ᠮᠠᠨ ᠤ ᠣᠷᠣᠨ ᠴᠢᠳᠠᠪᠤᠷᠢᠲᠠᠨ ᠢ ︽ᠲᠠᠲᠠᠬᠤ ᠬᠥᠮᠥᠵᠢᠭᠦᠯᠬᠦ ᠦᠯᠡᠳᠡᠭᠡᠬᠦ ᠬᠡᠷᠡᠭᠯᠡᠬᠦ︾ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠪᠠ
ᠨᠡᠶᠢᠲᠡᠯᠡᠭᠰᠡᠨ ᠴᠠᠭ᠄
2024/1/23
     2023 ᠣᠨ ᠳᠤ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠬᠦᠴᠦᠨ ᠢᠶᠠᠨ ᠲᠥᠪᠯᠡᠷᠡᠭᠦᠯᠦᠨ ︽ᠤᠷ᠎ᠠ ᠮᠡᠷᠭᠡᠵᠢᠯ ᠤᠨ ᠴᠢᠳᠠᠪᠤᠷᠢᠲᠠᠨ ᠢ ᠲᠠᠲᠠᠵᠤ ᠶᠠᠰᠤ ᠴᠢᠨᠠᠷ ᠢ ᠳᠡᠭᠡᠭᠰᠢᠯᠡᠭᠦᠯᠭᠦ ᠢᠨᠵᠧᠨᠧᠷᠢᠩ︾ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠲᠠᠷᠢᠶᠠᠯᠠᠩ ᠮᠠᠯ ᠠᠵᠤ ᠠᠬᠤᠢ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ᠂ ᠴᠢᠳᠠᠪᠤᠷᠢᠲᠠᠨ ᠢ ︽ᠲᠠᠲᠠᠬᠤ᠂ ᠬᠥᠮᠥᠵᠢᠭᠦᠯᠬᠦ᠂ ᠦᠯᠡᠳᠡᠭᠡᠬᠦ᠂ ᠬᠡᠷᠡᠭᠯᠡᠬᠦ︾ ᠲᠠᠯ᠎ᠠ ᠪᠠᠷ ᠢᠯᠡᠳᠲᠡ ᠦᠷ᠎ᠡ ᠪᠦᠲᠦᠮᠵᠢ ᠣᠯᠵᠠᠢ᠃      ᠮᠠᠨ ᠤ ᠣᠷᠣᠨ ︽ᠲᠠᠪᠤᠨ ᠶᠡᠭᠡ ᠡᠭᠦᠷᠭᠡ︾ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠷ ᠭᠤᠣᠯᠳᠠᠯᠭ᠎ᠠ ᠪᠤᠯᠭᠠᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ ᠤᠨ ᠴᠢᠳᠠᠪᠤᠷᠢᠲᠠᠨ ᠤ ᠬᠡᠯᠬᠢᠶ᠎ᠡ ᠶᠢᠨ ᠲᠣᠭᠤᠷᠢᠨ ᠳᠤ᠂︽2023 ᠣᠨ ᠤ ᠳᠡᠭᠡᠳᠦ ᠲᠠᠰ ᠳᠠᠪᠬᠤᠷᠭ᠎ᠠ ᠶᠢᠨ ᠪᠠᠴᠢᠮ ᠬᠡᠷᠡᠭᠰᠡᠬᠦ ᠲᠤᠲᠠᠭᠳᠠᠵᠤ ᠪᠠᠶᠢᠭ᠎ᠠ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ︾ ᠢ ᠨᠠᠶᠢᠷᠠᠭᠤᠯᠤᠨ ᠨᠡᠶᠢᠲᠡᠯᠡᠵᠦ᠂  ᠵᠢᠭᠠᠨ ᠰᠤᠷᠭᠠᠯᠲᠠ᠂ ᠬᠠᠮᠢᠶᠠᠷᠤᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠵᠡᠷᠭᠡ ᠬᠦᠷᠢᠶ᠎ᠡ ᠴᠠᠷᠠᠭᠠᠨ ᠳᠠᠬᠢ 1036 ᠠᠵᠢᠯ ᠤᠨ ᠪᠠᠶᠢᠷᠢ᠂ 3302 ᠬᠥᠮᠥᠨ ᠬᠡᠷᠡᠭᠯᠡᠬᠦ ᠬᠡᠷᠡᠭᠴᠡᠭᠡ ᠶᠢ ᠪᠠᠭᠲᠠᠭᠠᠪᠠ᠃ ︽ᠭᠠᠳᠠᠭᠰᠢ ᠭᠠᠷᠴᠤ︾  ᠴᠢᠳᠠᠪᠤᠷᠢᠲᠠᠨ ᠤᠷᠢᠬᠤ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠭᠤᠣᠯᠳᠠᠯᠭ᠎ᠠ ᠲᠠᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢ ᠵᠣᠬᠢᠶᠠᠨ ᠪᠠᠶᠢᠭᠤᠯᠤᠨ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ᠂ ᠭᠢᠷᠢᠨ ᠶᠡᠭᠡ ᠰᠤᠷᠭᠠᠭᠤᠯᠢ ᠵᠡᠷᠭᠡ ︽ᠬᠤᠣᠰ ᠲᠡᠷᠢᠭᠦᠨ ᠵᠡᠷᠭᠡ ᠶᠢᠨ︾ ᠶᠡᠭᠡ ᠳᠡᠭᠡᠳᠦ ᠰᠤᠷᠭᠠᠭᠤᠯᠢ ᠳᠤ ᠬᠦᠷᠴᠦ᠂ ︽ᠴᠢᠳᠠᠪᠤᠷᠢᠲᠠᠨ ᠢ ᠥᠷᠭᠡᠨ ᠢᠶᠠᠷ ᠤᠷᠢᠨ ᠣᠶᠤᠨ ᠤᠬᠠᠭᠠᠨ ᠢ ᠲᠠᠯ᠎ᠠ ᠨᠤᠲᠤᠭ ᠲᠤ ᠴᠤᠭᠯᠠᠷᠠᠭᠤᠯᠬᠤ︾  ᠴᠢᠳᠠᠪᠤᠷᠢᠲᠠᠨ ᠢ ᠤᠷᠢᠬᠤ ᠠᠵᠢᠯᠯᠠᠭ᠎ᠠ ᠶᠢ ᠡᠷᠭᠢᠯᠡᠵᠦ᠂ ᠨᠡᠶᠢᠲᠡ 2840 ᠬᠥᠮᠥᠨ ᠤᠳᠠᠭ᠎ᠠ ᠶᠢᠨ ᠰᠠᠨᠠᠮᠵᠢ ᠲᠣᠭᠲᠠᠵᠤ᠂ 269 ᠬᠥᠮᠥᠨ ᠲᠠᠢ ᠵᠢᠩᠬᠢᠨᠢ ᠪᠠᠷ ᠵᠥᠪᠯᠡᠯᠴᠡᠭᠡᠷ ᠲᠣᠭᠲᠠᠪᠠ᠃ ᠪᠦᠭᠦ ᠵᠢᠯ ᠳᠤ ᠥᠪᠡᠷᠲᠡᠭᠡᠨ ᠵᠠᠰᠠᠬᠤ ᠣᠷᠣᠨ ᠤ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠭᠠᠷᠴᠠᠭ ᠢ 12 ᠪᠦᠯᠦᠭ ᠤᠳᠠᠭ᠎ᠠ ᠬᠥᠳᠡᠯᠦᠩᠭᠦᠢ ᠪᠠᠷ ᠨᠡᠶᠢᠲᠡᠯᠡᠵᠦ᠂︽ᠰᠠᠭᠠᠳ ᠦᠭᠡᠢ ᠨᠡᠪᠲᠡᠷᠡᠬᠦ ᠵᠠᠮ︾ ᠢᠶᠠᠷ ᠳᠠᠮᠵᠢᠭᠤᠯᠤᠨ ᠳ᠋ᠣᠺᠲ᠋ᠣᠷ ᠠᠴᠠ ᠳᠡᠭᠡᠭᠰᠢᠬᠢ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠭᠰᠠᠨ ᠨᠢ 2022 ᠣᠨ ᠤ  ᠬᠢ ᠠᠴᠠ 120 ᠬᠥᠮᠥᠨ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 22.8% ᠳᠤ ᠬᠦᠷᠴᠦ᠂ ᠨᠡᠶᠢᠳᠡ 469 ᠬᠥᠮᠥᠨ ᠳᠤ ᠬᠦᠷᠴᠦ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠳᠠᠳᠠᠨ ᠠᠪᠴᠢᠷᠠᠭᠰᠠᠨ ᠲᠤᠭ᠎ᠠ ᠪᠠᠷ ᠬᠠᠮᠤᠭ ᠤᠨ ᠣᠯᠠᠨ ᠨᠢᠭᠡ ᠵᠢᠯ ᠪᠣᠯᠵᠠᠢ᠃      ᠤᠷ᠎ᠠ ᠮᠡᠷᠭᠡᠵᠢᠯ ᠤᠨ ᠴᠢᠳᠠᠪᠤᠷᠢᠲᠠᠨ ᠢ ᠬᠥᠬᠢᠭᠦᠯᠦᠨ ᠵᠣᠷᠢᠭᠵᠢᠭᠤᠯᠬᠤ ᠲᠠᠯ᠎ᠠ ᠪᠠᠷ᠂  2022 ᠣᠨ ᠤ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠣᠨᠴᠠᠭᠠᠶ ᠨᠡᠮᠡᠭᠦᠷᠢ ᠶᠢᠨ ᠲᠤᠰᠬᠠᠢ ᠮᠡᠷᠭᠡᠵᠢᠯᠲᠡᠨ ᠢ ᠰᠢᠯᠭᠠᠷᠠᠭᠤᠯᠤᠨ ᠲᠠᠨᠢᠯᠴᠠᠭᠤᠯᠬᠤ ᠠᠵᠢᠯ ᠢ ᠪᠡᠶᠡᠯᠡᠭᠦᠯᠵᠦ᠂ ᠲᠠᠨᠢᠯᠴᠠᠭᠤᠯᠬᠤ ᠪᠠᠷ ᠪᠠᠶᠢᠭ᠎ᠠ 53 ᠵᠢᠱᠢᠭᠳᠡᠭᠴᠢ ᠶᠢ ᠰᠢᠯᠭᠠᠷᠠᠭᠤᠯᠤᠨ ᠭᠠᠷᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠢᠨᠠᠨ ᠲᠣᠭᠲᠠᠭᠠᠭᠰᠠᠨ ᠤ ᠳᠠᠷᠠᠭ᠎ᠠ ᠣᠳᠣᠬᠠᠨ ᠳᠤ ᠨᠢᠭᠡᠨᠲᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠳᠤ ᠮᠡᠳᠡᠭᠦᠯᠪᠡ᠃ 2023 ᠣᠨ ᠤ ᠥᠪᠡᠷᠲᠡᠭᠡᠨ ᠵᠠᠰᠠᠬᠤ ᠣᠷᠣᠨ ᠤ ᠭᠠᠷᠮᠠᠭᠠᠢ ᠴᠢᠳᠠᠪᠤᠷᠢᠲᠠᠨ ᠤ ᠱᠠᠩᠨᠠᠯ ᠰᠢᠯᠭᠠᠷᠠᠭᠤᠯᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠲᠣᠰ ᠱᠠᠩᠨᠠᠯ ᠳᠤ ᠭᠠᠷᠮᠠᠭᠠᠢ ᠴᠢᠳᠠᠪᠤᠷᠢᠲᠠᠨ᠂ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠲᠤᠰᠬᠠᠢ ᠮᠡᠷᠭᠡᠵᠢᠯᠲᠡᠨ᠂ ᠰᠢᠨ᠎ᠡ ᠶᠢ ᠡᠭᠦᠳᠦᠭᠰᠡᠨ ᠵᠠᠯᠠᠭᠤ ᠴᠢᠳᠠᠪᠤᠷᠢᠲᠠᠨ ᠵᠡᠷᠭᠡ 3 ᠬᠤᠪᠢᠶᠠᠷᠢ ᠲᠥᠷᠥᠯ ᠢ ᠲᠣᠬᠢᠷᠠᠭᠤᠯᠵᠤ᠂ ᠨᠡᠶᠢᠲᠡ 210 ᠬᠥᠮᠥᠨ ᠢ ᠰᠢᠯᠭᠠᠷᠠᠭᠤᠯᠤᠨ ᠬᠥᠬᠢᠭᠦᠯᠵᠦ᠂  ᠪᠠᠰᠠ ᠤᠷ᠎ᠠ ᠮᠡᠷᠭᠡᠵᠢᠯ ᠤᠨ ᠴᠢᠳᠠᠪᠤᠷᠢᠲᠠᠨ ᠤ ᠱᠠᠩᠨᠠᠯ ᠰᠢᠯᠭᠠᠷᠠᠭᠤᠯᠬᠤ ᠠᠵᠢᠯ ᠢ ᠠᠩᠬ᠎ᠠ ᠤᠳᠠᠭ᠎ᠠ ᠥᠷᠨᠢᠭᠦᠯᠪᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号