᠰᠤᠷᠠᠯ ᠤᠨ ᠠᠭᠤᠯᠭ᠎ᠠ ᠶᠢᠨ ᠬᠤᠪᠢ ᠶᠢᠨ ᠵᠢᠩ ᠢ ᠰᠤᠷᠤᠯᠭ᠎ᠠ ᠶᠢᠨ ᠬᠤᠭᠤᠴᠠᠭ᠎ᠠ ᠪᠦᠷᠢ ᠶᠢᠨ ᠶᠡᠷᠦᠩᠬᠡᠢ | ᠬᠢᠴᠢᠶᠡᠯ ᠤᠨ ᠴᠠᠭ ᠤᠨ 20% ᠠᠴᠠ ᠳᠣᠣᠷ᠎ᠠ ᠪᠠᠶᠢᠯᠭᠠᠵᠤ ᠪᠤᠯᠬᠤ ᠦᠭᠡᠢ᠃ | 4. ᠡᠯ᠎ᠡ ᠱᠠᠲᠤᠨ ᠤ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠲᠣᠭᠤᠷᠢᠨ ᠳᠤ ᠨᠠᠮ ᠤᠨ | ᠭᠡᠰᠢᠭᠦᠨ ᠤᠳᠤᠷᠢᠳᠬᠤ ᠺᠠᠳ᠋ᠷ ᠤᠨ ᠨᠠᠮ ᠤᠨ ᠬᠢᠴᠢᠶᠡᠯ ᠣᠷᠣᠬᠤ ᠪᠠ ᠦᠵᠡᠯ ᠰᠠᠨᠠᠭ᠎ᠠ ᠤᠯᠤᠰ ᠲᠥᠷᠥ ᠶᠢᠨ | ᠬᠢᠴᠢᠶᠡᠯ ᠣᠷᠣᠬᠤ ᠳᠦᠷᠢᠮ ᠢ ᠲᠡᠭᠦᠯᠳᠡᠷᠵᠢᠭᠦᠯᠦᠨ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ | ᠨᠠᠮ ᠤᠨ ᠬᠤᠷᠢᠶ᠎ᠠ ᠶᠢᠨ ᠤᠬᠠᠭᠤᠯᠬᠤ ᠰᠠᠯᠠᠭ᠎ᠠ ᠮᠥᠴᠢᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠶᠢᠩᠭᠤᠵᠢᠭᠰᠠᠨ ᠤᠬᠠᠭᠤᠯᠭ᠎ᠠ ᠬᠥᠮᠦᠵᠢᠯ ᠤᠨ ᠲᠣᠭᠲᠠᠴᠠ ᠶᠢ | ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠦᠢᠯᠡᠳᠦᠯᠭᠡ ᠶᠢᠨ | ᠰᠠᠭᠤᠷᠢᠨ ᠤ ᠪᠠᠶᠢᠭᠤᠯᠤᠯᠲᠠ ᠶᠢ ᠴᠢᠩᠭᠠᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾᠂ ︽ᠲᠦᠷᠪᠡᠨ | ᠬᠠᠮᠲᠤ ᠪᠠᠷ︾᠂ ︽ᠲᠦᠷᠪᠡᠨ ᠬᠠᠮᠲᠤᠳᠬᠠᠬᠤ︾᠂ ︽ᠲᠠᠪᠤᠨ ᠬᠠᠮᠲᠤ ᠶᠢᠨ ᠲᠠᠨᠢᠯᠲᠠ︾᠂ ︽ᠲᠠᠪᠤᠨ ᠦᠵᠡᠯᠲᠡ︾ ᠪᠠ | ︽ᠲᠤᠯᠤᠭᠠᠨ ᠲᠠᠯ᠎ᠠ ᠪᠠᠷ ᠵᠢᠱᠢᠶᠡᠴᠢ ᠪᠤᠯᠬᠤ︾ ᠵᠡᠷᠭᠡ ᠣᠶᠢᠯᠠᠭᠠᠭᠳᠠᠬᠤᠨ ᠪᠠ ᠱᠠᠭᠠᠷᠳᠠᠯᠭ᠎ᠠ ᠶᠢᠨ ᠲᠤᠬᠠᠢ | ᠦᠷᠭᠦᠯᠵᠢᠯᠡᠨ ᠭᠦᠨᠵᠡᠭᠡᠢ ᠤᠬᠠᠭᠤᠯᠤᠨ ᠲᠠᠶᠢᠯᠪᠤᠷᠢᠯᠠᠬᠤ ᠬᠡᠷᠡᠭᠲᠡᠢ᠃ | 5. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠡᠷᠦᠩᠬᠡᠢ ᠱᠦᠵᠢ ᠰᠢ | ᠶᠢᠨ ᠫᠢᠩ ᠪᠣᠯᠣᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠤᠨ ᠠᠷᠠᠳ ᠲᠦᠮᠡᠨ ᠢ ᠬᠠᠯᠠᠮᠵᠢᠯᠠᠵᠤ | ᠪᠠᠶᠢᠬᠤ ᠶᠢ ᠤᠬᠠᠭᠤᠯᠬᠤ᠂ ᠨᠠᠮ ᠤᠨ ᠡᠨᠡᠷᠢᠯ ᠬᠠᠶᠢᠷ᠎ᠠ ᠶᠢ ᠤᠬᠠᠭᠤᠯᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢᠨ ᠰᠤᠷᠤᠯᠴᠠᠯᠭ᠎ᠠ ᠬᠥᠮᠦᠵᠢᠯ ᠪᠠ ︽ᠨᠠᠮ ᠤᠨ ᠠᠴᠢ ᠳᠤ ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ | ᠨᠠᠮ ᠢᠶᠠᠨ ᠳᠠᠭᠠᠬᠤ︾ ᠣᠯᠠᠨ ᠲᠦᠮᠡᠨ ᠤ ᠬᠥᠮᠦᠵᠢᠯ ᠦᠢᠯᠡᠳᠦᠯᠭᠡ ᠶᠢᠨ ᠠᠵᠢᠯᠯᠠᠭ᠎ᠠ ᠶᠢ ᠪᠠᠶᠢᠩᠭᠤᠵᠢᠭᠤᠯᠤᠨ | ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠬᠥᠮᠥᠵᠢᠭᠦᠯᠦᠨ ᠵᠢᠯᠤᠭᠤᠳᠴᠤ ︽ᠵᠢᠷᠭᠤᠭᠠᠨ | ᠥᠭᠦᠯᠡᠪᠦᠷᠢ ᠳᠠᠬᠢ ᠪᠣᠳᠠᠲᠤ ᠶᠠᠪᠤᠳᠠᠯ ᠪᠠ ᠶᠣᠰᠣ ᠤᠴᠢᠷ︾ ᠢ ᠪᠠᠲᠤ ᠴᠡᠭᠡᠵᠢᠯᠡᠭᠦᠯᠵᠦ᠂ ᠨᠠᠩ ᠡᠷᠡᠰ ᠪᠠᠲᠤ ᠤᠬᠠᠮᠰᠠᠷ | ᠠᠴᠠ ᠪᠠᠨ ᠶᠡᠷᠦᠩᠬᠡᠢ ᠱᠦᠵᠢ ᠰᠢ ᠶᠢᠨ ᠫᠢᠩ ᠢ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠭᠤᠯᠬᠤ | ᠬᠡᠷᠡᠭᠲᠡᠢ᠃ | 6. ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠵᠢᠴᠢ ᠲᠣᠭᠤᠷᠢᠭ ᠪᠠᠶᠢᠭᠤᠯᠤᠭᠰᠠᠨ ᠬᠤᠲᠠ᠂ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠲᠣ ᠶᠢᠨ ᠬᠡᠷᠡᠭᠵᠢᠭᠦᠯᠵᠦ ᠪᠠᠶᠢᠭ᠎ᠠ ᠬᠦᠴᠦᠨ | ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ | ᠳᠦᠷᠢᠮ ᠢ ᠪᠦᠭᠦ ᠲᠠᠯ᠎ᠠ ᠪᠠᠷ ᠡᠮᠬᠢᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ | ᠪᠠᠲᠤ ᠴᠣᠭᠴᠠᠯᠠᠬᠤ ᠳᠤ ᠨᠡᠶᠢᠴᠡᠬᠦ ᠦᠭᠡᠢ ᠪᠠᠶᠢᠪᠠᠯ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ | ᠦᠭᠡᠢ ᠪᠤᠯᠭᠠᠬᠤ ᠬᠡᠷᠡᠭᠲᠡᠢ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ ᠳᠠᠭᠠᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠤᠷᠢᠳ ᠢᠶᠠᠷ | ᠬᠢᠨᠠᠨ ᠬᠠᠷᠭᠤᠭᠤᠯᠬᠤ ᠨᠥᠬᠦᠴᠡᠯ ᠪᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ | ᠡᠸᠡᠩᠬᠢ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠶᠢᠨ ᠳᠠᠭᠤᠷ ᠦᠨᠳᠦᠰᠦᠲᠡᠨ ᠤ | ᠥᠪᠡᠷᠲᠡᠭᠡᠨ ᠵᠠᠰᠠᠬᠤ ᠬᠤᠰᠢᠭᠤ ᠶᠢᠨ ᠥᠪᠡᠷᠲᠡᠭᠡᠨ ᠵᠠᠰᠠᠬᠤ ᠳᠦᠷᠢᠮ ᠳᠤ ᠵᠠᠰᠠᠪᠤᠷᠢ ᠣᠷᠣᠭᠤᠯᠬᠤ ᠠᠵᠢᠯ ᠢ ᠵᠢᠭᠠᠨ | ᠵᠢᠯᠤᠭᠤᠳᠬᠤ ᠬᠡᠷᠡᠭᠲᠡᠢ᠃ | 7. ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠣᠲᠣ ᠶᠢᠨ ᠬᠡᠷᠡᠭᠵᠢᠭᠦᠯᠵᠦ ᠪᠠᠶᠢᠭ᠎ᠠ | ᠬᠦᠴᠦᠨ ᠪᠦᠬᠦᠢ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠪᠦᠭᠦ ᠲᠠᠯ᠎ᠠ ᠪᠠᠷ ᠡᠮᠬᠢᠯᠡᠨ ᠳᠢᠭᠯᠡᠵᠦ᠂ ᠳᠥᠷᠪᠡᠨ | ᠱᠠᠲᠤᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠢᠯᠭᠠᠷᠠᠭᠤᠯᠤᠨ ᠡᠮᠬᠢᠯᠡᠬᠦ ᠠᠵᠢᠯ ᠢ ᠥᠷᠨᠢᠭᠦᠯᠦᠨ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ | ᠪᠤᠯᠭᠠᠵᠤ ᠰᠢᠨᠵᠢᠯᠡᠬᠦ ᠤᠬᠠᠭᠠᠨᠴᠢ ᠯᠠᠪᠳᠠᠭᠤᠨ ᠪᠣᠯᠭᠤᠮᠵᠢᠲᠠᠢ ᠪᠠᠷ ᠬᠢᠨᠠᠨ ᠪᠠᠶᠢᠴᠠᠭᠠᠵᠤ᠂ ᠵᠣᠬᠢᠴᠠᠭᠤᠯᠤᠨ᠂ ᠬᠠᠤᠯᠢ | ᠲᠣᠭᠲᠠᠭᠠᠯ ᠳᠦᠷᠢᠮ ᠲᠣᠭᠲᠠᠭᠠᠯ ᠤᠨ ᠲᠥᠰᠥᠯ ᠳᠤ ᠵᠠᠰᠠᠪᠤᠷᠢ ᠣᠷᠣᠭᠤᠯᠬᠤ ᠬᠡᠷᠡᠭᠲᠡᠢ᠃ | 8. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠨᠠᠮ ᠤᠨ ᠳᠣᠲᠣᠭᠠᠳᠤ ᠶᠢᠨ | ᠬᠠᠤᠯᠢ ᠲᠣᠭᠲᠠᠭᠠᠯ ᠢ ᠤᠷᠢᠳ ᠢᠶᠠᠷ ᠬᠢᠨᠠᠨ ᠬᠠᠷᠭᠤᠭᠤᠯᠬᠤ᠂ ᠳᠡᠩᠰᠡᠯᠡᠵᠦ ᠬᠢᠨᠠᠨ ᠪᠠᠶᠢᠴᠠᠭᠠᠬᠤ ᠠᠵᠢᠯ ᠤᠨ | ᠲᠣᠭᠲᠠᠴᠠ ᠶᠢ ᠪᠦᠷᠢᠨᠰᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠳᠤ ᠨᠡᠶᠢᠴᠡᠬᠦ ᠦᠭᠡᠢ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠪᠠ ᠵᠢᠷᠤᠮᠵᠢᠯ ᠤᠨ ᠴᠢᠨᠠᠷᠲᠠᠢ | ᠪᠢᠴᠢᠭ ᠮᠠᠲ᠋ᠧᠷᠢᠶᠠᠯ ᠳᠤ ᠴᠠᠭ ᠲᠤᠬᠠᠢ ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠤᠯᠭᠠᠬᠤ ᠬᠡᠷᠡᠭᠲᠡᠢ᠃ | 9. ᠡᠯ᠎ᠡ ᠱᠠᠲᠤᠨ ᠤ ᠵᠠᠰᠠᠭ ᠤᠨ ᠣᠷᠳᠣᠨ ᠤ ᠠᠯᠪᠠᠨ ᠲᠢᠩᠬᠢᠮ ︵ᠠᠯᠪᠠᠨ ᠭᠡᠷ︶ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠵᠤ᠂ ᠪᠤᠶ ᠪᠦᠬᠦᠢ | ᠥᠭᠡᠷᠡᠴᠢᠯᠡᠯᠲᠡ ᠬᠥᠭᠵᠢᠯᠲᠡ ᠳᠤ ︽ᠭᠤᠷᠪᠠᠨ ᠠᠴᠢ ᠬᠤᠯᠪᠣᠭᠳᠠᠯ︾ ᠢ ᠣᠯᠭᠤᠵᠤ ᠬᠢᠨᠠᠨ ᠬᠠᠷᠭᠤᠭᠤᠯᠬᠤ᠂ ᠦᠨᠡᠯᠡᠬᠦ᠂ | ᠢᠯᠭᠠᠷᠠᠭᠤᠯᠬᠤ ᠲᠣᠭᠲᠠᠴᠠ ᠶᠢ ᠪᠠᠶᠢᠭᠤᠯᠵᠤ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠭᠦ | ᠲᠠᠯ᠎ᠠ ᠪᠠᠷ ᠡᠮᠬᠢᠯᠡᠨ᠂ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠬᠡᠷᠡᠭᠲᠡᠢ᠃ | 10. ᠡᠯ᠎ᠡ ᠱᠠᠲᠤᠨ ᠤ ᠬᠥᠭᠵᠢᠯᠲᠡ ᠶᠢᠨ ᠲᠥᠯᠦᠪᠵᠢᠭᠦᠯᠭᠡ ᠶᠢᠨ ᠵᠥᠪᠯᠡᠯ᠂ ᠬᠤᠲᠠ ᠶᠢᠨ | ᠲᠥᠯᠦᠪᠵᠢᠭᠦᠯᠭᠡ ᠶᠢᠨ ᠵᠥᠪᠯᠡᠯ ︵ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠵᠥᠪᠯᠡᠯ︶ ᠠᠳᠠᠯᠢ ᠱᠠᠲᠤᠨ ᠤ | ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠢ ᠪᠦᠷᠢᠯᠳᠦᠭᠦᠨ ᠨᠢᠭᠡᠴᠢ ᠪᠣᠯᠭᠠᠨ ᠨᠡᠮᠡᠭᠳᠡᠭᠦᠯᠵᠦ᠂ ᠡᠯ᠎ᠡ ᠲᠥᠷᠥᠯ ᠤᠨ | ᠲᠥᠯᠦᠪᠵᠢᠭᠦᠯᠭᠡ ᠪᠠ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠶᠢ ᠬᠢᠨᠠᠨ | ᠬᠠᠷᠭᠤᠭᠤᠯᠵᠤ ᠪᠣᠭᠤᠮᠲᠠ ᠶᠢ ᠰᠠᠬᠢᠬᠤ ᠶᠢ ᠴᠢᠩᠭᠠᠳᠬᠠᠬᠤ ᠬᠡᠷᠡᠭᠲᠡᠢ᠃ | 11. ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ | ᠭᠤᠣᠯᠳᠠᠯᠭ᠎ᠠ ᠲᠠᠢ ᠡᠭᠦᠷᠭᠡ ᠶᠢᠨ ᠡᠳ᠋ ᠤᠨ ᠵᠠᠰᠠᠭ ᠤᠨ ᠪᠠᠲᠤᠯᠠᠭ᠎ᠠ ᠶᠢ ᠴᠢᠩᠭᠠᠳᠬᠠᠵᠤ᠂ ᠴᠢᠬᠤᠯᠠ ᠶᠡᠭᠡ ᠪᠡᠯᠡ | ᠮᠥᠩᠭᠦ ᠶᠢ ᠲᠣᠬᠢᠷᠠᠭᠤᠯᠤᠨ ᠬᠡᠷᠡᠭᠯᠡᠬᠦ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠬᠢᠨᠠᠨ ᠬᠠᠷᠭᠤᠭᠤᠯᠬᠤ ᠲᠣᠭᠲᠠᠴᠠ ᠶᠢ | ᠪᠠᠶᠢᠭᠤᠯᠬᠤ ᠬᠡᠷᠡᠭᠲᠡᠢ᠃ | 12. ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠮᠡᠯ ᠹᠷᠣᠨᠲ ᠤᠨ ᠬᠡᠯᠲᠡᠰ ᠤᠨ ᠬᠢᠨ | ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ ᠲᠠᠢ ᠬᠠᠮᠲᠤᠷᠠᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠨᠤᠯ ᠤᠨ ᠰᠤᠳᠤᠯᠭᠠᠨ ᠤ ᠰᠢᠰᠲ᠋ᠧᠮ ᠤᠨ ᠪᠠᠶᠢᠭᠤᠯᠤᠯᠲᠠ ᠶᠢ | ᠠᠬᠢᠭᠤᠯᠵᠤ᠂ ︽ᠳᠤᠮᠳᠠᠳᠤ ᠶᠢᠨ ᠦᠨᠳᠦᠰᠦᠲᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠤᠨ ᠲᠡᠦᠬᠡᠨ | ᠮᠠᠲ᠋ᠧᠷᠢᠶᠠᠯ ᠤᠨ ᠡᠮᠬᠢᠳᠬᠡᠯ ·ᠥᠪᠥᠷ ᠮᠣᠩᠭᠤᠯ ᠤᠨ ᠪᠣᠳᠢ︾ ᠶᠢ ᠨᠠᠶᠢᠷᠠᠭᠤᠯᠬᠤ ᠠᠵᠢᠯ ᠢ ᠰᠠᠶᠢᠲᠤᠷ ᠠᠳᠬᠤᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢᠨ ᠰᠤᠳᠤᠯᠭᠠᠨ ᠤ ᠢᠨᠵᠧᠨᠧᠷᠢᠩ | ︵2023 - 2027 ᠣᠨ︶ ᠢ ᠰᠠᠶᠢᠲᠤᠷ ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠤᠨ ᠶᠠᠷᠢᠯᠴᠠᠬᠤ ᠬᠤᠷᠠᠯ᠂ ᠳᠡᠭᠡᠳᠦ ᠲᠡᠰ ᠤᠨ | ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠢ ᠰᠠᠶᠢᠲᠤᠷ ᠡᠷᠭᠢᠯᠡᠵᠦ᠂ ᠥᠪᠥᠷ ᠮᠣᠩᠭᠤᠯ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠭᠰᠠᠨ ᠣᠨ ᠤ ᠬᠥᠬᠡ ᠭᠠᠳᠠᠷᠲᠤ | ᠪᠢᠴᠢᠭ ᠢ ᠨᠠᠶᠢᠷᠠᠭᠤᠯᠤᠨ ᠪᠢᠴᠢᠬᠦ ᠬᠡᠷᠡᠭᠲᠡᠢ᠃ | 13. ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠨᠢ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ ᠨᠢᠭᠡᠴᠢ ᠶᠢᠨ ︽ᠵᠠᠭᠤ ᠮᠢᠩᠭ᠎ᠠ | ᠲᠦᠮᠡ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ︾ᠢᠨᠵᠧᠨᠧᠷᠢᠩ ᠢ ᠲᠦᠷᠦᠭᠦᠯᠡᠨ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ | ᠦᠨᠳᠦᠰᠦᠨ ᠴᠢᠭᠯᠡᠯ ᠪᠣᠯᠭᠠᠨ ᠠᠭᠤᠯᠤᠭᠳᠠᠬᠤᠨ ᠢᠶᠠᠨ ᠭᠦᠨᠵᠡᠭᠡᠶᠢᠷᠡᠭᠦᠯᠦᠨ᠂ ᠭᠡᠯᠪᠡᠷᠢ ᠪᠠᠨ ᠪᠠᠶᠠᠯᠢᠭᠵᠢᠭᠤᠯᠵᠤ᠂ ᠠᠷᠭ᠎ᠠ | ᠪᠠᠷᠢᠯ ᠤᠨ ᠰᠢᠨ᠎ᠡ ᠶᠢ ᠡᠭᠦᠳᠦᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ | ᠳᠤᠮᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭᠠᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ | ᠳᠡᠮᠵᠢᠬᠦ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ | ᠪᠠᠶᠢᠭᠤᠯᠵᠤ ᠳᠡᠰ ᠳᠡᠪᠰᠢᠭᠦᠯᠬᠦ ᠬᠡᠪ ᠵᠠᠭᠪᠤᠷ ᠢ ᠪᠤᠶ ᠪᠤᠯᠭᠠᠬᠤ ᠬᠡᠷᠡᠭᠲᠡᠢ᠃ ᠬᠢᠩᠭᠠᠨ ᠠᠶᠢᠮᠠᠭ ᠤᠨ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ | ᠡᠭᠦᠳᠦᠨ ᠪᠠᠶᠢᠭᠤᠯᠬᠤ ᠶᠢ ᠵᠢᠯᠣᠭᠤᠳᠤᠨ ᠳᠡᠮᠵᠢᠬᠦ ᠬᠡᠷᠡᠭᠲᠡᠢ᠃ | 14. ᠥᠪᠡᠷᠲᠡᠭᠡᠨ ᠵᠠᠰᠠᠬᠤ ᠣᠷᠣᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ | ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠪᠦᠭᠦ ᠬᠦᠴᠦᠨ ᠢᠶᠠᠷ ᠢᠶᠠᠨ ᠡᠭᠦᠳᠴᠦ᠂ ᠰᠤᠳᠤᠯᠤᠨ | ᠲᠠᠶᠢᠯᠪᠤᠷᠢᠯᠠᠬᠤ᠂ ᠤᠯᠠᠮᠵᠢᠯᠠᠨ ᠳᠡᠯᠭᠡᠷᠡᠭᠦᠯᠬᠦ᠂ ᠵᠣᠬᠢᠶᠠᠨ ᠪᠦᠲᠦᠭᠡᠵᠦ ᠦᠢᠯᠡᠳᠪᠦᠷᠢᠯᠡᠬᠦ᠂ ᠲᠤᠯᠭᠠᠭᠤᠷᠢᠯᠠᠨ ᠪᠠᠲᠤᠯᠠᠬᠤ | ᠲᠣᠭᠲᠠᠴᠠ ᠶᠢ ᠪᠦᠷᠢᠨᠰᠢᠭᠦᠯᠵᠦ᠂ ︽ᠳᠤᠮᠳᠠᠳᠤ ᠤᠯᠤᠰ· ᠤᠮᠠᠷᠠᠲᠤ ᠬᠢᠯᠢ ᠶᠢᠨ ᠰᠣᠶᠣᠯ ᠤᠨ ᠨᠠᠶᠢᠷ︾ ᠢ ᠪᠡᠯᠡᠳᠬᠡᠨ | ᠡᠷᠭᠢᠯᠡᠭᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠤᠮᠳᠠᠳᠤ ᠶᠢᠨ | ᠰᠣᠶᠣᠯ ᠤᠨ ᠠᠭᠤᠯᠤᠭᠳᠠᠬᠤᠨ᠂ ᠤᠮᠠᠷᠠᠲᠤ ᠬᠢᠯᠢ ᠶᠢᠨ ᠰᠣᠶᠣᠯ ᠤᠨ ᠣᠨᠴᠠ ᠰᠢᠨᠵᠢ ᠴᠢᠨᠠᠷ ᠪᠦᠬᠦᠢ ᠨᠠᠩ ᠣᠯᠠᠨ | ᠰᠣᠶᠣᠯ ᠤᠨ ᠲᠡᠮᠳᠡᠭ ᠪᠠ ᠳᠦᠷᠢ ᠲᠥᠷᠬᠦ ᠶᠢ ᠪᠤᠶ ᠪᠤᠯᠭᠠᠬᠤ ᠶᠢ ᠠᠬᠢᠭᠤᠯᠬᠤ ᠶᠢᠨ ᠬᠠᠮᠲᠤ᠂ ᠲᠡᠭᠦᠨ ᠢ ᠣᠯᠠᠨ | ᠨᠡᠶᠢᠲᠡ ᠶᠢᠨ ᠰᠣᠶᠣᠯ ᠤᠨ ᠲᠤᠨᠤᠭ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠲᠠ ᠶᠢᠨ ᠪᠡᠯᠭᠡ | ᠲᠡᠮᠳᠡᠭ ᠤᠨ ᠴᠢᠨᠠᠷᠲᠠᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ᠂ ᠵᠢᠭᠤᠯᠴᠢᠯᠠᠯ ᠤᠨ ᠦᠵᠡᠮᠵᠢ ᠶᠢᠨ ᠦᠵᠡᠭᠦᠯᠭᠡ | ᠵᠡᠷᠭᠡ ᠲᠠᠯ᠎ᠠ ᠳᠤ ᠠᠭᠤᠰᠬᠠᠨ ᠣᠷᠣᠭᠤᠯᠬᠤ ᠬᠡᠷᠡᠭᠲᠡᠢ᠃ | 15. ᠡᠯ᠎ᠡ ᠱᠠᠲᠤᠨ ᠤ ᠰᠤᠷᠲᠠᠯ ᠤᠬᠠᠭᠤᠯᠭ᠎ᠠ ᠰᠣᠶᠣᠯ ᠤᠨ ᠰᠠᠯᠠᠭ᠎ᠠ ᠮᠥᠴᠢᠷ ᠤᠳ ᠡᠯ᠎ᠡ ᠲᠥᠷᠥᠯ ᠤᠨ | ᠳᠤᠷᠠᠰᠬᠠᠯ ᠤᠨ ᠣᠷᠳᠣᠨ᠂ ᠦᠵᠡᠰᠭᠦᠯᠡᠩ ᠤᠨ ᠣᠷᠳᠣᠨ᠂ ᠮᠦᠽᠧᠢ ︵ᠬᠦᠷᠢᠶᠡᠯᠡᠩ︶ ᠶᠢᠨ ᠳᠡᠯᠭᠡᠨ ᠦᠵᠡᠭᠦᠯᠭᠦ | ᠠᠭᠤᠯᠭ᠎ᠠ ᠶᠢᠨ ᠰᠤᠳᠤᠯᠤᠯ ᠪᠠ ᠬᠢᠨᠠᠨ ᠬᠠᠷᠭᠤᠭᠤᠯᠵᠤ ᠪᠣᠭᠤᠮᠲᠠ ᠶᠢ ᠰᠠᠬᠢᠬᠤ ᠪᠠᠨ ᠴᠢᠩᠭᠠᠳᠬᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠨᠡᠶᠢᠴᠡᠬᠦ ᠦᠭᠡᠢ ᠠᠭᠤᠯᠭ᠎ᠠ ᠶᠢ | ᠭᠦᠨᠵᠡᠭᠡᠢ ᠢᠯᠭᠠᠷᠠᠭᠤᠯᠤᠨ ᠴᠡᠪᠡᠷᠯᠡᠵᠦ᠂ ᠨᠠᠮ ᠠᠴᠠ ᠦᠨᠳᠦᠰᠦᠲᠡᠨ ᠨᠦᠭᠦᠳ ᠤᠨ ᠠᠷᠠᠳ ᠲᠦᠮᠡᠨ ᠢ ᠤᠳᠤᠷᠢᠳᠤᠨ | ᠪᠦᠯᠬᠦᠮᠳᠡᠨ ᠡᠷᠡᠯᠬᠡᠭᠯᠡᠨ ᠤᠷᠤᠭᠰᠢᠯᠠᠭᠰᠠᠨ ᠪᠠ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ | ᠰᠣᠯᠢᠯᠴᠠᠭ᠎ᠠ ᠠᠭᠤᠰᠤᠯᠴᠠᠯ ᠤᠨ ᠲᠡᠦᠬᠡᠨ ᠪᠣᠳᠠᠲᠤ ᠪᠠᠶᠢᠳᠠᠯ ᠤᠨ ᠳᠡᠯᠭᠡᠨ ᠦᠵᠡᠭᠦᠯᠭᠡ ᠶᠢ ᠲᠥᠪᠯᠡᠷᠡᠭᠦᠯᠦᠨ | ᠨᠡᠶᠢᠲᠡᠯᠡᠬᠦ ᠬᠡᠷᠡᠭᠲᠡᠢ᠃ ᠴᠥᠭᠡᠨ ᠲᠣᠭᠠᠲᠤ ᠦᠨᠳᠦᠰᠦᠲᠡᠨ ᠤ ᠦᠭᠡ ᠭᠡᠯᠡ ᠦᠰᠦᠭ ᠪᠢᠴᠢᠭ ᠤᠨ ᠣᠷᠴᠢᠭᠤᠯᠭ᠎ᠠ ᠶᠢᠨ | ᠠᠵᠢᠯ ᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠦᠨᠳᠦᠰᠦᠲᠡᠨ ᠤ ᠬᠦᠷᠢᠶᠡᠨ ᠳᠠᠬᠢ ᠬᠡᠪᠯᠡᠭᠳᠡᠬᠦᠨ ᠢ ᠬᠢᠨᠠᠨ | ᠬᠠᠷᠭᠤᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ | ᠰᠤᠳᠤᠯᠭᠠᠨ ᠵᠢᠴᠢ ᠬᠠᠮᠢᠶ᠎ᠠ ᠪᠦᠬᠦᠢ ᠶᠠᠷᠢᠶᠠᠨ ᠤ ᠲᠠᠪᠴᠠᠩ᠂ ᠲᠠᠶᠢᠯᠤᠮᠵᠢ ᠶᠢ ᠬᠢᠨᠠᠨ ᠬᠠᠷᠭᠤᠭᠤᠯᠬᠤ ᠬᠠᠮᠢᠶᠠᠷᠤᠯᠲᠠ ᠶᠢ | ᠴᠢᠩᠭᠠᠳᠬᠠᠵᠤ᠂ ᠡᠯ᠎ᠡ ᠲᠥᠷᠥᠯ ᠤᠨ ᠰᠣᠶᠣᠯ ᠤᠨ ᠰᠣᠯᠢᠯᠴᠠᠭᠠᠨ ᠤ ᠠᠵᠢᠯᠯᠠᠭ᠎ᠠ ᠢᠯᠠᠩᠭᠤᠶ᠎ᠠ ᠬᠢᠯᠢ ᠶᠢᠨ ᠭᠠᠳᠠᠨᠠᠬᠢ | ᠲᠣᠬᠯᠠᠯᠲᠠ ᠶᠢᠨ ᠪᠦᠯᠭᠦᠮ ᠤᠨ ᠮᠠᠨ ᠤ ᠣᠷᠣᠨ ᠳᠤ ᠢᠷᠡᠵᠦ ᠲᠣᠬᠯᠠᠯᠲᠠ ᠶᠢᠨ ᠠᠵᠢᠯᠯᠠᠭ᠎ᠠ ᠥᠷᠨᠢᠭᠦᠯᠬᠦ ᠶᠢ ᠬᠢᠨᠠᠨ | ᠬᠠᠷᠭᠤᠭᠤᠯᠬᠤ ᠬᠠᠮᠢᠶᠠᠷᠤᠯᠲᠠ ᠶᠢ ᠴᠢᠩᠭᠠᠳᠬᠠᠵᠤ᠂ ︽ᠠᠰᠠᠭᠤᠳᠠᠯ ᠲᠠᠢ ᠪᠠᠷ ᠬᠡᠪᠯᠡᠭᠦᠯᠬᠦ︾ ᠪᠠ ︽ | ᠠᠰᠠᠭᠤᠳᠠᠯ ᠲᠠᠢ ᠪᠠᠷ ᠲᠠᠶᠢᠰᠠᠨ ᠳᠤ ᠭᠠᠷᠬᠤ︾ ᠶᠢ ᠰᠡᠷᠭᠡᠶᠢᠯᠡᠬᠦ ᠬᠡᠷᠡᠭᠲᠡᠢ᠃ | 16. ᠡᠯ᠎ᠡ ᠱᠠᠲᠤᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠳ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠡᠯ᠎ᠡ ᠱᠠᠲᠤᠨ ᠤ ᠡᠯ᠎ᠡ ᠲᠥᠷᠥᠯ ᠤᠨ | ᠰᠤᠷᠭᠠᠭᠤᠯᠢ ᠶᠢᠨ ᠰᠤᠷᠭᠠᠭᠤᠯᠢ ᠡᠷᠭᠢᠯᠡᠵᠦ ᠰᠤᠷᠭᠠᠭᠤᠯᠢ ᠶᠢ ᠵᠠᠰᠠᠬᠤ᠂ ᠪᠢᠴᠢᠭ ᠵᠢᠭᠠᠵᠤ ᠬᠥᠮᠥᠨ ᠬᠥᠮᠥᠵᠢᠭᠦᠯᠬᠦ | ᠪᠦᠭᠦ ᠶᠠᠪᠤᠴᠠ ᠳᠤ ᠠᠭᠤᠰᠤᠯᠴᠠᠭᠤᠯᠬᠤ ᠶᠢ ᠠᠬᠢᠭᠤᠯᠵᠤ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠱᠠᠲᠤ ᠦᠶ᠎ᠡ ᠳᠤ ︽ᠠᠳᠠᠯᠢ ᠦᠭᠡ ᠭᠡᠯᠡ ᠦᠰᠦᠭ ᠪᠢᠴᠢᠭ ᠲᠠᠢ ᠪᠠᠶᠢᠯᠭᠠᠬᠤ︾ ᠲᠥᠯᠥᠪᠯᠡᠭᠡ ᠶᠢ | ᠬᠡᠷᠡᠭᠵᠢᠭᠦᠯᠦᠨ᠂ ︽ᠶᠣᠰᠣ ᠰᠤᠷᠲᠠᠬᠤᠨ ᠢᠶᠠᠷ ᠬᠡᠦᠬᠡᠳ ᠬᠥᠮᠥᠵᠢᠭᠦᠯᠬᠦ︾ ᠬᠢᠴᠢᠶᠡᠯ ᠤᠨ ᠲᠠᠩᠬᠢᠮ ᠢ ᠪᠦᠭᠦ ᠲᠠᠯ᠎ᠠ ᠪᠠᠷ | ᠨᠡᠭᠡᠭᠡᠬᠦ ᠭᠡᠷᠡᠭᠲᠡᠶ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠳᠤ ︽ᠳᠤᠮᠳᠠᠳᠤ ᠶᠢᠨ ᠦᠨᠳᠦᠰᠦᠲᠡᠨ ᠤ | ᠶᠡᠭᠡ ᠭᠡᠷ ᠪᠦᠯᠢ︾ ᠵᠡᠷᠭᠡ ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ᠂ 12 ᠬᠢᠴᠢᠶᠡᠯ ᠤᠨ ᠴᠠᠭ ᠠᠴᠠ ᠳᠤᠲᠠᠭᠤ | ᠦᠭᠡᠢ ᠪᠠᠷ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠲᠤᠰᠬᠠᠢ ᠰᠡᠳᠦᠪᠲᠦ ᠬᠥᠮᠦᠵᠢᠯ ᠢ ᠥᠷᠨᠢᠭᠦᠯᠬᠦ | ᠭᠡᠷᠡᠭᠲᠡᠢ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠱᠠᠲᠤᠨ ᠳᠤ ︽ᠡᠬᠡ | ᠤᠯᠤᠰ ᠲᠠᠭᠠᠨ ᠥᠴᠢᠬᠦ ᠮᠢᠨᠤ ᠭᠦᠨ ᠰᠡᠳᠬᠢᠯᠭᠡ ᠶᠢᠨ ᠴᠠᠭᠠᠳᠬᠠᠯ︾ ᠵᠡᠷᠭᠡ ᠠᠵᠢᠯᠯᠠᠭ᠎ᠠ ᠶᠢ ᠪᠦᠭᠦ ᠲᠠᠯ᠎ᠠ ᠪᠠᠷ | ᠥᠷᠨᠢᠭᠦᠯᠵᠦ᠂ ︽ᠳᠤᠮᠳᠠᠳᠤ ᠤᠯᠤᠰ ᠢᠶᠠᠨ ᠬᠠᠶᠢᠷᠠᠯᠠᠬᠤ︾ ᠵᠤᠰᠠᠯᠠᠩ᠂ ᠡᠪᠦᠯ ᠤᠨ ᠠᠵᠢᠯᠯᠠᠭ᠎ᠠ ᠵᠡᠷᠭᠡ ᠨᠡᠶᠢᠭᠡᠮ ᠤᠨ | ᠦᠢᠯᠡᠳᠦᠯᠭᠡ ᠶᠢ ᠥᠷᠭᠡᠨ ᠢᠶᠠᠷ ᠥᠷᠨᠢᠭᠦᠯᠬᠦ ᠭᠡᠷᠡᠭᠲᠡᠢ᠃ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠱᠠᠲᠤᠨ ᠳᠤ | ᠪᠠᠭᠰᠢ ᠰᠤᠷᠤᠬᠴᠢᠳ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠬᠤᠷᠢᠶᠠᠩᠭᠤᠢ︾ ᠵᠡᠷᠭᠡ | ᠵᠢᠭᠠᠬᠤ ᠮᠠᠲ᠋ᠧᠷᠢᠶᠠᠯ ᠢ ᠰᠠᠶᠢᠲᠤᠷ ᠬᠡᠷᠡᠭᠯᠡᠵᠦ ᠰᠠᠶᠢᠲᠤᠷ ᠰᠤᠷᠬᠤ ᠶᠢ ᠠᠬᠢᠭᠤᠯᠵᠤ᠂ ᠶᠡᠭᠡ ᠳᠡᠭᠡᠳᠦ | ᠰᠤᠷᠭᠠᠭᠤᠯᠢ ᠶᠢᠨ︽ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢᠶᠠᠨ ᠬᠢᠴᠢᠶᠡᠩᠭᠦᠶᠢᠯᠡᠨ ᠬᠦᠨᠳᠦᠳᠬᠡᠬᠦ︾ | ᠲᠦᠷᠦᠯ ᠵᠦᠢᠯ ᠢ ᠬᠡᠷᠡᠭᠵᠢᠭᠦᠯᠬᠦ ᠬᠡᠷᠡᠭᠲᠡᠢ᠃ | 17. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ | ᠦᠰᠦᠭ ᠪᠢᠴᠢᠭ ᠢ ᠪᠦᠭᠦ ᠲᠠᠯ᠎ᠠ ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ | ᠭᠡᠯᠡ ᠦᠰᠦᠭ ᠪᠢᠴᠢᠭ ᠢ ᠲᠦᠭᠡᠮᠡᠯᠵᠢᠭᠦᠯᠦᠨ ᠳᠡᠭᠡᠭᠰᠢᠯᠡᠭᠦᠯᠭᠦ ᠢᠨᠵᠧᠨᠧᠷᠢᠩ ᠪᠣᠯᠣᠨ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠶᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠤᠯᠤᠰ ᠤᠨ ᠨᠢᠭᠡᠳᠦᠯᠲᠡᠢ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠷᠡᠰ ᠭᠤᠶᠢᠪᠢᠰᠢ ᠦᠭᠡᠢ ᠪᠦᠭᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ | ᠦᠨᠳᠦᠰᠦᠲᠡᠨ ᠨᠦᠭᠦᠳ ᠤᠨ ᠵᠠᠯᠠᠭᠤᠴᠤᠳ ᠪᠠᠭᠠᠴᠤᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠭᠡᠯᠡ ᠦᠰᠦᠭ | ᠪᠢᠴᠢᠭ ᠢ ᠡᠵᠡᠮᠰᠢᠬᠦ ᠪᠠ ᠰᠠᠶᠢᠲᠤᠷ ᠬᠡᠷᠡᠭᠯᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ | 18. ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠪᠣᠯᠣᠨ | ᠤᠯᠤᠰ ᠲᠥᠷᠥ ᠬᠠᠤᠯᠢ ᠴᠠᠭᠠᠵᠠ ᠶᠢᠨ ᠨᠢᠭᠡᠴᠢ ᠨᠦᠭᠦᠳ ᠦᠨᠳᠦᠰᠦᠲᠡᠨ ᠤ ᠬᠦᠷᠢᠶᠡᠨ ᠳᠠᠬᠢ ᠲᠦᠭᠰᠢᠭᠦᠷᠢ ᠶᠢᠨ | ᠳᠠᠯᠳᠠ ᠭᠡᠮ ᠢ ᠨᠢᠭᠲᠠ ᠠᠩᠬᠠᠷᠤᠨ᠂ ᠪᠦᠲᠦᠮᠵᠢᠲᠡᠶ ᠰᠡᠷᠭᠡᠶᠢᠯᠡᠨ ᠠᠷᠢᠯᠭᠠᠵᠤ᠂ ᠲᠦᠭᠰᠢᠭᠦᠷᠢ ᠶᠢᠨ ᠭᠡᠮ ᠰᠣᠭᠤᠭ ᠢ | ᠡᠷᠲᠡᠬᠡᠨ ᠰᠡᠷᠭᠡᠶᠢᠯᠡᠬᠦ᠂ ᠣᠨᠣᠪᠴᠢᠲᠠᠶ ᠪᠠᠷ ᠢᠯᠡᠷᠡᠭᠦᠯᠬᠦ᠂ ᠵᠥᠪᠳᠡᠯᠴᠡᠨ ᠰᠤᠳᠤᠯᠤᠨ ᠮᠠᠭᠠᠳᠯᠠᠬᠤ᠂ ᠴᠠᠭ ᠲᠤᠬᠠᠢ ᠳᠤᠨᠢ | ᠰᠢᠢᠳᠪᠦᠷᠢᠯᠡᠬᠦ ᠵᠡᠷᠭᠡ ᠳᠦᠷᠢᠮ ᠲᠣᠭᠲᠠᠴᠠ ᠶᠢ ᠪᠦᠷᠢᠨᠰᠢᠭᠦᠯᠵᠦ᠂ ᠳᠠᠶᠢᠰᠤᠩᠨᠠᠭᠴᠢ ᠬᠦᠴᠦᠨ ᠤ ᠨᠡᠪᠴᠢᠯᠲᠡ ᠬᠢᠬᠦ᠂ | ᠡᠪᠳᠡᠯᠡᠭᠡ ᠬᠢᠬᠦ᠂ ᠨᠤᠷᠠᠭᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠬᠦ ᠪᠠ ᠬᠠᠤᠯᠢ ᠶᠣᠰᠣᠭᠠᠷ ᠴᠣᠬᠢᠯᠲᠠ ᠥᠭᠬᠦ | ᠬᠡᠷᠡᠭᠲᠡᠢ᠃ ᠦᠨᠳᠦᠰᠦᠲᠡᠨ ᠤ ᠡᠯᠧᠮᠧᠨ᠋ᠲ ᠲᠤ ᠬᠤᠯᠪᠣᠭᠳᠠᠭᠰᠠᠨ ᠬᠡᠷᠡᠭ ᠢ ᠬᠠᠤᠯᠢ ᠶᠣᠰᠣᠭᠠᠷ ᠲᠣᠬᠢᠲᠠᠢ | ᠰᠢᠢᠳᠪᠦᠷᠢᠯᠡᠵᠦ᠂ ᠶᠠᠮᠠᠷ ᠠᠰᠠᠭᠤᠳᠠᠯ ᠪᠠᠶᠢᠪᠠᠯ ᠲᠡᠷᠡ ᠠᠰᠠᠭᠤᠳᠠᠯ ᠶᠣᠰᠣᠭᠠᠷ ᠨᠢ ᠰᠢᠢᠳᠪᠦᠷᠢᠯᠡᠬᠦ ᠶᠢ ᠪᠠᠷᠢᠮᠲᠠᠯᠠᠬᠤ | ᠬᠡᠷᠡᠭᠲᠡᠢ᠃ | 19. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠷᠠᠳ ᠲᠤ ᠠᠰᠢᠭ | ᠬᠦᠷᠲᠡᠭᠡᠬᠦ ᠨᠥᠬᠦᠪᠦᠷᠢ ᠶᠢᠨ ᠪᠡᠯᠡ ᠮᠥᠩᠭᠦ ᠶᠢᠨ ︽ᠪᠦᠷᠢᠨ ᠴᠢᠳᠠᠮᠵᠢᠲᠤ ᠺᠠᠷᠲ︾ ᠢᠶᠠᠷ ᠰᠢᠭᠤᠳ ᠬᠦᠷᠬᠦ | ᠲᠣᠭᠲᠠᠴᠠ ᠶᠢ ᠲᠡᠭᠦᠯᠳᠡᠷᠵᠢᠭᠦᠯᠵᠦ᠂ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠠᠰᠢᠭ ᠲᠤᠰᠠ | ᠬᠠᠮᠢᠭ᠎ᠠ ᠠᠴᠠ ᠢᠷᠡᠭᠰᠡᠨ᠂ ᠠᠰᠢᠭ ᠲᠤᠰᠠ ᠬᠠᠮᠢᠭ᠎ᠠ ᠪᠠᠶᠢᠬᠤ᠂ ᠠᠰᠢᠭ ᠲᠤᠰᠠ ᠬᠡᠳᠦᠢ ᠪᠠᠶᠢᠬᠤ ᠶᠢ ᠮᠡᠳᠡᠭᠦᠯᠵᠦ᠂ | ᠦᠨᠡᠨ ᠰᠡᠳᠬᠢᠯ ᠠᠴᠠ ᠪᠠᠨ ᠡᠪ ᠬᠠᠮᠲᠤ ᠨᠠᠮ ᠰᠠᠶᠢᠨ ᠪᠠᠶᠢᠬᠤ᠂ ᠡᠬᠡ ᠤᠯᠤᠰ ᠰᠠᠶᠢᠨ ᠪᠠᠶᠢᠬᠤ ᠶᠢ ᠣᠶᠢᠯᠠᠭᠠᠭᠤᠯᠬᠤ | ᠬᠡᠷᠡᠭᠲᠡᠢ᠃ ᠡᠬᠢ ᠪᠠᠶᠠᠯᠢᠭ ᠤᠨ ᠨᠡᠭᠡᠭᠡᠯᠲᠡ᠂ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠣᠯᠠᠨ | ᠲᠦᠮᠡᠨ ᠤ ᠠᠰᠢᠭ ᠲᠤᠰᠠ ᠶᠢ ᠬᠠᠮᠠᠭᠠᠯᠠᠬᠤ ᠶᠢ ᠦᠨᠡᠯᠡᠬᠦ ᠪᠠ ᠬᠤᠪᠢᠶᠠᠷᠢᠯᠠᠬᠤ ᠲᠣᠭᠲᠠᠴᠠ ᠶᠢ ᠪᠦᠷᠢᠨᠰᠢᠭᠦᠯᠵᠦ᠂ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ᠂ ᠮᠠᠯ ᠠᠵᠤ ᠠᠬᠤᠢ ᠲᠠᠷᠢᠶᠠᠯᠠᠩ | ᠬᠥᠳᠡᠭᠡ ᠲᠤᠰᠬᠤᠨ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥᠯ | ᠵᠦᠢᠯ ᠳᠤ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠶᠢ ᠬᠡᠷᠡᠭᠵᠢᠭᠦᠯᠬᠦ ᠬᠡᠪᠴᠢᠶ᠎ᠡ ᠶᠢ ᠥᠷᠭᠡᠳᠬᠡᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠥᠲᠥᠯᠥᠨ ᠵᠢᠯᠤᠭᠤᠳᠴᠤ ᠡᠵᠡᠨ ᠬᠥᠮᠥᠨ ᠤ ᠦᠵᠡᠯ ᠤᠬᠠᠮᠰᠠᠷ ᠢ | ᠨᠢ ᠨᠡᠮᠡᠭᠳᠡᠭᠦᠯᠵᠦ᠂ ᠬᠠᠮᠲᠤ ᠪᠠᠷ ᠲᠡᠮᠡᠴᠡᠬᠦ ᠶᠠᠪᠤᠴᠠ ᠳᠤ ᠬᠠᠮᠲᠤ ᠪᠠᠷ ᠪᠠᠶᠠᠵᠢᠬᠤ ᠵᠠᠮ ᠢᠶᠠᠷ ᠵᠠᠮᠨᠠᠭᠤᠯᠬᠤ ᠬᠡᠷᠡᠭᠲᠡᠢ᠃ | 20. ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ ᠤᠳ ᠬᠢᠯᠢ ᠬᠢᠵᠠᠭᠠᠷ ᠣᠷᠣᠨ ᠢ | ᠮᠠᠨᠳᠤᠭᠤᠯᠤᠨ ᠠᠷᠠᠳ ᠢ ᠪᠠᠶᠠᠵᠢᠭᠤᠯᠬᠤ ᠠᠵᠢᠯᠯᠠᠭ᠎ᠠ ᠶᠢᠨ ᠭᠤᠣᠯ ᠬᠤᠲᠠ ᠪᠠᠯᠭᠠᠰᠤ ᠶᠢᠨ ᠪᠦᠲᠦᠭᠡᠨ | ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠢ ᠭᠦᠨᠵᠡᠭᠡᠢ ᠥᠷᠨᠢᠭᠦᠯᠵᠦ᠂ ᠬᠢᠯᠢ ᠳᠠᠭᠠᠤ ᠭᠠᠵᠠᠷ ᠣᠷᠣᠨ ᠤ ᠤᠰᠤ | ᠴᠠᠭᠢᠯᠭᠠᠨ ᠵᠠᠮ ᠴᠢᠮᠡᠭᠡ ᠬᠤᠯᠪᠤᠭ᠎ᠠ ᠶᠢ ᠨᠢᠭᠡ ᠴᠣᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠶᠡᠭᠡ ᠪᠠᠷ | ᠠᠬᠢᠭᠤᠯᠵᠤ᠂ ᠬᠢᠯᠢ ᠳᠠᠭᠠᠤ ᠣᠷᠣᠨ ᠤ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠲᠡᠳᠬᠦᠵᠦ᠂ | ᠬᠢᠯᠢ ᠬᠢᠵᠠᠭᠠᠷ ᠣᠷᠣᠨ ᠤ ᠵᠠᠬ᠎ᠠ ᠶᠢᠨ ᠠᠷᠠᠯᠵᠢᠶᠠᠨ ᠤ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠵᠤ᠂ ᠬᠢᠯᠢ ᠶᠢᠨ ︽ | ᠳᠥᠷᠪᠡᠨ ᠬᠠᠮᠲᠤ ᠪᠠᠷ︾ ᠤᠷᠲᠤ ᠬᠤᠩᠭᠢᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ | ᠦᠨᠳᠦᠰᠦᠲᠡᠨ ᠨᠦᠭᠦᠳ ᠤᠨ ᠣᠯᠠᠨ ᠲᠦᠮᠡᠨ ᠤ ᠬᠠᠮᠲᠤ ᠪᠠᠷ ᠬᠢᠯᠢ ᠬᠢᠵᠠᠭᠠᠷ ᠣᠷᠣᠨ ᠢᠶᠠᠨ ᠰᠠᠬᠢᠨ ᠬᠢᠯᠢ ᠬᠢᠵᠠᠭᠠᠷ | ᠣᠷᠣᠨ ᠢᠶᠠᠨ ᠪᠠᠬᠢᠵᠢᠭᠦᠯᠦᠨ ᠬᠢᠯᠢ ᠬᠢᠵᠠᠭᠠᠷ ᠢᠶᠠᠨ ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ | 21. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠦᠭᠦ ᠠᠷᠠᠳ ᠤᠨ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠳᠤ | ᠰᠠᠭᠤᠭ᠎ᠠ ᠴᠡᠷᠢᠭ ᠠᠩᠭᠢ ᠯᠤᠭ᠎ᠠ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ ᠪᠠᠨ ᠴᠢᠩᠭᠠᠳᠬᠠᠨ᠂ ᠨᠡᠶᠢᠭᠡᠮ | ᠲᠣᠭᠤᠷᠢᠭ ᠲᠤ ᠴᠡᠷᠢᠭ ᠢᠶᠠᠨ ᠬᠦᠷᠢᠶᠡᠯᠡᠬᠦ᠂ ᠠᠵᠢᠯ ᠲᠥᠷᠥᠯ ᠳᠤ ᠴᠡᠷᠢᠭ ᠢᠶᠠᠨ ᠬᠦᠷᠢᠶᠡᠯᠡᠬᠦ ᠵᠡᠷᠭᠡ ᠠᠵᠢᠯᠯᠠᠭ᠎ᠠ ᠶᠢ | ᠥᠷᠭᠡᠨ ᠳᠡᠯᠭᠡᠷ ᠥᠷᠨᠢᠭᠦᠯᠬᠦ ᠬᠡᠷᠡᠭᠲᠡᠢ᠃ ᠤᠯᠠᠭᠠᠨᠮᠥ᠋ᠴᠢᠷ ᠤᠨ ᠭᠡᠰᠢᠭᠦᠳ ᠢ ᠦᠨᠳᠦᠰᠦᠨ ᠱᠠᠲᠤᠨ ᠤ ᠭᠤᠣᠯᠯᠠᠬᠤ | ᠡᠷᠦᠭᠡ ᠶᠢᠨ ᠴᠡᠷᠢᠭ ᠤᠨ ᠬᠠᠮᠢᠶᠠᠷᠤᠯᠲᠠ ᠳᠤ ᠣᠷᠣᠭᠤᠯᠵᠤ᠂ ᠵᠢᠯ ᠪᠦᠷᠢ ᠶᠢᠨ ᠪᠣᠯᠪᠠᠰᠤᠷᠠᠯ ᠤᠨ ᠴᠠᠭ ᠢ ᠠᠰᠢᠭᠯᠠᠨ | ᠬᠢᠯᠢ ᠶᠢᠨ ᠬᠠᠮᠠᠭᠠᠯᠠᠯᠲᠠ ᠶᠢᠨ ᠬᠠᠷᠠᠭᠤᠯ ᠤᠨ ᠭᠠᠵᠠᠷ ᠲᠤ ᠲᠣᠬᠤᠨᠢᠭᠤᠯᠬᠤ ᠲᠣᠬᠯᠠᠯᠲᠠ ᠭᠠᠷᠭᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠳᠤ ᠰᠠᠭᠤᠭ᠎ᠠ ᠴᠡᠷᠢᠭ ᠠᠩᠭᠢ ᠶᠢᠨ ᠬᠢᠨ ᠥᠪᠡᠷᠲᠡᠭᠡᠨ ᠵᠠᠰᠠᠬᠤ ᠣᠷᠣᠨ ᠤ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠳᠤ | ᠢᠳᠡᠪᠬᠢᠲᠡᠢ ᠣᠷᠤᠯᠴᠠᠬᠤ ᠶᠢ ᠳᠡᠮᠵᠢᠬᠦ ᠬᠡᠷᠡᠭᠲᠡᠢ᠃ | 22. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠳ ᠪᠦᠭᠦ ᠨᠡᠶᠢᠭᠡᠮ ᠳᠤ ︽ᠲᠡᠰᠪᠦᠷᠢ ᠬᠠᠲᠠᠭᠤᠵᠢᠯᠲᠠᠢ᠂ | ᠴᠤᠴᠠᠯᠲᠠ ᠦᠭᠡᠢ ᠤᠷᠤᠭᠰᠢᠯᠠᠨ᠂ ᠵᠣᠷᠢᠭᠰᠠᠨ ᠳᠠᠭᠠᠨ ᠵᠠᠪᠠᠯ ᠬᠦᠷᠬᠦ︾ ᠮᠣᠩᠭᠤᠯ ᠮᠣᠷᠢᠨ ᠤ ᠵᠣᠷᠢᠭ ᠰᠠᠨᠠᠭ᠎ᠠ ᠪᠠ | ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ᠂ ᠭᠤᠶᠠᠴᠢ ᠦᠭᠡᠢ ᠵᠢᠳᠬᠦᠬᠦ᠂ ᠰᠢᠨᠲᠠᠷᠠᠰᠢ ᠦᠭᠡᠢ ᠴᠢᠷᠮᠠᠶᠢᠬᠤ᠂ ᠤᠳᠠᠭᠠᠨ | ᠳᠠᠭᠠᠭᠠᠮᠠᠭᠠᠢ ᠴᠢᠷᠮᠠᠶᠢᠬᠤ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠭᠡ ᠪᠠᠷ ᠪᠠᠳᠠᠷᠠᠭᠤᠯᠵᠤ᠂ | ᠨᠢᠭᠡ ᠪᠦᠯᠦᠭ ᠰᠢᠯᠢᠳᠡᠭ ᠤᠳᠬ᠎ᠠ ᠤᠷᠠᠯᠢᠭ ᠤᠨ ᠪᠦᠲᠦᠭᠡᠯ ᠢ ᠵᠣᠬᠢᠶᠠᠨ ᠪᠠᠶᠢᠭᠤᠯᠤᠨ ᠵᠣᠬᠢᠶᠠᠨ ᠪᠦᠲᠦᠭᠡᠵᠦ᠂ ᠨᠢᠭᠡ | ᠪᠦᠯᠦᠭ ᠲᠡᠷᠢᠭᠦᠨ ᠤ ᠨᠡᠶᠢᠲᠡᠯᠢᠭ ᠵᠢᠱᠢᠶ᠎ᠡ ᠶᠢ ᠰᠣᠩᠭᠤᠨ ᠪᠤᠶ ᠪᠤᠯᠭᠠᠵᠤ᠂ ᠦᠨᠳᠦᠰᠦᠲᠡᠨ ᠨᠦᠭᠦᠳ ᠤᠨ ᠣᠯᠠᠨ | ᠲᠦᠮᠡᠨ ᠤ ᠠᠵᠢᠯ ᠬᠢᠵᠦ ᠦᠢᠯᠡᠰ ᠪᠣᠰᠬᠠᠬᠤ ᠬᠠᠳᠠᠨ ᠵᠣᠷᠢᠭ᠂ ᠡᠷᠴᠢ ᠵᠣᠷᠢᠭ ᠪᠠ ᠰᠥᠰᠥ ᠵᠣᠷᠢᠭ ᠢᠶᠠᠨ ᠢᠮᠠᠭᠲᠠ | ᠪᠠᠷᠢᠮᠲᠠᠯᠠᠬᠤ ᠶᠢ ᠵᠣᠷᠢᠭᠵᠢᠭᠤᠯᠬᠤ ᠬᠡᠷᠡᠭᠲᠡᠢ᠃ | 23. ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ | ᠲᠤᠭᠤᠰᠢᠯᠠᠭᠤᠯᠬᠤ ᠶᠢ ᠨᠠᠮ ᠤᠨ ᠪᠠᠶᠢᠭᠤᠯᠤᠯᠲᠠ ᠪᠠ ᠦᠵᠡᠯ ᠤᠬᠠᠮᠰᠠᠷ ᠤᠨ ᠭᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠳᠤ ᠣᠷᠣᠭᠤᠯᠵᠤ᠂ ᠤᠯᠤᠰ ᠲᠦᠷᠦ ᠶᠢᠨ ᠪᠠᠶᠢᠭᠤᠯᠭ᠎ᠠ ᠶᠢᠨ ᠪᠠᠶᠢᠭᠤᠯᠤᠯᠲᠠ᠂ | ᠲᠣᠭᠤᠷᠢᠨ ᠦᠵᠡᠵᠦ ᠲᠣᠭᠤᠷᠢᠨ ᠪᠠᠶᠢᠴᠠᠭᠠᠬᠤ ᠠᠵᠢᠯ ᠪᠠ ᠵᠠᠰᠠᠭ ᠤᠨ ᠠᠵᠢᠯ ᠤᠨ ᠬᠢᠷᠢ ᠪᠦᠳᠦᠮᠵᠢ ᠶᠢ ᠬᠢᠨᠠᠨ | ᠰᠢᠯᠭᠠᠬᠤ ᠳᠤ ᠣᠷᠣᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ | ᠬᠢᠵᠦ ᠦᠨᠡᠯᠡᠨ ᠰᠢᠯᠭᠠᠬᠤ᠂ ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠪᠠ ᠵᠣᠬᠢᠶᠠᠨ ᠪᠠᠶᠢᠭᠤᠯᠤᠯᠲᠠ ᠶᠢᠨ | ᠠᠮᠢᠳᠤᠷᠠᠯ ᠤᠨ ᠬᠤᠷᠠᠯ ᠤᠨ ᠬᠠᠷᠭᠤᠭᠤᠯᠤᠨ ᠪᠠᠶᠢᠴᠠᠭᠠᠬᠤ ᠴᠢᠬᠤᠯᠠ ᠠᠭᠤᠯᠭ᠎ᠠ ᠪᠤᠯᠭᠠᠬᠤ ᠬᠡᠷᠡᠭᠲᠡᠢ᠃ | 24. ᠡᠯ᠎ᠡ ᠱᠠᠲᠤᠨ ᠤ ᠵᠣᠬᠢᠶᠠᠨ ᠪᠠᠶᠢᠭᠤᠯᠬᠤ ᠪᠠ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠳ | ᠺᠠᠳ᠋ᠷ ᠢ ᠰᠣᠩᠭᠤᠨ ᠬᠥᠮᠥᠵᠢᠭᠦᠯᠵᠦ ᠬᠠᠮᠢᠶᠠᠷᠤᠨ ᠬᠡᠷᠡᠭᠯᠡᠬᠦ ᠪᠦᠭᠦ ᠶᠠᠪᠤᠴᠠ ᠳᠤ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠤᠨ ᠱᠠᠭᠠᠷᠳᠠᠯᠭ᠎ᠠ ᠶᠢ ᠲᠣᠪᠤᠶᠢᠯᠭᠠᠨ | ᠲᠤᠭᠤᠰᠢᠯᠠᠭᠤᠯᠵᠤ᠂ ᠤᠯᠤᠰ ᠲᠥᠷᠥ ᠶᠢᠨ ᠬᠡᠪ ᠪᠣᠯᠪᠠᠰᠤᠷᠠᠯ ᠤᠨ ᠰᠢᠯᠭᠠᠨ ᠪᠠᠶᠢᠴᠠᠭᠠᠯᠲᠠ ᠶᠢ ᠴᠢᠩᠭᠠᠳᠬᠠᠨ᠂ ︽ | ᠳᠥᠷᠪᠡᠨ ᠣᠨᠴᠠᠭᠠᠶ︾ ᠴᠢᠬᠤᠯᠠ ᠱᠠᠭᠠᠷᠳᠠᠯᠭ᠎ᠠ ᠶᠢ ᠺᠠᠳ᠋ᠷ ᠤᠨ ᠳᠡᠪᠰᠢᠵᠦ ᠪᠠᠭᠤᠵᠤ ᠪᠦᠷ ᠪᠤᠯᠬᠤ᠂ ︽ᠬᠠᠷᠢᠭᠤᠴᠠᠯᠭ᠎ᠠ | ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠭᠰᠠᠨ ᠰᠠᠶᠢᠨ ᠺᠠᠳ᠋ᠷ︾ ᠢ ᠰᠢᠯᠭᠠᠷᠠᠭᠤᠯᠬᠤ ᠶᠢᠨ ᠴᠢᠬᠤᠯᠠ ᠦᠨᠳᠦᠰᠦᠯᠡᠯ | ᠪᠤᠯᠭᠠᠬᠤ ᠬᠡᠷᠡᠭᠲᠡᠢ᠃ | 25. ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠶᠢ ᠪᠠᠲᠤ ᠴᠢᠩᠭ᠎ᠠ | ᠪᠠᠬᠢᠯᠡᠯᠲᠡ ︽ᠵᠢᠱᠢᠶᠡᠴᠢ︾ ᠨᠠᠮ ᠤᠨ ᠡᠭᠦᠷ᠂ ︽ᠤᠮᠠᠷᠠᠲᠤ ᠬᠢᠯᠢ ᠶᠢᠨ ᠵᠢᠱᠢᠶᠡᠴᠢ ᠪᠠᠶᠢᠭᠤᠯᠭ᠎ᠠ ᠶᠢᠨ ᠲᠡᠷᠢᠭᠦᠨ ᠤ | ᠨᠢᠭᠡᠴᠢ︾ ᠶᠢ ᠡᠭᠦᠳᠦᠨ ᠪᠠᠶᠢᠭᠤᠯᠬᠤ ᠠᠵᠢᠯ ᠤᠨ ᠪᠦᠭᠦ ᠶᠠᠪᠤᠴᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢ ᠨᠠᠮ ᠤᠨ | ᠭᠡᠰᠢᠭᠦᠨ ᠢ ᠡᠯᠰᠡᠬᠦ ᠤᠯᠤᠰ ᠲᠦᠷᠦ ᠶᠢᠨ ᠬᠢᠨᠠᠨ ᠪᠠᠶᠢᠴᠠᠭᠠᠯᠲᠠ᠂ ᠨᠠᠮ ᠤᠨ ᠭᠡᠰᠢᠭᠦᠨ ᠢ ᠠᠷᠠᠳᠴᠢᠯᠠᠯ ᠢᠶᠠᠷ | ᠦᠨᠡᠯᠡᠬᠦ ᠶᠢᠨ ᠴᠢᠬᠤᠯᠠ ᠠᠭᠤᠯᠭ᠎ᠠ ᠪᠤᠯᠭᠠᠬᠤ ᠬᠡᠷᠡᠭᠲᠡᠢ᠃ | 26. ᠡᠯ᠎ᠡ ᠱᠠᠲᠤᠨ ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠬᠤ ᠤᠨᠤᠯ ᠪᠣᠯᠣᠨ | ᠦᠢᠯᠡᠳᠦᠯᠭᠡ ᠶᠢᠨ ᠠᠰᠠᠭᠤᠳᠠᠯ ᠤᠨ ᠰᠤᠳᠤᠯᠭᠠᠨ ᠢ ᠴᠢᠩᠭᠠᠳᠬᠠᠵᠤ᠂ ᠲᠡᠭᠦᠨ ᠢ ᠣᠨ ᠤ ᠪᠠᠶᠢᠴᠠᠭᠠᠨ ᠰᠤᠳᠤᠯᠬᠤ | ᠲᠥᠯᠥᠪᠯᠡᠭᠡ ᠳᠤ ᠣᠷᠣᠭᠤᠯᠬᠤ ᠬᠡᠷᠡᠭᠲᠡᠢ᠃ ᠮᠤᠵᠢ ᠶᠢᠨ ᠱᠠᠲᠤᠨ ᠤ ᠤᠳᠤᠷᠢᠳᠬᠤ ᠺᠠᠳ᠋ᠷᠴᠤᠳ ᠲᠦᠷᠦᠭᠦᠯᠡᠨ | ᠪᠠᠶᠢᠴᠠᠭᠠᠨ ᠰᠤᠳᠤᠯᠤᠯᠲᠠ ᠬᠢᠵᠦ᠂ ᠵᠢᠯ ᠪᠦᠷᠢ ᠨᠠᠭᠠᠲᠤ ᠵᠠᠬ᠎ᠠ ᠨᠢ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ | ᠦᠷ᠎ᠡ ᠪᠦᠲᠦᠭᠡᠯ ᠢ 1 ᠪᠦᠷᠢᠯᠳᠦᠭᠦᠯᠬᠦ ᠬᠡᠷᠡᠭᠲᠡᠢ᠃ | 27. ᠡᠯ᠎ᠡ ᠱᠠᠲᠤᠨ ᠤ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤᠮᠳᠠᠬᠢ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ | ᠭᠦᠢᠴᠡᠳ ᠪᠠᠳᠠᠷᠠᠭᠤᠯᠵᠤ᠂ ᠭᠦᠨᠵᠡᠭᠡᠢ ᠪᠠᠶᠢᠴᠠᠭᠠᠨ ᠰᠤᠳᠤᠯᠤᠯᠲᠠ ᠬᠢᠵᠦ᠂ ᠬᠢᠨᠠᠯᠲᠠ ᠲᠠᠯᠪᠢᠬᠤ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ | ᠭᠠᠷᠭᠠᠬᠤ ᠬᠡᠷᠡᠭᠲᠡᠢ᠃ ᠡᠯ᠎ᠡ ᠱᠠᠲᠤᠨ ᠤ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠪᠠᠶᠢᠭᠤᠯᠤᠮᠵᠢ | ᠨᠢ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠶᠢ ᠴᠤᠭᠯᠠᠭᠤᠯᠤᠨ ᠡᠮᠬᠢᠯᠡᠬᠦ ᠪᠠ ᠣᠨᠳᠣᠣᠰᠢᠭᠤᠯᠬᠤ ᠶᠢ ᠠᠬᠢᠭᠤᠯᠬᠤ | ᠠᠵᠢᠯ ᠢ ᠰᠠᠶᠢᠲᠤᠷ ᠬᠢᠬᠦ ᠬᠡᠷᠡᠭᠲᠡᠢ᠃ | 28. ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠲᠤᠭᠤᠰᠢᠯᠠᠭᠤᠯᠤᠭᠰᠠᠨ ᠪᠠᠶᠢᠳᠠᠯ ᠳᠤ ᠬᠢᠨᠠᠯᠲᠠ | ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠢᠶᠠᠷ ᠰᠤᠯᠠ ᠪᠠᠶᠢᠭ᠎ᠠ | ᠪᠠᠶᠢᠳᠠᠯ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭᠠᠬᠤ ᠬᠡᠷᠡᠭᠲᠡᠢ᠃ ᠥᠪᠡᠷᠲᠡᠭᠡᠨ ᠵᠠᠰᠠᠬᠤ | ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠬᠢᠨᠠᠯᠲᠠ ᠲᠠᠯᠪᠢᠵᠤ ᠨᠡᠪᠲᠡᠷᠡᠭᠦᠯᠦᠨ | ᠵᠣᠬᠢᠴᠠᠭᠤᠯᠬᠤ ᠲᠣᠭᠲᠠᠴᠠ ᠪᠠ ᠲᠠᠪᠴᠠᠩ ᠢ ᠰᠠᠶᠢᠲᠤᠷ ᠬᠡᠷᠡᠭᠯᠡᠵᠦ᠂ ᠠᠰᠠᠭᠤᠳᠠᠯ ᠢ ᠴᠠᠭ ᠲᠤᠬᠠᠢ ᠳᠤᠨᠢ | ᠢᠯᠡᠷᠡᠭᠦᠯᠵᠦ᠂ ᠠᠯᠳᠠᠭ᠎ᠠ ᠪᠤᠷᠤᠭᠤ ᠶᠢ ᠵᠠᠯᠠᠷᠠᠭᠤᠯᠬᠤ ᠬᠡᠷᠡᠭᠲᠡᠢ᠃ | ᠬᠤᠯᠪᠣᠭᠳᠠᠯ ᠪᠦᠬᠦᠢ ᠨᠡᠷ᠎ᠡ ᠦᠭᠡᠰ ᠤᠨ ᠲᠠᠶᠢᠯᠪᠤᠷᠢ | 1. ︽ᠭᠤᠷᠪᠠᠨ ᠰᠠᠯᠵᠤ ᠴᠢᠳᠠᠬᠤ ᠦᠭᠡᠢ︾᠄ ᠬᠢᠲᠠᠳ ᠦᠨᠳᠦᠰᠦᠲᠡᠨ ᠴᠥᠭᠡᠨ ᠲᠣᠭᠠᠲᠤ | ᠦᠨᠳᠦᠰᠦᠲᠡᠨ ᠠᠴᠠ ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠬᠢᠲᠠᠳ ᠦᠨᠳᠦᠰᠦᠲᠡᠨ ᠠᠴᠠ | ᠰᠠᠯᠵᠤ ᠴᠢᠳᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠨᠦᠭᠦᠳ ᠴᠦ ᠬᠡᠨ ᠠᠯᠢᠨ ᠠᠴᠠ ᠪᠠᠨ ᠰᠠᠯᠵᠤ ᠴᠢᠳᠠᠬᠤ | ᠦᠭᠡᠢ᠃ | 2. ︽ᠳᠥᠷᠪᠡᠨ ᠬᠠᠮᠲᠤ ᠪᠠᠷ︾᠄ ᠮᠠᠨ ᠤ ᠥᠷᠭᠡᠨ ᠠᠭᠤᠳᠠᠮ ᠨᠤᠲᠤᠭ ᠳᠡᠪᠢᠰᠬᠡᠷ ᠢ | ᠦᠨᠳᠦᠰᠦᠲᠡᠨ ᠨᠦᠭᠦᠳ ᠬᠠᠮᠲᠤ ᠪᠠᠷ ᠨᠡᠭᠡᠭᠡᠭᠰᠡᠨ ᠶᠤᠮ᠂ ᠮᠠᠨ ᠤ ᠥᠨᠢ ᠤᠳᠠᠭᠠᠨ ᠲᠡᠦᠬᠡ ᠶᠢ | ᠦᠨᠳᠦᠰᠦᠲᠡᠨ ᠨᠦᠭᠦᠳ ᠬᠠᠮᠲᠤ ᠪᠠᠷ ᠪᠢᠴᠢᠭᠯᠡᠭᠰᠡᠨ ᠶᠤᠮ᠂ ᠮᠠᠨ ᠤ ᠭᠡᠷᠡᠯ ᠰᠠᠴᠤᠷᠠᠩᠭᠤᠢ ᠰᠣᠶᠣᠯ ᠢ | ᠦᠨᠳᠦᠰᠦᠲᠡᠨ ᠨᠦᠭᠦᠳ ᠬᠠᠮᠲᠤ ᠪᠠᠷ ᠡᠭᠦᠳᠦᠭᠰᠡᠨ ᠶᠤᠮ᠂ ᠮᠠᠨ ᠤ ᠠᠭᠤᠤ ᠶᠡᠭᠡ ᠵᠣᠷᠢᠭ ᠰᠠᠨᠠᠭ᠎ᠠ ᠶᠢ | ᠦᠨᠳᠦᠰᠦᠲᠡᠨ ᠨᠦᠭᠦᠳ ᠬᠠᠮᠲᠤ ᠪᠠᠷ ᠪᠣᠶᠢᠵᠢᠭᠤᠯᠤᠭᠰᠠᠨ ᠶᠤᠮ᠃ | 3. ︽ᠳᠥᠷᠪᠡᠨ ᠬᠠᠮᠲᠤᠳᠬᠠᠬᠤ︾᠄ ᠵᠢᠷᠭᠠᠯ ᠵᠣᠪᠠᠯᠠᠩ ᠢᠶᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ | ᠭᠤᠲᠤᠮᠰᠢᠭ ᠢᠶᠠᠨ ᠬᠠᠮᠲᠤᠳᠬᠠᠬᠤ᠂ ᠦᠬᠦᠵᠦ ᠰᠡᠭᠡᠭᠦ ᠪᠠᠨ ᠬᠠᠮᠲᠤᠳᠬᠠᠬᠤ᠂ ᠬᠤᠪᠢ ᠵᠠᠶᠠᠭ᠎ᠠ ᠪᠠᠨ ᠬᠠᠮᠲᠤᠳᠬᠠᠬᠤ | ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠨ᠎ᠠ᠃ | 4. ︽ᠲᠠᠪᠤᠨ ᠬᠠᠮᠲᠤ ᠶᠢᠨ ᠲᠠᠨᠢᠯᠲᠠ︾᠄ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ | ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠬᠠᠮᠲᠤ ᠶᠢᠨ ᠲᠠᠨᠢᠯᠲᠠ᠃ | 5. ︽ᠲᠠᠪᠤᠨ ᠦᠵᠡᠯᠲᠡ︾᠄ ᠵᠥᠪ ᠣᠨᠣᠪᠴᠢᠲᠠᠶ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ | ᠦᠨᠳᠦᠰᠦᠲᠡᠨ ᠤ ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠶᠢ ᠪᠤᠶ ᠪᠣᠯᠭᠠᠨ᠎ᠠ᠃ | 6. ︽ᠳᠣᠯᠣᠭᠠᠨ ᠲᠠᠯ᠎ᠠ ᠪᠠᠷ ᠵᠢᠱᠢᠶᠡᠴᠢ ᠪᠤᠯᠬᠤ︾᠄ ᠨᠠᠮ ᠤᠨ ᠠᠴᠢ ᠳᠤ ᠲᠠᠯᠠᠷᠬᠠᠵᠤ ᠨᠠᠮ ᠤᠨ ᠦᠭᠡ ᠶᠢ | ᠰᠣᠨᠣᠰᠴᠤ᠂ ᠶᠡᠷᠦᠩᠬᠡᠢ ᠱᠦᠵᠢ ᠰᠢ ᠶᠢᠨ ᠫᠢᠩ ᠢ ᠨᠢᠭᠲᠠ ᠲᠠᠭᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ | ᠲᠠᠯ᠎ᠠ ᠪᠠᠷ ᠵᠢᠱᠢᠶᠡᠴᠢ ᠪᠤᠯᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠬᠤ ᠲᠠᠯ᠎ᠠ ᠪᠠᠷ ᠵᠢᠱᠢᠶᠡᠴᠢ ᠪᠤᠯᠬᠤ᠂ ᠦᠨᠳᠦᠰᠦᠲᠡᠨ ᠤ ᠭᠠᠵᠠᠷ ᠣᠷᠣᠨ ᠳᠤ ᠳᠤᠮᠳᠠᠳᠤ ᠤᠯᠤᠰ ᠤᠨ | ᠮᠠᠶ᠋ᠢᠭ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠤᠮᠳᠠ ᠵᠢᠱᠢᠶᠡᠴᠢ ᠪᠤᠯᠬᠤ᠂ ᠬᠢᠯᠢ | ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠢ ᠬᠠᠮᠲᠤ ᠪᠠᠷ ᠪᠠᠶᠠᠵᠢᠭᠤᠯᠬᠤ ᠵᠠᠮ ᠳᠡᠭᠡᠷ᠎ᠡ ᠵᠢᠱᠢᠶᠡᠴᠢ ᠪᠤᠯᠬᠤ᠂ | ᠬᠢᠯᠢ ᠬᠢᠵᠠᠭᠠᠷ ᠢ ᠮᠠᠨᠳᠤᠭᠤᠯᠵᠤ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠬᠢᠯᠢ ᠬᠢᠵᠠᠭᠠᠷ ᠢ ᠪᠠᠬᠢᠵᠢᠭᠦᠯᠬᠦ ᠲᠠᠯ᠎ᠠ ᠪᠠᠷ | ᠵᠢᠱᠢᠶᠡᠴᠢ ᠪᠤᠯᠬᠤ᠂ ᠬᠢᠯᠢ ᠬᠢᠵᠠᠭᠠᠷ ᠤᠨ ᠭᠠᠵᠠᠷ ᠣᠷᠣᠨ ᠤ ᠤᠯᠤᠰ ᠤᠨ ᠳᠣᠲᠣᠭᠠᠳᠤ ᠭᠠᠳᠠᠭᠠᠳᠤ ᠶᠢᠨ ᠬᠤᠣᠰ | ᠣᠷᠴᠢᠯ ᠢ ᠬᠤᠯᠪᠣᠨ ᠨᠡᠪᠲᠡᠷᠡᠭᠦᠯᠬᠦ ᠲᠠᠯ᠎ᠠ ᠪᠠᠷ ᠵᠢᠱᠢᠶᠡᠴᠢ ᠪᠤᠯᠬᠤ᠂ ᠰᠢᠨ᠎ᠡ ᠰᠤᠷᠲᠠᠯ ᠲᠥᠪ ᠰᠤᠷᠲᠠᠯ ᠢ | ᠪᠠᠳᠠᠷᠠᠭᠤᠯᠬᠤ ᠲᠠᠯ᠎ᠠ ᠪᠠᠷ ᠵᠢᠱᠢᠶᠡᠴᠢ ᠪᠤᠯᠬᠤ᠃ | 7. ︽ᠵᠢᠷᠭᠤᠭᠠᠨ ᠥᠭᠦᠯᠡᠪᠦᠷᠢ ᠦᠭᠡᠨ ᠳᠠᠬᠢ ᠪᠣᠳᠠᠲᠤ ᠶᠠᠪᠤᠳᠠᠯ ᠪᠠ ᠶᠣᠰᠣ ᠤᠴᠢᠷ︾᠄ ᠥᠪᠥᠷ ᠮᠣᠩᠭᠤᠯ | ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠮᠤᠭ ᠤᠨ ᠡᠷᠲᠡ ᠨᠠᠮ ᠤᠨ ᠵᠣᠬᠢᠶᠠᠨ ᠪᠠᠶᠢᠭᠤᠯᠤᠯᠲᠠ | ᠶᠢ ᠪᠠᠶᠢᠭᠤᠯᠤᠭᠰᠠᠨ ᠦᠨᠳᠦᠰᠦᠲᠡᠨ ᠤ ᠭᠠᠵᠠᠷ ᠣᠷᠣᠨ ᠪᠣᠯᠣᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠢᠭᠤᠳ ᠤᠳᠤᠷᠢᠳᠤᠯᠭ᠎ᠠ | ᠳᠣᠣᠷ᠎ᠠ ᠪᠠᠶᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ ᠤᠨ ᠲᠥᠪ ᠬᠤᠷᠢᠶ᠎ᠠ ᠶᠢᠨ ᠳᠡᠮᠵᠢᠯᠭᠡ ᠳᠣᠣᠷ᠎ᠠ | ᠬᠥᠭᠵᠢᠭᠰᠡᠨ ᠶᠤᠮ᠂ ᠥᠪᠥᠷ ᠮᠣᠩᠭᠤᠯ ᠤᠨ ᠠᠵᠢᠯ ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ ᠵᠥᠷᠢᠶ᠎ᠡ ᠶᠢ | ᠴᠥᠮ ᠨᠠᠮ ᠤᠨ ᠲᠥᠪ ᠬᠤᠷᠢᠶ᠎ᠠ ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ ᠤᠨ ᠰᠢᠨ᠎ᠡ ᠴᠠᠭ | ᠦᠶ᠎ᠡ ᠶᠢᠨ ᠬᠥᠭᠵᠢᠯᠲᠡ ᠶᠢᠨ ᠠᠮᠵᠢᠯᠲᠠ ᠪᠦᠲᠦᠮᠵᠢ ᠶᠢ ᠪᠣᠯ ᠶᠡᠷᠦᠩᠬᠡᠢ ᠱᠦᠵᠢ ᠰᠢ ᠶᠢᠨ ᠫᠢᠩ ᠤᠨ ᠳᠣᠲᠣᠨᠣ | ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱᠢᠶᠡᠴᠢ ᠥᠪᠡᠷᠲᠡᠭᠡᠨ ᠵᠠᠰᠠᠬᠤ | ᠣᠷᠣᠨ ᠪᠣᠯᠤᠭᠰᠠᠨ ᠤ ᠵᠢᠱᠢᠶᠡᠴᠢ ᠨᠢ ᠨᠠᠮ ᠤᠨ ᠦᠭᠡ ᠶᠢ ᠰᠣᠨᠣᠰᠤᠭᠰᠠᠨ ᠳᠤ ᠪᠤᠢ᠃ | 8. ᠪᠤᠶ ᠪᠦᠬᠦᠢ ᠥᠭᠡᠷᠡᠴᠢᠯᠡᠯᠲᠡ ᠬᠥᠭᠵᠢᠯᠲᠡ ᠳᠤ︽ᠭᠤᠷᠪᠠᠨ ᠠᠴᠢ ᠬᠤᠯᠪᠣᠭᠳᠠᠯ︾ ᠢ ᠣᠯᠭᠤᠪᠠ᠄ ᠪᠤᠶ | ᠪᠦᠬᠦᠢ ᠥᠭᠡᠷᠡᠴᠢᠯᠡᠯᠲᠡ ᠬᠥᠭᠵᠢᠯᠲᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ ᠢ ᠬᠠᠮᠠᠭᠠᠯᠠᠬᠤ᠂ ᠬᠠᠭᠠᠴᠠᠭᠤᠯᠤᠯ ᠢ ᠡᠰᠡᠷᠭᠦᠴᠡᠬᠦ ᠠᠴᠢ | ᠬᠤᠯᠪᠣᠭᠳᠠᠯ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠥᠮᠥᠰ ᠤᠨ ᠰᠡᠳᠬᠢᠯ ᠢ ᠨᠢᠭᠲᠠᠷᠠᠭᠤᠯᠬᠤ ᠠᠴᠢ | ᠬᠤᠯᠪᠣᠭᠳᠠᠯ ᠣᠯᠭᠤᠪᠠ᠃ | 9. ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ | ᠨᠢᠭᠡᠴᠢ ᠶᠢᠨ ︽ᠵᠠᠭᠤ ᠮᠢᠩᠭ᠎ᠠ ᠲᠦᠮᠡ ᠪᠠᠷ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ︾ ᠢᠨᠵᠧᠨᠧᠷᠢᠩ᠄ | 2027 ᠣᠨ ᠪᠤᠯᠬᠤ ᠳᠤ ᠤᠯᠤᠰ ᠤᠨ ᠳᠡᠰ᠂ ᠥᠪᠡᠷᠲᠡᠭᠡᠨ ᠵᠠᠰᠠᠬᠤ ᠣᠷᠣᠨ ᠤ ᠳᠡᠰ᠂ ᠠᠶᠢᠮᠠᠭ ᠬᠤᠲᠠ ᠪᠠ | ᠬᠤᠰᠢᠭᠤ ᠰᠢᠶᠠᠨ ︵ᠬᠤᠲᠠ᠂ ᠲᠣᠭᠤᠷᠢᠭ︶ ᠤ ᠲᠠᠰ ᠤᠨ ᠵᠢᠱᠢᠶ᠎ᠡ ᠦᠵᠡᠭᠦᠯᠭᠦ ᠣᠷᠣᠨ ᠵᠢᠱᠢᠶ᠎ᠡ ᠦᠵᠡᠭᠦᠯᠭᠦ | ᠨᠢᠭᠡᠴᠢ ᠶᠢᠨ ᠲᠤᠭ᠎ᠠ ᠶᠢ 100 ᠠᠴᠠ ᠳᠡᠭᠡᠭᠰᠢ᠂ 1000 ᠠᠴᠠ ᠳᠡᠭᠡᠭᠰᠢ᠂ 10000 ᠠᠴᠠ ᠳᠡᠭᠡᠭᠰᠢ ᠳᠤ | ᠬᠦᠷᠭᠡᠬᠦ ᠪᠠᠷ ᠴᠢᠷᠮᠠᠶᠢᠨ᠎ᠠ᠃ | 10. ︽ᠳᠥᠷᠪᠡᠨ ᠣᠨᠴᠠᠭᠠᠶ︾᠄ ᠨᠠᠮ ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠬᠠᠮᠠᠭᠠᠯᠠᠬᠤ | ᠣᠪᠣᠷ ᠣᠨᠴᠠᠭᠠᠶ ᠡᠷᠡᠰ ᠰᠢᠭᠤᠷᠬᠠᠢ᠂ ᠵᠥᠪ ᠪᠤᠷᠤᠭᠤ ᠶᠢ ᠲᠣᠳᠣᠷᠬᠠᠢ ᠢᠯᠭᠠᠬᠤ ᠵᠣᠭᠰᠣᠯᠲᠠ ᠣᠨᠴᠠᠭᠠᠶ ᠰᠡᠷᠭᠡᠭ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯᠯᠠᠭ᠎ᠠ | ᠣᠨᠴᠠᠭᠠᠶ ᠡᠷᠡᠰ ᠪᠠᠲᠤ᠂ ᠦᠨᠳᠦᠰᠦᠲᠡᠨ ᠨᠦᠭᠦᠳ ᠤᠨ ᠣᠯᠠᠨ ᠲᠦᠮᠡᠨ ᠢ ᠬᠠᠶᠢᠷᠠᠯᠠᠬᠤ ᠰᠡᠳᠬᠢᠯᠭᠡ ᠣᠨᠴᠠᠭᠠᠶ | ᠦᠨᠡᠨᠴᠢ᠃ | | | |