- ᠤᠳᠤ ᠦᠶ᠎ᠡ ᠶᠢᠨ ᠲᠥᠬᠦᠭᠡᠷᠦᠮᠵᠢᠲᠦ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ | ᠰᠢᠷᠢᠰ ᠲᠠᠶᠢᠯᠤᠮᠵᠢ ① | | | | ᠳᠤᠯᠠᠭᠠᠨ ᠰᠠᠷᠠᠪᠴᠢ ᠪᠣᠯ ᠮᠠᠯ ᠤᠨᠤᠭ᠎ᠠ ᠪᠠᠨ ᠮᠡᠨᠳᠤ ᠡᠪᠦᠯᠵᠢᠭᠦᠯᠵᠦ᠂ ᠥᠨᠢᠷ ᠥᠰᠦᠯᠲᠡ ᠶᠢ ᠪᠠᠲᠤᠯᠠᠬᠤ | ᠰᠠᠭᠤᠷᠢ ᠲᠥᠬᠦᠭᠡᠷᠦᠮᠵᠢ ᠪᠣᠯᠣᠨ᠎ᠠ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ | ᠳᠤᠰᠬᠤᠨ ᠮᠠᠯᠵᠢᠬᠤ ᠣᠷᠣᠨ ᠤ ᠲᠢᠩᠬᠢᠮ ᠣᠶᠢᠷ᠎ᠠ ᠳᠤ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠣᠳᠣ ᠦᠶ᠎ᠡ ᠶᠢᠨ ᠲᠥᠬᠦᠭᠡᠷᠦᠮᠵᠢᠲᠦ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠢ | ᠬᠡᠷᠡᠭᠵᠢᠭᠦᠯᠬᠦ ᠲᠥᠰᠥᠯ ︵2023 - 2025 ᠣᠨ︶︾ ︵︽ᠲᠥᠰᠥᠯ︾ ᠭᠡᠵᠦ ᠳᠥᠭᠦᠮᠴᠢᠯᠡᠨ᠎ᠡ︶ ᠢ ᠳᠠᠷᠤᠮᠠᠯᠯᠠᠨ | ᠲᠠᠷᠬᠠᠭᠠᠵᠤ᠂ ᠪᠦᠭᠦ ᠣᠷᠣᠨ ᠤ ᠲᠡᠵᠢᠭᠡᠪᠦᠷᠢ ᠶᠢᠨ ᠦᠢᠯᠡᠰ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ | ᠪᠠᠶᠢᠭᠤᠯᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ︽ᠲᠡᠵᠢᠭᠡᠪᠦᠷᠢ ᠶᠢᠨ ᠦᠢᠯᠡᠰ | ᠤᠨ ᠰᠠᠭᠤᠷᠢ ᠲᠥᠬᠦᠭᠡᠷᠦᠮᠵᠢ ᠪᠠ ᠲᠣᠨᠣᠭᠯᠠᠯ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠮᠠᠯ ᠤᠨᠤᠭ᠎ᠠ ᠶᠢ | ᠮᠡᠨᠳᠤ ᠡᠪᠦᠯᠵᠢᠭᠦᠯᠬᠦ ᠵᠢᠴᠢ ᠬᠠᠰᠢᠶᠠᠯᠠᠨ ᠲᠡᠵᠢᠭᠡᠬᠦ ᠬᠡᠷᠡᠭᠴᠡᠭᠡ ᠶᠢ ᠬᠠᠩᠭᠠᠨ᠎ᠠ︾ ᠭᠡᠵᠦ ᠲᠣᠳᠣᠷᠬᠠᠢ ᠳᠤᠷᠠᠳᠤᠭᠰᠠᠨ | ᠪᠠᠶᠢᠨ᠎ᠠ᠃ | ︽ᠲᠥᠰᠥᠯ︾ ᠳᠤ᠂ ᠮᠢᠬᠠᠨ ᠤ ᠦᠬᠡᠷ ᠬᠤᠨᠢ ᠲᠡᠵᠢᠭᠡᠬᠦ ᠦᠢᠯᠡᠰ ᠤᠨ ᠰᠠᠭᠤᠷᠢ ᠲᠥᠬᠦᠭᠡᠷᠦᠮᠵᠢ | ᠬᠠᠷᠢᠴᠠᠩᠭᠤᠢ ᠪᠠᠭᠤᠷᠠᠢ ᠪᠠᠶᠢᠵᠤ᠂ ᠮᠠᠰᠢᠨᠴᠢᠯᠠᠯᠲᠠ ᠶᠢᠨ ᠬᠡᠮᠵᠢᠶ᠎ᠡ ᠮᠥᠨ ᠬᠦ ᠳᠣᠣᠷ᠎ᠠ ᠪᠠᠶᠢᠭᠰᠠᠭᠠᠷ︔ ᠮᠠᠯᠵᠢᠬᠤ | ᠣᠷᠣᠨ ᠤ ᠣᠶᠤᠨᠲᠤ ᠮᠠᠯᠵᠢᠯ ᠤᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠡᠭᠢᠯᠡᠯᠲᠡ ᠶᠢᠨ ᠱᠠᠲᠤᠨ ᠳᠤ | ᠣᠷᠣᠰᠢᠵᠤ᠂ ᠦᠬᠡᠷ ᠬᠤᠨᠢ ᠶᠢᠨ ᠰᠢᠨ᠎ᠡ ᠭᠡᠯᠪᠡᠷᠢ ᠶᠢᠨ ᠰᠢᠯᠵᠢᠮᠡᠯ ᠮᠠᠶ᠋ᠢᠭ ᠤᠨ ᠬᠠᠰᠢᠶ᠎ᠠ ᠪᠣᠯᠣᠨ ᠮᠠᠯ ᠤᠨᠤᠭ᠎ᠠ ᠪᠠᠨ | ᠤᠰᠤᠯᠠᠬᠤ ᠶᠢ ᠠᠯᠤᠰ ᠠᠴᠠ ᠡᠵᠡᠮᠳᠡᠬᠦ ᠣᠶᠤᠨᠴᠢ ᠲᠥᠬᠦᠭᠡᠷᠦᠮᠵᠢ ᠵᠡᠷᠭᠡ ᠲᠣᠨᠣᠭᠯᠠᠯ ᠢ ᠳᠡᠯᠭᠡᠷᠡᠭᠦᠯᠦᠨ ᠬᠡᠷᠡᠭᠯᠡᠬᠦ | ᠲᠠᠯ᠎ᠠ ᠪᠠᠷ ᠬᠦᠷᠦᠯᠴᠡᠬᠦ ᠦᠭᠡᠢ ᠪᠠᠶᠢᠨ᠎ᠠ︔ ᠪᠦᠭᠦ ᠣᠷᠣᠨ ᠤ 60% ᠣᠷᠴᠢᠮ ᠤᠨ ᠮᠠᠯ ᠤᠨᠤᠭ᠎ᠠ ᠶᠢᠨ ᠬᠠᠰᠢᠶ᠎ᠠ | ᠰᠠᠷᠠᠪᠴᠢ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠨᠡᠯᠢᠶᠡᠳ ᠳᠣᠣᠷ᠎ᠠ ᠪᠠᠶᠢᠵᠤ᠂ ᠰᠠᠭᠤᠷᠢ ᠲᠥᠬᠦᠭᠡᠷᠦᠮᠵᠢ | ᠨᠢᠭᠡᠨᠲᠡ ᠬᠠᠭᠤᠴᠢᠷᠠᠪᠠ︔ ᠮᠠᠯ ᠠᠵᠤ ᠠᠬᠤᠢ ᠶᠢᠨ ᠮᠠᠰᠢᠨᠴᠢᠯᠠᠯᠲᠠ ᠶᠢᠨ ᠨᠣᠷᠮ᠎ᠠ ᠨᠢ ᠲᠠᠷᠢᠶᠠᠯᠠᠩ ᠤᠨ | ᠮᠠᠰᠢᠨᠴᠢᠯᠠᠯᠲᠠ ᠶᠢᠨ ᠨᠣᠷᠮ᠎ᠠ ᠠᠴᠠ ᠬᠤᠯᠠ ᠳᠣᠣᠷ᠎ᠠ ᠪᠠᠶᠢᠵᠤ᠂ ᠢᠯᠠᠩᠭᠤᠶ᠎ᠠ ᠲᠡᠵᠢᠭᠡᠯ ᠡᠪᠡᠰᠦ ᠪᠣᠷᠳᠤᠭ᠎ᠠ ᠥᠭᠬᠦ | ᠭᠤᠭᠴᠣᠭᠠᠨ ᠳᠠᠬᠢ ᠮᠠᠰᠢᠨᠴᠢᠯᠠᠯᠲᠠ ᠶᠢᠨ ᠨᠣᠷᠮ᠎ᠠ ᠵᠥᠪᠭᠡᠨ 12.7% ᠳᠤ ᠯᠡ ᠬᠦᠷᠴᠦ ᠪᠤᠢ ᠭᠡᠵᠦ ᠵᠢᠭᠠᠵᠤ | ᠭᠠᠷᠭᠠᠵᠠᠢ᠃ | ︽ᠲᠥᠰᠥᠯ︾ ᠳᠤ᠂ ᠪᠦᠲᠦᠭᠡᠨ ᠪᠠᠶᠢᠭᠤᠯᠤᠯᠲᠠ ᠶᠢᠨ ᠪᠡᠯᠡ ᠣᠷᠣᠭᠤᠯᠤᠯᠲᠠ ᠶᠢ ᠣᠯᠠᠨ ᠠᠷᠭ᠎ᠠ ᠵᠠᠮ ᠢᠶᠠᠷ | ᠨᠡᠮᠡᠭᠳᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠵᠦᠢ ᠵᠣᠬᠢᠰᠲᠠᠢ ᠪᠠᠶᠢᠷᠢᠰᠢᠭᠤᠯᠵᠤ᠂ | ᠲᠡᠵᠢᠭᠡᠪᠦᠷᠢ ᠶᠢᠨ ᠦᠢᠯᠡᠰ ᠤᠨ ᠳᠤᠨᠤᠭ ᠲᠥᠬᠦᠭᠡᠷᠦᠮᠵᠢ ᠶᠢ ᠳᠡᠰ ᠳᠡᠪᠰᠢᠭᠦᠯᠦᠨ ᠢᠵᠢ ᠪᠦᠷᠢᠳᠦᠭᠦᠯᠬᠦ ᠶᠢ | ᠴᠢᠩᠭᠠᠷᠠᠭᠤᠯᠤᠨ᠎ᠠ᠃ 2025 ᠣᠨ ᠪᠤᠯᠳᠠᠯ᠎ᠠ ᠪᠦᠭᠦ ᠣᠷᠣᠨ ᠳᠤ 1500 ᠲᠦᠮᠡᠨ ᠲᠡᠭᠰᠢ ᠳᠥᠷᠪᠡᠯᠵᠢᠨ ᠮᠧᠲᠷ | ᠠᠴᠠ ᠳᠡᠭᠡᠭᠰᠢᠬᠢ ᠪᠠᠷᠢᠮᠵᠢᠶᠠᠵᠢᠭᠰᠠᠨ ᠳᠤᠯᠠᠭᠠᠨ ᠰᠠᠷᠠᠪᠴᠢ ᠶᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ | ᠪᠠᠶᠢᠭᠤᠯᠵᠤ᠂ ᠮᠠᠯ ᠤᠨᠤᠭ᠎ᠠ ᠶᠢ ᠮᠡᠨᠳᠤ ᠡᠪᠦᠯᠵᠢᠭᠦᠯᠬᠦ ᠵᠢᠴᠢ ᠬᠠᠰᠢᠶᠠᠯᠠᠨ ᠲᠡᠵᠢᠭᠡᠬᠦ ᠬᠡᠷᠡᠭᠴᠡᠭᠡ ᠶᠢ ᠬᠠᠩᠭᠠᠨ᠎ᠠ ᠭᠡᠵᠦ | ᠲᠣᠳᠣᠷᠬᠠᠶᠢᠯᠠᠪᠠ᠃ | ︽ᠲᠥᠰᠥᠯ︾ ᠳᠤ᠂ ᠪᠠᠷᠢᠮᠵᠢᠶᠠᠵᠢᠭᠰᠠᠨ ᠲᠡᠵᠢᠭᠡᠪᠦᠷᠢ ᠶᠢᠨ ᠲᠠᠯᠠᠪᠠᠢ ᠶᠢ ᠡᠭᠦᠳᠦᠨ ᠪᠠᠶᠢᠭᠤᠯᠬᠤ᠂ | ᠬᠡᠪᠴᠢᠶᠡᠵᠢᠭᠰᠡᠨ ᠲᠡᠵᠢᠭᠡᠪᠦᠷᠢ ᠶᠢᠨ ᠲᠠᠯᠠᠪᠠᠢ ︵ᠡᠷᠦᠭᠡ︶ ᠶᠢ ᠳᠡᠰ ᠳᠡᠪᠰᠢᠭᠦᠯᠦᠨ ᠥᠭᠡᠷᠡᠴᠢᠯᠡᠨ ᠰᠠᠶᠢᠵᠢᠷᠠᠭᠤᠯᠬᠤ | ᠠᠵᠢᠯᠯᠠᠭᠠᠨ ᠥᠷᠨᠢᠭᠦᠯᠵᠦ᠂ ᠲᠡᠵᠢᠭᠡᠪᠦᠷᠢ ᠶᠢᠨ ᠲᠠᠯᠠᠪᠠᠢ︵ᠡᠷᠦᠭᠡ︶ ᠶᠢᠨ ᠪᠠᠷᠢᠮᠵᠢᠶᠠᠵᠢᠭᠰᠠᠨ ᠳᠤᠯᠠᠭᠠᠨ ᠰᠠᠷᠠᠪᠴᠢ ᠵᠡᠷᠭᠡ | ᠰᠠᠭᠤᠷᠢ ᠲᠥᠬᠦᠭᠡᠷᠦᠮᠵᠢ ᠪᠠᠨ ᠲᠡᠭᠦᠯᠳᠡᠷᠵᠢᠭᠦᠯᠬᠦ ᠶᠢ ᠳᠡᠮᠵᠢᠨ᠎ᠡ᠃ ᠮᠠᠯ ᠠᠵᠤ ᠠᠬᠤᠢ ᠶᠢᠨ ᠮᠠᠰᠢᠨ ᠲᠥᠬᠦᠭᠡᠷᠦᠮᠵᠢ | ᠬᠤᠳᠠᠯᠳᠤᠨ ᠠᠪᠬᠤ ᠪᠠ ᠬᠡᠷᠡᠭᠯᠡᠬᠦ ᠳᠤ ᠨᠥᠬᠦᠪᠦᠷᠢ ᠣᠯᠭᠤᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠵᠤ᠂ ᠲᠡᠵᠢᠭᠡᠪᠦᠷᠢ ᠶᠢᠨ ᠲᠠᠯᠠᠪᠠᠢ︵ᠡᠷᠦᠭᠡ︶ ᠶᠢᠨ ᠬᠡᠷᠡᠭᠴᠡᠭᠡ ᠪᠠᠨ ᠦᠨᠳᠦᠰᠦᠯᠡᠨ ᠮᠠᠰᠢᠨ | ᠲᠥᠬᠦᠭᠡᠷᠦᠮᠵᠢ ᠬᠤᠳᠠᠯᠳᠤᠨ ᠠᠪᠬᠤ ᠶᠢ ᠬᠥᠲᠥᠯᠥᠨ ᠵᠢᠯᠣᠭᠤᠳᠤᠨ᠎ᠠ᠃ ᠦᠬᠡᠷ ᠬᠤᠨᠢ ᠶᠢᠨ ᠤᠭᠰᠠᠷᠠᠮᠠᠯ ᠮᠠᠶ᠋ᠢᠭ ᠤᠨ | ᠪᠠ ᠰᠢᠯᠵᠢᠮᠡᠯ ᠮᠠᠶ᠋ᠢᠭ ᠤᠨ ᠬᠠᠰᠢᠶ᠎ᠠ ᠰᠠᠷᠠᠪᠴᠢ᠂ ᠠᠦ᠋ᠲ᠋ᠣᠴᠢᠯᠠᠨ ᠲᠡᠵᠢᠭᠡᠬᠦ ᠪᠠ ᠣᠶᠤᠨᠴᠢᠯᠠᠨ ᠡᠵᠡᠮᠳᠡᠬᠦ ᠲᠣᠨᠤᠭ | ᠲᠥᠬᠦᠭᠡᠷᠦᠮᠵᠢ ᠵᠡᠷᠭᠡ ᠶᠢ ᠳᠡᠯᠭᠡᠷᠡᠭᠦᠯᠦᠨ ᠬᠡᠷᠡᠭᠯᠡᠵᠦ᠂ ᠤᠯᠠᠮᠵᠢᠯᠠᠯᠲᠤ ᠰᠠᠭᠤᠷᠢ ᠲᠥᠬᠦᠭᠡᠷᠦᠮᠵᠢ ᠶᠢ ᠳᠡᠰ | ᠳᠡᠪᠰᠢᠭᠦᠯᠵᠦ ᠥᠭᠡᠷᠡᠴᠢᠯᠡᠨ ᠰᠠᠶᠢᠵᠢᠷᠠᠭᠤᠯᠬᠤ ᠶᠢ ᠲᠦᠷᠭᠡᠳᠬᠡᠨ᠎ᠡ᠃ ᠣᠶᠤᠨᠲᠤ ᠮᠠᠯᠵᠢᠯ ᠤᠨ ᠲᠠᠯᠠᠪᠠᠢ ᠪᠣᠯᠣᠨ | ᠮᠡᠳᠡᠭᠡ ᠵᠠᠩᠭᠢᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ ᠭᠡᠵᠦ | ᠳᠤᠷᠠᠳᠴᠠᠢ᠃ | | | |