ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ 22 ᠵᠦᠢᠯ ᠤᠨ ᠠᠷᠭ᠎ᠠ ᠬᠡᠮᠵᠢᠶ᠎ᠡ ᠨᠡᠶᠢᠲᠡᠯᠡᠵᠦ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ
ᠨᠡᠶᠢᠲᠡᠯᠡᠭᠰᠡᠨ ᠴᠠᠭ᠄
2024/1/22
     ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠠᠴᠠ ᠣᠶᠢᠯᠠᠭᠠᠭᠰᠠᠨ ᠢᠶᠠᠷ᠂ ᠣᠶᠢᠷ᠎ᠠ ᠳᠤ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠮᠠᠨ ᠤ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠲᠠᠷᠬᠠᠭᠠᠵᠤ᠂ 22 ᠵᠦᠢᠯ ᠤᠨ ᠠᠷᠭ᠎ᠠ ᠬᠡᠮᠵᠢᠶ᠎ᠡ ᠭᠠᠷᠭᠠᠵᠤ ᠪᠦᠭᠦ ᠣᠷᠣᠨ ᠤ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ᠎ᠡ᠃      ᠣᠶᠢᠯᠠᠭᠠᠭᠰᠠᠨ ᠢᠶᠠᠷ᠂ ᠲᠤᠰ ᠬᠡᠷᠡᠭᠵᠢᠭᠦᠯᠬᠦ ᠰᠠᠨᠠᠯ ᠨᠢ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠤᠨᠤᠯ ᠤᠨ ᠰᠤᠳᠤᠯᠭᠠᠨ ᠪᠣᠯᠣᠨ ᠤᠬᠠᠭᠤᠯᠭ᠎ᠠ ᠬᠥᠮᠦᠵᠢᠯ ᠤᠨ ᠰᠢᠰᠲ᠋ᠧᠮ ᠤᠨ ᠪᠠᠶᠢᠭᠤᠯᠤᠯᠲᠠ ᠶᠢ ᠳᠡᠮᠵᠢᠬᠦ ᠶᠢᠨ ᠲᠣᠭᠤᠷᠢᠨ ᠳᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠣᠶᠤᠨ ᠰᠠᠨᠠᠭᠠᠨ ᠤ ᠭᠡᠷ ᠣᠷᠣᠨ ᠢ ᠪᠠᠶᠢᠭᠤᠯᠤᠨ᠂ ᠦᠨᠳᠦᠰᠦᠲᠡᠨ ᠨᠦᠭᠦᠳ ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠶᠢ ᠠᠬᠢᠭᠤᠯᠤᠨ᠂ ᠦᠨᠳᠦᠰᠦᠲᠡᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠵᠠᠰᠠᠬᠤ ᠪᠠ ᠪᠠᠲᠤᠯᠠᠬᠤ ᠠᠷᠭ᠎ᠠ ᠬᠡᠮᠵᠢᠶ᠎ᠡ ᠵᠡᠷᠭᠡ 6 ᠲᠠᠯ᠎ᠠ ᠪᠠᠷ 22 ᠵᠤᠷᠪᠤᠰ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠮᠠᠨ ᠤ ᠣᠷᠣᠨ ᠢ ᠵᠢᠯᠤᠭᠤᠳᠴᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠭᠤᠣᠯ ᠰᠢᠵᠢᠮ ᠢ ᠪᠠᠲᠤ ᠴᠣᠭᠴᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠢ ᠪᠠᠶᠢᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠪᠠ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠴᠢᠨᠠᠷ ᠰᠠᠶᠢᠲᠠᠢ ᠪᠡᠶᠡᠯᠡᠭᠦᠯᠵᠦ᠂ ᠥᠪᠥᠷ ᠮᠣᠩᠭᠤᠯ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠨ ᠵᠢᠱᠢᠶ᠎ᠡ ᠦᠵᠡᠭᠦᠯᠭᠦ ᠶᠢ ᠠᠬᠢᠭᠤᠯᠤᠨ᠎ᠠ᠃      ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠭᠢᠯᠡᠭᠴᠢ ᠭᠤᠤ ᠵᠠᠨ ᠱᠧᠩ ᠢᠯᠡᠷᠬᠡᠶᠢᠯᠡᠬᠦ ᠳᠡᠭᠡᠨ᠂ ᠤᠯᠤᠰ ᠤᠨ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠨᠡᠶᠢᠲᠡᠯᠡᠭᠰᠡᠨ 22 ᠵᠦᠢᠯ ᠤᠨ ᠪᠣᠳᠠᠲᠠᠢ ᠠᠷᠭ᠎ᠠ ᠬᠡᠮᠵᠢᠶ᠎ᠡ ᠨᠢ ᠬᠠᠨᠳᠤᠯᠭᠠᠲᠤ ᠴᠢᠨᠠᠷ ᠢᠶᠠᠷ ᠴᠢᠩᠭ᠎ᠠ᠂ ᠦᠨ᠎ᠡ ᠦᠷᠳᠡᠭ ᠢᠶᠠᠷ ᠥᠨᠳᠥᠷ᠂ ᠮᠠᠨ ᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠭᠤᠣᠯ ᠰᠢᠵᠢᠮ ᠢ ᠪᠦᠭᠦ ᠲᠠᠯ᠎ᠠ ᠪᠠᠷ ᠣᠨᠣᠪᠴᠢᠲᠠᠶ ᠲᠤᠭᠤᠰᠢᠯᠠᠭᠤᠯᠬᠤ᠂ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠰᠢᠨ᠎ᠡ ᠴᠠᠭ ᠦᠶ᠎ᠡ ᠳᠤ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠷᠭᠦᠯᠵᠢᠯᠡᠨ ᠪᠠᠲᠤᠯᠠᠬᠤ ᠳᠤ ᠴᠢᠬᠤᠯᠠ ᠶᠡᠭᠡ ᠵᠢᠯᠣᠭᠤᠳᠤᠮᠵᠢ ᠪᠠ ᠦᠢᠯᠡᠳᠦᠯᠭᠡ ᠶᠢᠨ ᠠᠴᠢ ᠬᠤᠯᠪᠣᠭᠳᠠᠯ ᠲᠠᠢ ᠶᠤᠮ᠃ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠬᠡᠷᠡᠭ ᠡᠷᠭᠢᠯᠡᠭᠦ ᠵᠥᠪᠯᠡᠯ ᠤᠨ ᠬᠢᠨ ᠡᠨᠡ ᠬᠦ ᠠᠵᠠ ᠲᠣᠭᠢᠶᠠᠯ ᠢ ᠴᠢᠩᠭ᠎ᠠ ᠠᠳᠬᠤᠵᠤ᠂ ᠨᠡᠪᠲᠡᠷᠡᠯᠴᠡᠭᠡ ᠵᠣᠯᠭᠠᠯᠴᠠᠭ᠎ᠠ ᠶᠢ ᠨᠠᠷᠢᠨ ᠬᠢᠨᠠᠮᠠᠭᠠᠢ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠠᠵᠢᠯ ᠤᠨ ᠲᠥᠰᠥᠯ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠳᠡᠮᠵᠢᠯᠭᠡ ᠶᠢᠨ ᠠᠷᠭ᠎ᠠ ᠬᠡᠮᠵᠢᠶ᠎ᠡ ᠨᠢᠭᠡᠪᠦᠷᠢ ᠶᠢ ᠮᠠᠨ ᠤ ᠣᠷᠣᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠵᠢᠱᠢᠶ᠎ᠡ ᠦᠵᠡᠭᠦᠯᠭᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠪᠣᠳᠠᠲᠠᠢ ᠦᠷ᠎ᠡ ᠪᠦᠲᠦᠮᠵᠢ ᠪᠣᠯᠭᠠᠨ ᠤᠯᠠᠷᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠳᠤ ᠰᠢᠨ᠎ᠡ ᠵᠠᠮ ᠨᠡᠭᠡᠭᠡᠨ ᠵᠢᠱᠢᠶ᠎ᠡ ᠦᠵᠡᠭᠦᠯᠭᠦ ᠳᠤ ᠬᠦᠴᠦᠨ ᠴᠢᠳᠠᠯ ᠢᠶᠠᠨ ᠡᠷᠭᠦᠨ᠎ᠡ ᠭᠡᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号