ᠣᠶᠢᠷ᠎ᠠ ᠶᠢᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ | ︽ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠬᠦ ᠲᠤᠬᠠᠢ ᠰᠠᠨᠠᠯ︾ | ᠢ ᠳᠠᠷᠤᠮᠠᠯᠯᠠᠨ ᠲᠠᠷᠬᠠᠭᠠᠭᠰᠠᠨ ᠪᠥᠭᠡᠳ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ | ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠱᠠᠭᠠᠷᠳᠠᠪᠠ᠃ ︽ᠰᠠᠨᠠᠯ︾ ᠤᠨ ᠪᠦᠭᠦ ᠠᠭᠤᠯᠭ᠎ᠠ ᠨᠢ ᠳᠣᠣᠷᠠᠬᠢ ᠮᠡᠲᠦ᠄ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠪᠣᠯ ᠥᠪᠥᠷ ᠮᠣᠩᠭᠤᠯ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠴᠢᠬᠤᠯᠠ ᠪᠦᠬᠦᠢ ᠳᠦᠷᠢᠮ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠰᠢᠨ᠎ᠡ | ᠡᠭᠦᠳᠦᠯᠲᠡ ᠪᠣᠯᠣᠨ᠎ᠠ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠲᠤᠰᠬᠠᠬᠤ ᠳᠤ ᠲᠥᠭᠦᠮ ᠦᠵᠡᠭᠦᠯᠵᠦ᠂ | ᠵᠥᠷᠢᠴᠡᠯ ᠵᠠᠭᠤᠷᠠᠯᠳᠤᠭᠠᠨ ᠢ ᠦᠨᠳᠦᠰᠦᠨ ᠱᠠᠲᠤᠨ ᠳᠤ ᠰᠢᠢᠳᠪᠦᠷᠢᠯᠡᠬᠦ ᠶᠢ ᠠᠬᠢᠭᠤᠯᠬᠤ ᠳᠤ ᠠᠰᠢᠭᠲᠠᠢ ᠪᠠᠶᠢᠵᠤ᠂ | ᠰᠢᠨ᠎ᠡ ᠴᠠᠭ ᠦᠶ᠎ᠡ ᠶᠢᠨ ᠵᠠᠬᠢᠳᠠᠯ ᠰᠤᠷᠪᠤᠯᠵᠢᠯᠠᠯ ᠤᠨ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ | ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠠᠬᠢᠳᠠᠯ | ᠰᠤᠷᠪᠤᠯᠵᠢᠯᠠᠯ ᠢ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ | ᠠᠵᠢᠯ ᠤᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠭᠦ ᠶᠢᠨ ᠲᠥᠯᠥᠭᠡ᠂ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠳᠦᠷᠢᠮ ᠢ ᠪᠦᠭᠦ ᠲᠠᠯ᠎ᠠ ᠪᠠᠷ ᠬᠡᠷᠡᠭᠵᠢᠭᠦᠯᠬᠦ ᠳᠤ᠂ ᠰᠢ | ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ | ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠪᠠᠷᠢᠮᠲᠠᠯᠠᠨ | ᠬᠥᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠤᠷᠢᠳᠴᠢᠯᠠᠨ ᠰᠡᠷᠭᠡᠶᠢᠯᠡᠯᠲᠡ ᠶᠢ ᠬᠠᠤᠯᠢᠵᠢᠭᠤᠯᠬᠤ᠂ | ᠭᠥᠯᠢᠶᠡᠨ ᠠᠪᠴᠤ ᠰᠢᠢᠳᠪᠦᠷᠢᠯᠡᠬᠦ ᠶᠢ ᠬᠠᠤᠯᠢᠵᠢᠭᠤᠯᠬᠤ᠂ ᠭᠦᠢᠴᠡᠳᠬᠡᠨ ᠰᠢᠢᠳᠪᠦᠷᠢᠯᠡᠬᠦ ᠶᠢ ᠬᠠᠤᠯᠢᠵᠢᠭᠤᠯᠬᠤ᠂ | ᠬᠢᠨᠠᠯᠲᠠ ᠲᠠᠯᠪᠢᠵᠤ ᠬᠠᠷᠢᠭᠤᠴᠠᠯᠭ᠎ᠠ ᠨᠡᠬᠡᠮᠵᠢᠯᠡᠬᠦ ᠶᠢ ᠬᠠᠤᠯᠢᠵᠢᠭᠤᠯᠬᠤ᠂ ᠡᠮᠬᠢ ᠵᠢᠷᠤᠮ ᠢ ᠬᠠᠮᠠᠭᠠᠯᠠᠬᠤ ᠶᠢ | ᠬᠠᠤᠯᠢᠵᠢᠭᠤᠯᠬᠤ ᠶᠢ ᠪᠠᠷᠢᠮᠲᠠᠯᠠᠵᠤ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ᠂ ᠬᠥᠮᠥᠨ ᠢᠶᠠᠷ | ᠦᠨᠳᠦᠰᠦ ᠪᠤᠯᠭᠠᠬᠤ᠂ ᠡᠷᠬᠡ ᠲᠡᠭᠰᠢ ᠰᠠᠶᠢᠨ ᠳᠤᠷ᠎ᠠ ᠶᠢᠨ᠂ ᠬᠠᠤᠯᠢ ᠶᠣᠰᠣᠭᠠᠷ ᠣᠷᠣᠯᠠᠨ ᠭᠦᠢᠴᠡᠳᠬᠡᠬᠦ ᠶᠢ | ᠪᠠᠷᠢᠮᠲᠠᠯᠠᠵᠤ᠂ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠶᠢ ᠵᠣᠬᠢᠴᠠᠭᠤᠯᠬᠤ᠂ | ᠡᠷᠬᠡ ᠠᠰᠢᠭ ᠢ ᠪᠠᠲᠤᠯᠠᠬᠤ ᠵᠠᠮ ᠢ ᠰᠢᠯᠤᠭᠤᠳᠬᠠᠨ ᠵᠢᠷᠤᠮᠵᠢᠭᠤᠯᠵᠤ᠂ ᠵᠥᠷᠢᠴᠡᠯ ᠵᠠᠭᠤᠷᠠᠯᠳᠤᠭᠠᠨ ᠢ ᠦᠨᠳᠦᠰᠦᠨ | ᠱᠠᠲᠤᠨ ᠳᠤ ᠠᠷᠢᠯᠭᠠᠬᠤ᠂ ᠴᠤᠬᠤᠶᠢᠵᠤ ᠪᠠᠶᠢᠭ᠎ᠠ ᠪᠠᠶᠢᠳᠠᠯ ᠳᠤ ᠠᠷᠢᠯᠭᠠᠬᠤ᠂ ᠣᠯᠠᠨ ᠲᠦᠮᠡᠨ ᠳᠤ ᠦᠢᠯᠡᠴᠢᠯᠡᠬᠦ ᠶᠢ | ᠠᠬᠢᠭᠤᠯᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠮᠧᠲᠷ︾ ᠢ ᠦᠨᠡᠨ ᠬᠦ ᠨᠡᠪᠲᠡᠷᠡᠭᠦᠯᠦᠨ᠎ᠡ᠃ | ᠬᠤᠶᠠᠷ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢ ᠲᠣᠬᠢᠷᠠᠭᠤᠯᠤᠨ᠎ᠠ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠲᠣᠬᠢᠷᠠᠭᠤᠯᠵᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ | ᠣᠷᠣᠯᠠᠨ ᠭᠦᠢᠴᠡᠳᠭᠡᠭᠴᠢ ᠨᠢ ᠶᠡᠷᠦ ᠳᠡᠭᠡᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠶᠢᠨ ᠨᠠᠮ ᠤᠨ ᠬᠤᠷᠢᠶ᠎ᠠ | ︵ᠨᠠᠮ ᠤᠨ ᠬᠤᠷᠢᠶ᠎ᠠ ᠶᠢᠨ ᠠᠵᠢᠯ ᠤᠨ ᠬᠤᠷᠢᠶ᠎ᠠ︶᠂ ᠵᠠᠰᠠᠭ ᠤᠨ ᠣᠷᠳᠣᠨ︵ᠬᠡᠷᠡᠭ ᠡᠷᠭᠢᠯᠡᠭᠦ ᠭᠠᠵᠠᠷ︶ ᠤ ᠤᠳᠤᠷᠢᠳᠬᠤ | ᠪᠠᠭ ᠤᠨ ᠪᠦᠷᠢᠯᠳᠦᠭᠦᠨ ᠪᠠ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ᠂ ᠨᠡᠶᠢᠭᠡᠮ ᠤᠨ ᠵᠠᠰᠠᠯᠲᠠ ᠶᠢᠨ | ᠠᠵᠢᠯ ᠤᠨ ᠪᠠᠶᠢᠭᠤᠯᠤᠮᠵᠢ ᠶᠢᠨ ᠠᠵᠢᠯᠲᠠᠨ ᠵᠡᠷᠭᠡ ᠪᠠᠷ ᠪᠦᠷᠢᠯᠳᠦᠨ᠎ᠡ᠃ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠤ ᠣᠷᠣᠯᠠᠨ ᠭᠦᠢᠴᠡᠳᠭᠡᠭᠴᠢ ᠨᠢ ᠶᠡᠷᠦ ᠳᠡᠭᠡᠨ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ | ᠪᠠᠶᠢᠭᠤᠯᠤᠯᠲᠠ᠂ ᠭᠠᠴᠠᠭ᠎ᠠ ᠲᠣᠰᠬᠤᠨ︵ᠰᠠᠭᠤᠭᠠᠯᠢ ᠠᠷᠠᠳ︶ ᠤ ᠵᠥᠪᠯᠡᠯ ᠤᠨ ᠪᠦᠷᠢᠯᠳᠦᠭᠦᠨ ᠪᠠ ᠨᠠᠮ ᠪᠠ ᠣᠯᠠᠨ | ᠲᠦᠮᠡᠨ ᠤ ᠦᠢᠯᠡᠴᠢᠯᠡᠭᠡᠨ ᠤ ᠲᠥᠪ ᠤᠨ ᠠᠵᠢᠯᠲᠠᠨ᠂ ᠭᠠᠴᠠᠭ᠎ᠠ ᠲᠣᠰᠬᠤᠨ ᠳᠤ ᠰᠠᠭᠤᠭ᠎ᠠ ᠺᠠᠳ᠋ᠷ ᠵᠡᠷᠭᠡ ᠪᠠᠷ | ᠪᠦᠷᠢᠯᠳᠦᠨ᠎ᠡ᠃ ᠨᠠᠮ ᠤᠨ ᠲᠥᠯᠥᠭᠡᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠢᠴᠢ ᠠᠬᠠᠮᠠᠳ ᠨᠠᠮ ᠤᠨ ᠭᠡᠰᠢᠭᠦᠨ᠂ ᠠᠵᠢᠯ ᠠᠴᠠ ᠪᠠᠨ ᠠᠮᠠᠷᠠᠭᠰᠠᠨ | ᠺᠠᠳ᠋ᠷ᠂ ᠲᠣᠣᠷᠵᠢᠭᠤᠯᠤᠬᠰᠠᠨ ᠬᠠᠮᠢᠶᠠᠷᠤᠯᠲᠠ ᠶᠢᠨ ᠠᠵᠢᠯᠲᠠᠨ ᠵᠡᠷᠭᠡ ᠶᠢ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠭᠡᠭᠴᠢ ᠪᠠᠷ ᠲᠠᠳᠠᠨ ᠠᠪᠬᠤ ᠶᠢ ᠴᠢᠬᠤᠯᠠᠴᠢᠯᠠᠨ᠎ᠠ᠃ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠭᠡᠭᠴᠢ ᠶᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ ᠠᠴᠠ ᠲᠣᠭᠲᠠᠭᠠᠭᠰᠠᠨ ᠤ ᠳᠠᠷᠠᠭ᠎ᠠ᠂ ᠳᠡᠭᠡᠷ᠎ᠡ | ᠨᠢᠭᠡ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠭᠤᠯᠤᠮᠵᠢ ᠳᠤ ᠮᠡᠳᠡᠭᠦᠯᠦᠨ ᠳᠠᠩᠰᠠᠯᠠᠭᠤᠯᠤᠨ᠎ᠠ᠃ | ᠭᠤᠷᠪᠠ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ ᠲᠤᠰᠢᠶᠠᠯ ᠬᠠᠷᠢᠭᠤᠴᠠᠯᠭ᠎ᠠ ᠶᠢ | ᠲᠣᠳᠣᠷᠬᠠᠶᠢᠯᠠᠨ᠎ᠠ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ ᠭᠤᠣᠯ ᠲᠤᠰᠢᠶᠠᠯ ᠬᠠᠷᠢᠭᠤᠴᠠᠯᠭ᠎ᠠ᠄ ᠨᠠᠮ ᠤᠨ | ᠴᠢᠭᠯᠡᠯᠲᠡ ᠲᠥᠷᠥ ᠶᠢᠨ ᠪᠣᠳᠣᠯᠭ᠎ᠠ ᠪᠠ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠣᠯᠠᠨ | ᠲᠦᠮᠡᠨ ᠢ ᠬᠥᠲᠥᠯᠥᠨ ᠵᠢᠯᠤᠭᠤᠳᠴᠤ ᠵᠦᠢ ᠶᠣᠰᠣᠨ ᠤ ᠠᠷᠭ᠎ᠠ ᠵᠠᠮ ᠢᠶᠠᠷ ᠬᠠᠤᠯᠢ ᠶᠣᠰᠣᠭᠠᠷ ᠡᠮᠬᠢ ᠵᠢᠷᠤᠮ ᠲᠠᠢ | ᠵᠠᠬᠢᠳᠠᠯ ᠰᠤᠷᠪᠤᠯᠵᠢᠯᠠᠯ ᠭᠢᠯᠭᠡᠨ᠎ᠡ᠃ ᠤᠯᠠᠨ ᠲᠦᠮᠡᠨ ᠤ ᠳᠤᠮᠳᠠ ᠭᠦᠨᠵᠡᠭᠡᠶᠢᠷᠡᠨ ᠭᠤᠮᠣᠳᠠᠯ ᠱᠠᠭᠠᠷᠳᠠᠯᠭ᠎ᠠ ᠶᠢ | ᠣᠶᠢᠯᠠᠭᠠᠵᠤ᠂ ᠤᠯᠠᠨ ᠲᠦᠮᠡᠨ ᠤ ᠰᠤᠷᠪᠤᠯᠵᠢᠯᠠᠯ ᠢ ᠭᠥᠯᠢᠶᠡᠨ ᠠᠪᠴᠤ᠂ ᠪᠠᠴᠢᠮᠳᠠᠵᠤ ᠬᠦᠴᠢᠷᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠢ ᠬᠠᠪᠰᠤᠷᠤᠨ ᠰᠢᠢᠳᠪᠦᠷᠢᠯᠡᠵᠦ᠂ ᠤᠯᠠᠨ ᠲᠦᠮᠡᠨ ᠢ ᠣᠷᠣᠯᠠᠨ ᠲᠤᠰ ᠱᠠᠲᠤᠨ ᠤ | ᠪᠤᠶᠤ ᠳᠡᠭᠡᠷ᠎ᠡ ᠨᠢᠭᠡ ᠱᠠᠲᠤᠨ ᠤ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠳᠤ ᠭᠤᠮᠣᠳᠠᠯ | ᠱᠠᠭᠠᠷᠳᠠᠯᠭ᠎ᠠ ᠶᠢ ᠨᠢ ᠲᠤᠰᠬᠠᠨ᠎ᠠ᠃ ᠵᠠᠭᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠰᠠᠯᠠᠭ᠎ᠠ ᠮᠥᠴᠢᠷ | ᠨᠢᠭᠡᠴᠢ ᠠᠴᠠ ᠰᠢᠢᠳᠪᠦᠷᠢᠯᠡᠭᠰᠡᠨ ᠪᠠᠶᠢᠳᠠᠯ ᠢ ᠰᠠᠨᠠᠭᠠᠴᠢᠯᠠᠭ᠎ᠠ ᠠᠴᠠ ᠪᠠᠨ ᠣᠶᠢᠯᠠᠭᠠᠵᠤ᠂ ᠵᠠᠬᠢᠳᠠᠯ ᠰᠤᠷᠪᠤᠯᠵᠢᠯᠠᠯ | ᠬᠢᠭᠰᠡᠨ ᠣᠯᠠᠨ ᠲᠦᠮᠡᠨ ᠳᠤ ᠰᠢᠢᠳᠪᠦᠷᠢᠯᠡᠭᠰᠡᠨ ᠠᠬᠢᠴᠠ ᠪᠠ ᠦᠷ᠎ᠡ ᠳ᠋ᠦᠩ ᠢ ᠴᠠᠭ ᠲᠤᠬᠠᠢ ᠳᠤᠨᠢ ᠬᠠᠷᠢᠭᠤ | ᠮᠡᠳᠡᠭᠳᠡᠨ᠎ᠡ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ | ᠵᠠᠬᠢᠳᠠᠯ ᠰᠤᠷᠪᠤᠯᠵᠢᠯᠠᠯ ᠬᠢᠭᠰᠡᠨ ᠣᠯᠠᠨ ᠲᠦᠮᠡᠨ ᠤ ᠬᠥᠳᠡᠯᠦᠯ ᠪᠠᠶᠢᠳᠠᠯ ᠢ ᠠᠩᠬᠠᠷᠤᠨ ᠴᠠᠭ ᠲᠤᠬᠠᠢ ᠳᠤᠨᠢ | ᠮᠡᠳᠡᠭᠦᠯᠬᠦ ᠶᠢᠨ ᠬᠠᠮᠲᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠲᠠᠢ ᠬᠠᠮᠵᠢᠯᠴᠠᠨ ᠵᠠᠬᠢᠳᠠᠯ ᠰᠤᠷᠪᠤᠯᠵᠢᠯᠠᠯ ᠬᠢᠭᠰᠡᠨ | ᠣᠯᠠᠨ ᠲᠦᠮᠡᠨ ᠢ ᠬᠥᠮᠥᠵᠢᠭᠦᠯᠦᠨ ᠬᠥᠲᠥᠯᠥᠨ ᠵᠢᠯᠤᠭᠤᠳᠬᠤ ᠠᠵᠢᠯ ᠢ ᠰᠠᠶᠢᠲᠤᠷ ᠬᠢᠨ᠎ᠡ᠃ | ᠳᠥᠷᠪᠡ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠴᠣᠩᠬᠤᠪᠴᠢ ᠶᠢ ᠪᠠᠶᠢᠭᠤᠯᠤᠨ᠎ᠠ | ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠨᠢ ᠨᠠᠮ ᠪᠠ | ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠲᠦᠰᠢᠭᠯᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ | ᠴᠣᠩᠬᠤᠪᠴᠢ ᠶᠢ ᠪᠠᠶᠢᠭᠤᠯᠵᠤ᠂ ᠣᠷᠣᠯᠠᠨ ᠭᠦᠢᠴᠡᠳᠭᠡᠭᠴᠢ ᠶᠢᠨ ᠣᠷᠣᠯᠠᠨ ᠭᠦᠢᠴᠡᠳᠬᠡᠬᠦ ᠵᠦᠢᠯᠡᠰ ᠢ ᠭᠥᠯᠢᠶᠡᠨ | ᠠᠪᠴᠤ ᠰᠢᠢᠳᠪᠦᠷᠢᠯᠡᠬᠦ᠂ ᠣᠷᠣᠯᠠᠨ ᠭᠦᠢᠴᠡᠳᠬᠡᠬᠦ ᠠᠵᠢᠯ ᠥᠷᠨᠢᠭᠦᠯᠬᠦ ᠶᠢ ᠲᠣᠬᠢᠷᠠᠭᠤᠯᠤᠨ᠎ᠠ᠃ ᠬᠤᠰᠢᠭᠤ ᠰᠢᠶᠠᠨ | ︵ᠬᠤᠲᠠ᠂ ᠲᠣᠭᠤᠷᠢᠭ︶ ᠤ ᠰᠠᠯᠠᠭ᠎ᠠ ᠮᠥᠴᠢᠷ ᠨᠢᠭᠡᠴᠢ ᠨᠦᠭᠦᠳ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ | ᠵᠦᠢᠯᠡᠰ ᠢ ᠳᠠᠭᠠᠭᠠᠨ ᠠᠪᠬᠤ ᠴᠣᠩᠬᠤᠪᠴᠢ ᠲᠣᠬᠢᠷᠠᠭᠤᠯᠬᠤ ᠶᠢᠨ ᠬᠠᠮᠲᠤ᠂ ᠠᠵᠢᠯᠲᠠᠨ ᠢ ᠲᠣᠳᠣᠷᠬᠠᠶᠢᠯᠠᠨ ᠣᠷᠣᠯᠠᠨ | ᠭᠦᠢᠴᠡᠳᠬᠡᠬᠦ ᠵᠦᠢᠯᠡᠰ ᠢ ᠭᠥᠯᠢᠶᠡᠨ ᠠᠪᠬᠤ ᠪᠠ ᠭᠦᠢᠴᠡᠳᠬᠡᠬᠦ ᠶᠢ ᠬᠠᠷᠢᠭᠤᠴᠠᠭᠤᠯᠤᠨ᠎ᠠ᠃ | ᠲᠠᠪᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠵᠦᠢᠯᠡᠰ ᠤᠨ ᠬᠦᠷᠢᠶ᠎ᠡ ᠬᠡᠪᠴᠢᠶ᠎ᠡ ᠶᠢ | ᠲᠣᠳᠣᠷᠬᠠᠶᠢᠯᠠᠨ᠎ᠠ | ᠣᠷᠣᠯᠠᠨ ᠭᠦᠢᠴᠡᠳᠬᠡᠬᠦ ᠵᠦᠢᠯᠡᠰ ᠪᠣᠯ ᠭᠤᠣᠯᠳᠠᠭᠤ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ | ᠬᠦᠰᠡᠵᠦ ᠪᠠᠶᠢᠭ᠎ᠠ ᠠᠰᠠᠭᠤᠳᠠᠯ ᠪᠠ ᠰᠠᠨᠠᠭᠠᠰᠢᠷᠠᠬᠤ ᠶᠠᠪᠤᠳᠠᠯ ᠪᠤᠬᠢᠨᠢᠳᠤᠬᠤ ᠶᠠᠪᠤᠳᠠᠯ ᠰᠢᠮᠰᠢᠷᠡᠬᠦ ᠶᠠᠪᠤᠳᠠᠯ ᠪᠣᠯᠣᠨ᠎ᠠ᠃ | ᠣᠯᠠᠨ ᠲᠦᠮᠡᠨ ᠤ ᠲᠤᠰᠬᠠᠭᠰᠠᠨ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠦᠢᠯᠡᠰ ᠢ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠴᠠ ᠬᠤᠯᠪᠣᠭᠳᠠᠯ ᠪᠦᠬᠦᠢ ᠤᠯᠤᠰ ᠲᠥᠷᠥ ᠬᠠᠤᠯᠢ | ᠴᠠᠭᠠᠵᠠ ᠶᠢᠨ ᠰᠠᠯᠠᠭ᠎ᠠ ᠮᠥᠴᠢᠷ ᠲᠤ ᠣᠷᠣᠯᠠᠨ ᠲᠤᠰᠬᠠᠨ᠎ᠠ᠃ ᠰᠠᠬᠢᠯᠭ᠎ᠠ ᠪᠠᠲᠤ ᠳᠤ ᠬᠤᠯᠪᠣᠭᠳᠠᠬᠤ ᠵᠦᠢᠯᠡᠰ ᠢ ᠪᠣᠯ | ᠬᠥᠲᠥᠯᠥᠨ ᠵᠢᠯᠤᠭᠤᠳᠴᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠳᠤ ᠲᠤᠰᠬᠠᠨ᠎ᠠ᠃ | ᠣᠷᠣᠯᠠᠨ ᠭᠦᠢᠴᠡᠳᠬᠡᠬᠦ ᠠᠴᠠ ᠡᠮᠦᠨ᠎ᠡ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠴᠠ ᠵᠠᠬᠢᠳᠠᠯ | ᠰᠤᠷᠪᠤᠯᠵᠢᠯᠠᠯ ᠬᠢᠭᠰᠡᠨ ᠤᠯᠠᠨ ᠲᠦᠮᠡᠨ ᠲᠠᠢ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ ᠲᠤ ᠭᠠᠷ ᠤᠨ ᠦᠰᠦᠭ | ᠵᠢᠷᠤᠵᠤ᠂ ᠬᠤᠶᠠᠷ ᠲᠠᠯ᠎ᠠ ᠶᠢᠨ ᠡᠷᠬᠡ ᠡᠭᠦᠷᠭᠡ ᠶᠢ ᠲᠣᠳᠣᠷᠬᠠᠶᠢᠯᠠᠨ᠎ᠠ᠃ | ᠵᠢᠷᠭᠤᠭ᠎ᠠ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠲᠡᠰ ᠲᠠᠷᠠᠭ᠎ᠠ ᠶᠢ ᠵᠢᠷᠤᠮᠵᠢᠭᠤᠯᠤᠨ᠎ᠠ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠳᠤ ︽ᠭᠥᠯᠢᠶᠡᠨ ᠠᠪᠴᠤ ᠳᠠᠩᠰᠠᠯᠠᠬᠤ | ︱ᠡᠮᠭᠢᠯᠡᠵᠦ ᠰᠠᠯᠭᠠᠬᠤ ︱ ᠣᠷᠣᠯᠠᠨ ᠲᠤᠰᠬᠠᠬᠤ ︱ ᠰᠢᠢᠳᠪᠦᠷᠢᠯᠡᠬᠦ ᠶᠢ ᠠᠭᠢᠭᠤᠯᠬᠤ︱ᠴᠠᠭ ᠲᠤᠬᠠᠢ ᠳᠤᠨᠢ | ᠬᠠᠷᠢᠭᠤ ᠲᠤᠰᠬᠠᠬᠤ ︱ᠰᠢᠢᠳᠪᠦᠷᠢᠯᠡᠵᠦ ᠳᠠᠭᠤᠰᠬᠠᠭᠠᠳ ᠲᠠᠩᠰᠠ ᠡᠪᠬᠡᠮᠡᠯ ᠳᠤ ᠣᠷᠣᠭᠤᠯᠬᠤ︾ ᠲᠡᠰ ᠳᠠᠷᠠᠭᠠᠯᠠᠯ ᠢ | ᠬᠡᠷᠡᠭᠵᠢᠭᠦᠯᠵᠦ᠂ ᠬᠠᠷᠢᠭᠤᠴᠠᠯᠭ᠎ᠠ ᠶᠢ ᠱᠠᠲᠤ ᠳᠠᠷᠠᠭᠠᠯᠠᠨ ᠪᠣᠳᠠᠲᠠᠶᠢᠵᠢᠭᠤᠯᠤᠨ᠎ᠠ᠃ | ︵ᠨᠢᠭᠡ︶ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠠᠴᠠ ᠰᠢᠢᠳᠪᠦᠷᠢᠯᠡᠬᠦ᠃ ᠣᠯᠠᠨ ᠲᠦᠮᠡᠨ ᠤ | ᠲᠤᠰᠬᠠᠭᠰᠠᠨ ᠠᠰᠠᠭᠤᠳᠠᠯ ᠪᠤᠶᠤ ᠵᠢᠭᠰᠠᠭᠠᠨ ᠪᠠᠶᠢᠴᠠᠭᠠᠭᠠᠳ ᠢᠯᠡᠷᠡᠭᠦᠯᠦᠭᠰᠡᠨ ᠵᠥᠷᠢᠴᠡᠯ ᠤᠨ ᠳᠠᠯᠳᠠ ᠭᠡᠮ ᠳᠤ᠂ | ᠣᠷᠣᠯᠠᠨ ᠭᠦᠢᠴᠡᠳᠭᠡᠭᠴᠢ ᠠᠴᠠ ᠲᠠᠶᠢᠯᠪᠤᠷᠢᠯᠠᠨ ᠵᠢᠯᠤᠭᠤᠳᠴᠤ ᠡᠶᠡᠳᠡᠭᠦᠯᠬᠦ ᠠᠵᠢᠯ ᠢ ᠰᠠᠶᠢᠲᠤᠷ ᠬᠢᠵᠦ᠂ ᠬᠠᠮᠤᠭ ᠤᠨ | ᠶᠡᠭᠡ ᠴᠢᠷᠮᠠᠶᠢᠯᠭ᠎ᠠ ᠪᠠᠷ ᠠᠰᠠᠭᠤᠳᠠᠯ ᠢ ᠰᠢᠢᠳᠪᠦᠷᠢᠯᠡᠵᠦ᠂ ᠵᠥᠷᠢᠴᠡᠯ ᠢ ᠠᠷᠢᠯᠭᠠᠨ᠎ᠠ᠃ ᠯᠠᠪᠯᠠᠯᠭ᠎ᠠ ᠥᠭᠬᠦ᠂ ᠲᠤᠰᠠᠯᠠᠮᠵᠢ | ᠭᠤᠶᠤᠴᠢᠯᠠᠬᠤ᠂ ᠰᠠᠨᠠᠯ ᠭᠠᠷᠭᠠᠬᠤ᠂ ᠰᠠᠨᠠᠭᠤᠯᠭ᠎ᠠ ᠥᠭᠬᠦ ᠲᠥᠷᠥᠯ ᠵᠦᠢᠯᠡᠰ ᠲᠤ᠂ ᠡᠭᠦᠷᠭᠡ ᠬᠠᠷᠢᠭᠤᠴᠠᠯᠭ᠎ᠠ ᠶᠢᠨ | ᠬᠡᠪᠴᠢᠶᠡᠨ ᠳᠤ ᠬᠠᠷᠢᠶᠠᠯᠠᠭᠳᠠᠪᠠᠯ ᠴᠠᠭ ᠲᠤᠬᠠᠢ ᠳᠤᠨᠢ ᠬᠠᠷᠢᠭᠤᠯᠲᠠ ᠥᠭᠴᠦ᠂ ᠬᠠᠪᠰᠤᠷᠤᠯᠭ᠎ᠠ ᠦᠵᠡᠭᠦᠯᠵᠦ᠂ | ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠠᠴᠠ ᠬᠠᠷᠢᠭᠤᠯᠲᠠ ᠥᠭᠬᠦ ᠪᠤᠶᠤ ᠵᠣᠬᠢᠴᠠᠭᠤᠯᠤᠨ ᠰᠢᠢᠳᠪᠦᠷᠢᠯᠡᠬᠦ | ᠴᠢᠬᠤᠯᠠᠲᠠᠢ ᠶᠢ ᠨᠢ ᠴᠠᠭ ᠲᠤᠬᠠᠢ ᠳᠤᠨᠢ ᠲᠤᠰᠬᠠᠵᠤ᠂ ᠰᠢᠢᠳᠪᠦᠷᠢᠯᠡᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠤᠨ᠎ᠠ᠃ | | ︵ᠬᠤᠶᠠᠷ︶ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ | ᠠᠴᠠ ᠭᠦᠢᠴᠡᠳᠬᠡᠬᠦ᠃ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ ᠳᠡᠭᠡᠭᠰᠢ ᠮᠡᠳᠡᠭᠦᠯᠦᠭᠰᠡᠨ ᠵᠢᠴᠢ | ᠣᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠴᠣᠩᠬᠤᠪᠴᠢ ᠳᠤ ᠬᠦᠷᠴᠦ ᠲᠤᠰᠬᠠᠭᠰᠠᠨ | ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠤᠮᠤ ᠰᠢᠶᠠᠩ ᠪᠠᠯᠭᠠᠰᠤ︵ᠵᠡᠭᠡᠯᠢ ᠭᠤᠳᠤᠮᠵᠢ︶᠂ ᠭᠠᠴᠠᠭ᠎ᠠ | ᠲᠣᠰᠬᠤᠨ︵ᠨᠡᠶᠢᠭᠡᠮ ᠲᠣᠭᠤᠷᠢᠭ︶ᠣᠷᠣᠯᠠᠨ ᠭᠦᠢᠴᠡᠳᠬᠡᠬᠦ ᠳᠡᠰ ᠳᠠᠷᠠᠭᠠᠯᠠᠯ ᠳᠤ ᠴᠠᠭ ᠲᠤᠬᠠᠢ ᠳᠤᠨᠢ ᠣᠷᠣᠭᠤᠯᠵᠤ᠂ | ᠲᠣᠰ ᠱᠠᠲᠤᠨ ᠤ ᠠᠵᠢᠯ ᠶᠠᠪᠤᠳᠠᠯ ᠤᠨ ᠡᠷᠬᠡ ᠶᠢᠨ ᠬᠡᠪᠴᠢᠶᠡᠨ ᠳᠤ ᠬᠠᠷᠢᠶᠠᠯᠠᠭᠳᠠᠵᠤ᠂ ᠰᠢᠭᠤᠳ ᠬᠠᠷᠢᠭᠤᠯᠲᠠ | ᠥᠭᠴᠦ ᠰᠢᠢᠳᠪᠦᠷᠢᠯᠡᠵᠦ ᠪᠤᠯᠬᠤ ᠳᠤᠨᠢ ᠰᠢᠭᠤᠳ ᠬᠠᠷᠢᠭᠤᠯᠲᠠ ᠥᠭᠴᠦ᠂ ᠲᠡᠷᠡ ᠳᠠᠷᠤᠢ ᠳᠤᠨᠢ ᠰᠢᠶᠳᠪᠦᠷᠢᠯᠡᠨ᠎ᠡ᠃ | ᠪᠠᠶᠢᠳᠠᠯ ᠨᠢ ᠪᠤᠳᠤᠯᠢᠶᠠᠨᠲᠠᠢ᠂ ᠰᠢᠭᠤᠳ ᠬᠠᠷᠢᠭᠤᠯᠲᠠ ᠥᠭᠴᠦ ᠰᠢᠢᠳᠪᠦᠷᠢᠯᠡᠬᠦ ᠶᠢᠨ ᠠᠷᠭ᠎ᠠ ᠦᠭᠡᠢ ᠪᠣᠯ ᠣᠯᠠᠨ | ᠲᠦᠮᠡᠨ ᠳᠤ ᠲᠠᠷᠠᠭᠠᠴᠢ ᠶᠢᠨ ᠭᠦᠢᠴᠡᠳᠬᠡᠬᠦ ᠳᠡᠰ ᠳᠠᠷᠠᠭᠠᠯᠠᠯ ᠢᠶᠠᠨ ᠮᠡᠳᠡᠭᠳᠡᠵᠦ᠂ ᠴᠠᠭ ᠲᠤᠬᠠᠢ ᠳᠤᠨᠢ | ᠭᠦᠢᠴᠡᠳᠬᠡᠬᠦ ᠶᠢᠨ ᠬᠠᠮᠲᠤ ᠣᠯᠠᠨ ᠲᠦᠮᠡᠨ ᠳᠤ ᠬᠠᠷᠢᠭᠤ ᠲᠤᠰᠬᠠᠨ᠎ᠠ᠃ ᠲᠤᠰ ᠱᠠᠲᠤᠨ ᠤ ᠠᠵᠢᠯ ᠶᠠᠪᠤᠳᠠᠯ ᠤᠨ | ᠡᠷᠬᠡ ᠶᠢᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠠᠶᠢᠵᠤ᠂ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢ | ᠵᠣᠬᠢᠴᠠᠭᠤᠯᠤᠨ ᠰᠢᠢᠳᠪᠦᠷᠢᠯᠡᠭᠦᠯᠬᠦ ᠴᠢᠬᠤᠯᠠᠲᠠᠢ ᠪᠠᠶᠢᠪᠠᠯ᠂ ᠤᠯᠠᠨ ᠲᠦᠮᠡᠨ ᠢ ᠣᠷᠣᠯᠠᠨ ᠳᠡᠭᠡᠳᠦ ᠱᠠᠲᠤᠨ ᠤ ᠰᠠᠯᠠᠭ᠎ᠠ | ᠮᠥᠴᠢᠷ ᠨᠢᠭᠡᠴᠢ ᠳᠤ ᠲᠤᠰᠬᠠᠬᠤ ᠶᠢᠨ ᠬᠠᠮᠲᠤ ᠰᠢᠢᠳᠪᠦᠷᠢᠯᠡᠬᠦ ᠶᠢ ᠢᠳᠡᠪᠬᠢᠲᠡᠢ ᠲᠦᠯᠬᠢᠨ ᠠᠬᠢᠭᠤᠯᠤᠨ᠎ᠠ᠃ | ︵ᠭᠤᠷᠪᠠ︶ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠭᠦᠢᠴᠡᠳᠬᠡᠬᠦ᠃ ᠬᠤᠰᠢᠭᠤ ᠰᠢᠶᠠᠨ ︵ᠬᠤᠲᠠ᠂ | ᠲᠣᠭᠤᠷᠢᠭ︶ ᠤ ᠰᠠᠯᠠᠭ᠎ᠠ ᠮᠥᠴᠢᠷ ᠨᠢᠭᠡᠴᠢ ᠨᠢ ᠭᠥᠯᠢᠶᠡᠨ ᠠᠪᠤᠭᠰᠠᠨ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠶᠢᠨ ᠳᠡᠭᠡᠭᠰᠢ ᠮᠡᠳᠡᠭᠦᠯᠦᠭᠰᠡᠨ ᠪᠤᠶᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ ᠳᠤᠷᠠᠳᠤᠭᠰᠠᠨ | ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠠᠩᠰᠠᠯᠠᠨ ᠲᠡᠮᠳᠡᠭᠯᠡᠵᠦ᠂ ᠲᠤᠰ ᠰᠠᠯᠠᠭ᠎ᠠ ᠮᠥᠴᠢᠷ ᠨᠢᠭᠡᠴᠢ ᠶᠢᠨ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠪᠠᠯ᠂ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ | ᠣᠷᠣᠭᠤᠯᠵᠤ᠂ ᠲᠤᠰᠬᠠᠢ ᠬᠥᠮᠥᠨ ᠢ ᠲᠣᠳᠣᠷᠬᠠᠶᠢᠯᠠᠵᠤ ᠴᠠᠭ ᠲᠤᠬᠠᠢ ᠳᠤᠨᠢ ᠭᠦᠢᠴᠡᠳᠭᠡᠯᠭᠡᠨ᠎ᠡ᠃ ᠲᠤᠰ | ᠰᠢᠰᠲ᠋ᠧᠮ ᠤᠨ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠪᠠᠯ᠂ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠣᠷᠣᠭᠤᠯᠵᠤ᠂ ᠣᠯᠠᠨ ᠲᠦᠮᠡᠨ ᠢ | ᠣᠷᠣᠯᠠᠨ ᠳᠡᠭᠡᠳᠦ ᠱᠠᠲᠤᠨ ᠳᠤ ᠲᠤᠰᠬᠠᠬᠤ ᠶᠢᠨ ᠬᠠᠮᠲᠤ ᠭᠦᠢᠴᠡᠳᠬᠡᠬᠦ ᠶᠢ ᠢᠳᠡᠪᠬᠢᠲᠡᠢ ᠪᠠᠷ ᠲᠦᠯᠬᠢᠨ | ᠠᠭᠢᠭᠤᠯᠤᠨ᠎ᠠ᠃ ᠲᠤᠰ ᠰᠠᠯᠠᠭ᠎ᠠ ᠮᠥᠴᠢᠷ ᠨᠢᠭᠡᠴᠢ ᠪᠤᠶᠤ ᠲᠤᠰ ᠰᠢᠰᠲ᠋ᠧᠮ ᠤᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠬᠤ ᠦᠭᠡᠢ ᠪᠣᠯ ᠳᠡᠭᠡᠭᠰᠢ ᠮᠡᠳᠡᠭᠦᠯᠬᠦ ᠰᠠᠯᠠᠭ᠎ᠠ ᠮᠥᠴᠢᠷ ᠨᠢᠭᠡᠴᠢ ᠪᠤᠶᠤ ᠵᠠᠬᠢᠳᠠᠯ ᠰᠤᠷᠪᠤᠯᠵᠢᠯᠠᠯ ᠤᠨ | ᠣᠷᠣᠯᠠᠨ ᠭᠦᠢᠴᠡᠳᠭᠡᠭᠴᠢ ᠳᠤ ᠮᠡᠳᠡᠭᠳᠡᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠢᠢᠳᠪᠦᠷᠢᠯᠡᠬᠦ | ᠡᠷᠬᠡ ᠲᠠᠢ ᠰᠠᠯᠠᠭ᠎ᠠ ᠮᠥᠴᠢᠷ ᠨᠢᠭᠡᠴᠢ ᠳᠤ ᠳᠤᠷᠠᠳᠤᠨ᠎ᠠ᠃ | ︵ᠳᠥᠷᠪᠡ︶ ᠠᠶᠢᠮᠠᠭ ᠬᠤᠲᠠ ᠠᠴᠠ ᠭᠦᠢᠴᠡᠳᠬᠡᠬᠦ᠃ ᠠᠶᠢᠮᠠᠭ ᠬᠤᠲᠠ ᠶᠢᠨ ᠰᠠᠯᠠᠭ᠎ᠠ ᠮᠥᠴᠢᠷ ᠨᠢᠭᠡᠴᠢ ᠶᠢᠨ | ᠭᠥᠯᠢᠶᠡᠨ ᠠᠪᠤᠭᠰᠠᠨ ᠬᠤᠰᠢᠭᠤ ᠰᠢᠶᠠᠨ ︵ᠬᠤᠲᠠ᠂ ᠲᠣᠭᠤᠷᠢᠭ︶ ᠤ ᠳᠡᠭᠡᠭᠰᠢ ᠮᠡᠳᠡᠭᠦᠯᠦᠭᠰᠡᠨ ᠵᠠᠬᠢᠳᠠᠯ | ᠰᠤᠷᠪᠤᠯᠵᠢᠯᠠᠯ ᠤᠨ ᠵᠦᠢᠯᠡᠰ ᠨᠢ ᠲᠤᠰ ᠰᠠᠯᠠᠭ᠎ᠠ ᠮᠥᠴᠢᠷ ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠪᠠᠯ᠂ ᠲᠤᠰᠬᠠᠢ ᠬᠥᠮᠥᠨ ᠢ ᠲᠣᠳᠣᠷᠬᠠᠶᠢᠯᠠᠵᠤ ᠴᠠᠭ ᠲᠤᠬᠠᠢ ᠳᠤᠨᠢ ᠭᠦᠢᠴᠡᠳᠭᠡᠯᠭᠡᠨ᠎ᠡ᠃ ᠲᠤᠰ | ᠰᠢᠰᠲ᠋ᠧᠮ ᠤᠨ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠪᠠᠯ᠂ ᠣᠯᠠᠨ ᠲᠦᠮᠡᠨ ᠢ ᠣᠷᠣᠯᠠᠨ ᠳᠡᠭᠡᠳᠦ ᠱᠠᠲᠤᠨ ᠳᠤ ᠲᠤᠰᠬᠠᠬᠤ ᠶᠢᠨ ᠬᠠᠮᠲᠤ ᠭᠦᠢᠴᠡᠳᠬᠡᠬᠦ ᠶᠢ | ᠢᠳᠡᠪᠬᠢᠲᠡᠢ ᠪᠠᠷ ᠲᠦᠯᠬᠢᠨ ᠠᠭᠢᠭᠤᠯᠤᠨ᠎ᠠ᠃ ᠲᠤᠰ ᠰᠠᠯᠠᠭ᠎ᠠ ᠮᠥᠴᠢᠷ ᠨᠢᠭᠡᠴᠢ ᠪᠤᠶᠤ ᠲᠤᠰ ᠰᠢᠰᠲ᠋ᠧᠮ ᠤᠨ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠣᠯ ᠳᠡᠭᠡᠭᠰᠢ ᠮᠡᠳᠡᠭᠦᠯᠬᠦ ᠰᠠᠯᠠᠭ᠎ᠠ ᠮᠥᠴᠢᠷ ᠨᠢᠭᠡᠴᠢ ᠳᠤ | ᠮᠡᠳᠡᠭᠳᠡᠨ ᠠᠶᠢᠮᠠᠭ ᠬᠤᠲᠠ ᠶᠢᠨ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠳᠤ ᠳᠤᠷᠠᠳᠤᠨ᠎ᠠ᠃ | ︵ᠲᠠᠪᠤ︶ ᠥᠪᠡᠷᠲᠡᠭᠡᠨ ᠵᠠᠰᠠᠬᠤ ᠣᠷᠣᠨ ᠠᠴᠠ ᠭᠦᠢᠴᠡᠳᠬᠡᠬᠦ᠃ ᠥᠪᠡᠷᠲᠡᠭᠡᠨ ᠵᠠᠰᠠᠬᠤ ᠣᠷᠣᠨ ᠤ ᠰᠠᠯᠠᠭ᠎ᠠ | ᠮᠥᠴᠢᠷ ᠨᠢᠭᠡᠴᠢ ᠶᠢᠨ ᠭᠥᠯᠢᠶᠡᠨ ᠠᠪᠤᠭᠰᠠᠨ ᠠᠶᠢᠮᠠᠭ ᠬᠤᠲᠠ ᠶᠢᠨ ᠳᠡᠭᠡᠭᠰᠢ ᠮᠡᠳᠡᠭᠦᠯᠦᠭᠰᠡᠨ ᠵᠠᠬᠢᠳᠠᠯ | ᠰᠤᠷᠪᠤᠯᠵᠢᠯᠠᠯ ᠤᠨ ᠵᠦᠢᠯᠡᠰ ᠨᠢ ᠲᠤᠰ ᠰᠠᠯᠠᠭ᠎ᠠ ᠮᠥᠴᠢᠷ ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠪᠠᠯ᠂ ᠲᠤᠰᠬᠠᠢ ᠬᠥᠮᠥᠨ ᠢ ᠲᠣᠳᠣᠷᠬᠠᠶᠢᠯᠠᠵᠤ ᠴᠠᠭ ᠲᠤᠬᠠᠢ ᠳᠤᠨᠢ ᠭᠦᠢᠴᠡᠳᠭᠡᠯᠭᠡᠨ᠎ᠡ᠃ ᠲᠤᠰ | ᠰᠢᠰᠲ᠋ᠧᠮ ᠤᠨ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠡᠷᠬᠡ ᠲᠤᠰᠢᠶᠠᠯ ᠤᠨ ᠬᠡᠪᠴᠢᠶᠡᠨ ᠳᠤ | ᠬᠠᠷᠢᠶᠠᠯᠠᠭᠳᠠᠪᠠᠯ᠂ ᠣᠯᠠᠨ ᠲᠦᠮᠡᠨ ᠢ ᠣᠷᠣᠯᠠᠨ ᠳᠡᠭᠡᠳᠦ ᠱᠠᠲᠤᠨ ᠳᠤ ᠲᠤᠰᠬᠠᠬᠤ ᠶᠢᠨ ᠬᠠᠮᠲᠤ ᠭᠦᠢᠴᠡᠳᠬᠡᠬᠦ ᠶᠢ ᠨᠢ | ᠢᠳᠡᠪᠬᠢᠲᠡᠢ ᠪᠠᠷ ᠲᠦᠯᠬᠢᠨ ᠠᠭᠢᠭᠤᠯᠤᠨ᠎ᠠ᠃ ᠲᠤᠰ ᠰᠠᠯᠠᠭ᠎ᠠ ᠮᠥᠴᠢᠷ ᠨᠢᠭᠡᠴᠢ ᠪᠤᠶᠤ ᠲᠤᠰ ᠰᠢᠰᠲ᠋ᠧᠮ ᠤᠨ ᠡᠷᠬᠡ | ᠲᠤᠰᠢᠶᠠᠯ ᠤᠨ ᠬᠡᠪᠴᠢᠶᠡᠨ ᠳᠤ ᠬᠠᠷᠢᠶᠠᠯᠠᠭᠳᠠᠬᠤ ᠦᠭᠡᠢ ᠪᠣᠯ ᠳᠡᠭᠡᠭᠰᠢ ᠮᠡᠳᠡᠭᠦᠯᠬᠦ ᠰᠠᠯᠠᠭ᠎ᠠ ᠮᠥᠴᠢᠷ ᠲᠤ ᠮᠡᠳᠡᠭᠳᠡᠨ | ᠥᠪᠡᠷᠲᠡᠭᠡᠨ ᠵᠠᠰᠠᠬᠤ ᠣᠷᠣᠨ ᠤ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠳᠤ ᠳᠤᠷᠠᠳᠤᠨ᠎ᠠ᠃ | ︵ᠵᠢᠷᠭᠤᠭ᠎ᠠ︶ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠭᠦᠢᠴᠡᠳᠬᠡᠬᠦ᠃ ᠣᠯᠠᠨ ᠲᠦᠮᠡᠨ ᠬᠤᠰᠢᠭᠤ | ᠰᠢᠶᠠᠨ ︵ᠬᠤᠲᠠ᠂ ᠲᠣᠭᠤᠷᠢᠭ︶᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ | ᠰᠠᠯᠠᠭ᠎ᠠ ᠮᠥᠴᠢᠷ ᠲᠤ ᠪᠠᠶᠢᠳᠠᠯ ᠢᠶᠠᠨ ᠲᠤᠰᠬᠠᠵᠤ᠂ ᠭᠤᠮᠣᠳᠠᠯ ᠱᠠᠭᠠᠷᠳᠠᠯᠭ᠎ᠠ ᠪᠠᠨ ᠳᠤᠷᠠᠳᠤᠭᠰᠠᠨ ᠪᠣᠯ ᠵᠠᠬᠢᠳᠠᠯ | ᠰᠤᠷᠪᠤᠯᠵᠢᠯᠠᠯ ᠤᠨ ᠰᠠᠯᠠᠭ᠎ᠠ ᠮᠥᠴᠢᠷ ᠠᠴᠠ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠳᠤ ᠴᠠᠭ ᠲᠤᠬᠠᠢ | ᠳᠤᠨᠢ ᠳᠠᠮᠵᠢᠭᠤᠯᠤᠨ ᠬᠦᠷᠭᠡᠵᠦ᠂ ᠣᠷᠣᠯᠠᠨ ᠭᠦᠢᠴᠡᠳᠬᠡᠬᠦ ᠲᠡᠰ ᠳᠠᠷᠠᠭᠠᠯᠠᠯ ᠶᠣᠰᠣᠭᠠᠷ ᠭᠦᠢᠴᠡᠳᠬᠡᠨ | ᠰᠢᠢᠳᠪᠦᠷᠢᠯᠡᠬᠦ ᠶᠢ ᠠᠬᠢᠭᠤᠯᠤᠨ᠎ᠠ᠃ | ︵ᠳᠣᠯᠤᠭ᠎ᠠ︶ ᠴᠠᠭ ᠲᠤᠬᠠᠢ ᠳᠤᠨᠢ ᠮᠥᠷᠳᠡᠨ ᠳᠠᠭᠠᠵᠤ ᠬᠠᠷᠢᠭᠤ ᠲᠤᠰᠬᠠᠬᠤ᠃ ᠵᠠᠬᠢᠳᠠᠯ ᠰᠤᠷᠪᠤᠯᠵᠢᠯᠠᠯ ᠤᠨ | ᠣᠷᠣᠯᠠᠨ ᠭᠦᠢᠴᠡᠳᠬᠡᠬᠦ ᠵᠦᠢᠯᠡᠰ ᠢ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠳᠤ ᠰᠢᠯᠵᠢᠭᠦᠯᠦᠨ ᠥᠭᠴᠦ | ᠭᠦᠢᠴᠡᠳᠬᠡᠯᠭᠡᠬᠦ ᠴᠢᠬᠤᠯᠠᠲᠠᠢ ᠪᠠᠶᠢᠪᠠᠯ᠂ ᠪᠢᠴᠢᠭ ᠤᠨ ᠮᠡᠳᠡᠭᠦᠯᠦᠯᠲᠡ ᠲᠤᠰᠢᠶᠠᠵᠤ᠂ 3 ᠡᠳᠦᠷ ᠤᠨ ᠳᠣᠲᠣᠷ᠎ᠠ | ᠰᠢᠯᠵᠢᠭᠦᠯᠦᠨ ᠥᠭᠴᠦ ᠭᠦᠢᠴᠡᠳᠬᠡᠯᠭᠡᠬᠦ ᠶᠢᠨ ᠬᠠᠮᠲᠤ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠳᠤ | ᠭᠦᠢᠴᠡᠳᠬᠡᠭᠰᠡᠨ ᠪᠠᠶᠢᠳᠠᠯ ᠢᠶᠠᠨ ᠮᠡᠳᠡᠭᠳᠡᠨ᠎ᠡ᠃ ᠳᠡᠭᠡᠳᠦ ᠱᠠᠲᠤᠨ ᠤ ᠰᠠᠯᠠᠭ᠎ᠠ ᠮᠥᠴᠢᠷ ᠨᠢᠭᠡᠴᠢ ᠶᠢᠨ ᠬᠢᠨ 3 | ᠡᠳᠦᠷ ᠤᠨ ᠳᠣᠲᠣᠷ᠎ᠠ ᠭᠥᠯᠢᠶᠡᠨ ᠠᠪᠬᠤ ᠶᠢᠨ ᠬᠠᠮᠲᠤ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ | ᠰᠢᠰᠲ᠋ᠧᠮ ᠳᠤ ᠨᠤᠲᠠᠯᠠᠬᠤ ᠬᠡᠷᠡᠭᠲᠡᠢ᠃ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠠᠴᠠ ᠭᠦᠢᠴᠡᠳᠬᠡᠬᠦ | ᠦᠶᠡᠯᠡᠯ ᠤᠨ ᠬᠤᠭᠤᠴᠠᠭᠠᠨ ᠳᠠᠭᠠᠨ᠂ ᠭᠠᠷᠠᠭ ᠪᠦᠷᠢ ᠦᠨᠳᠦᠰᠦᠨ ᠱᠠᠲᠤᠨ ᠤ ᠨᠢᠭᠡᠴᠢ ᠪᠠ ᠵᠠᠬᠢᠳᠠᠯ ᠰᠤᠷᠪᠤᠯᠵᠢᠯᠠᠯ | ᠤᠨ ᠣᠷᠣᠯᠠᠨ ᠭᠦᠢᠴᠡᠳᠭᠡᠭᠴᠢ ᠳᠤ ᠭᠦᠢᠴᠡᠳᠬᠡᠭᠰᠡᠨ ᠪᠠᠶᠢᠳᠠᠯ ᠢᠶᠠᠨ ᠮᠡᠳᠡᠭᠳᠡᠵᠦ᠂ ᠵᠠᠬᠢᠳᠠᠯ ᠰᠤᠷᠪᠤᠯᠵᠢᠯᠠᠯ ᠤᠨ | ᠣᠷᠣᠯᠠᠨ ᠭᠦᠢᠴᠡᠳᠭᠡᠭᠴᠢ ᠠᠴᠠ ᠵᠠᠬᠢᠳᠠᠯ ᠰᠤᠷᠪᠤᠯᠵᠢᠯᠠᠯ ᠬᠢᠭᠰᠡᠨ ᠣᠯᠠᠨ ᠲᠦᠮᠡᠨ ᠳᠤ ᠬᠠᠷᠢᠭᠤ ᠲᠤᠰᠬᠠᠨ᠎ᠠ᠃ | ᠳᠣᠯᠤᠭ᠎ᠠ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠎ᠡ | ︽ᠣᠷᠣᠯᠠᠨ ᠭᠦᠢᠴᠡᠳᠭᠡᠭᠴᠢ ᠵᠢᠭᠰᠠᠭᠠᠨ ᠪᠠᠶᠢᠴᠠᠭᠠᠬᠤ + ᠬᠠᠷᠢᠭᠤᠴᠠᠯᠭᠠᠲᠤ ᠰᠠᠯᠠᠭ᠎ᠠ ᠮᠥᠴᠢᠷ ᠭᠦᠢᠴᠡᠳᠬᠡᠬᠦ | + ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠱᠠᠯᠠᠪᠳᠠᠭᠤᠯᠤᠨ ᠭᠦᠢᠴᠡᠳᠬᠡᠬᠦ + ᠤᠳᠤᠷᠢᠳᠬᠤ ᠺᠠᠳ᠋ᠷ ᠬᠡᠷᠡᠭ ᠢ | ᠳᠠᠭᠠᠭᠠᠴᠢᠯᠠᠬᠤ︾ᠣᠷᠣᠯᠠᠨ ᠭᠦᠢᠴᠡᠳᠬᠡᠬᠦ ᠠᠵᠢᠯ ᠤᠨ ᠰᠢᠰᠲ᠋ᠧᠮ ᠢ ᠪᠠᠶᠢᠭᠤᠯᠤᠨ᠎ᠠ᠃ ᠡᠯ᠎ᠡ ᠱᠠᠲᠤᠨ ᠤ ᠵᠠᠬᠢᠳᠠᠯ | ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠡᠷᠬᠡ ᠲᠠᠢ ᠰᠠᠯᠠᠭ᠎ᠠ ᠮᠥᠴᠢᠷ ᠨᠢᠭᠡᠴᠢ ᠨᠦᠭᠦᠳ ᠣᠷᠣᠯᠠᠨ | ᠭᠦᠢᠴᠡᠳᠬᠡᠬᠦ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ᠂ ᠭᠦᠢᠴᠡᠳᠬᠡᠬᠦ᠂ ᠵᠥᠪᠳᠡᠯᠴᠡᠬᠦ᠂ ᠬᠠᠷᠢᠭᠤ ᠲᠤᠰᠬᠠᠬᠤ | ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ | ᠠᠶᠢᠮᠠᠭ ᠬᠤᠲᠠ᠂ ᠠᠶᠢᠮᠠᠭ ᠬᠤᠲᠠ ᠠᠴᠠ ᠥᠪᠡᠷᠲᠡᠭᠡᠨ ᠵᠠᠰᠠᠬᠤ ᠣᠷᠣᠨ ᠬᠦᠷᠲᠡᠯᠡᠬᠢ ᠣᠷᠣᠯᠠᠨ ᠭᠦᠢᠴᠡᠳᠬᠡᠬᠦ | ᠠᠷᠭ᠎ᠠ ᠵᠠᠮ ᠢ ᠰᠢᠯᠤᠭᠤᠳᠬᠠᠬᠤ ᠬᠡᠷᠡᠭᠲᠡᠢ᠃ ᠰᠦᠯᠵᠢᠶᠡᠨ ᠳᠡᠭᠡᠷ᠎ᠡ ᠣᠷᠣᠯᠠᠨ ᠭᠦᠢᠴᠡᠳᠬᠡᠬᠦ ᠶᠢ ᠴᠢᠩᠭᠠᠳᠬᠠᠵᠤ᠂ | ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ ᠬᠡᠷᠡᠭᠯᠡᠨ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠦᠷ᠎ᠡ | ᠪᠦᠲᠦᠮᠵᠢ ᠶᠢ ᠳᠡᠭᠡᠭᠰᠢᠯᠡᠭᠦᠯᠭᠦ ᠶᠢ ᠴᠢᠬᠤᠯᠠᠴᠢᠯᠠᠨ᠎ᠠ᠃ | ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ᠂ ᠣᠯᠠᠨ ᠰᠠᠯᠠᠭ᠎ᠠ ᠮᠥᠴᠢᠷ ᠨᠢᠭᠡᠴᠢ ᠶᠢᠨ ᠡᠭᠦᠷᠭᠡ ᠴᠢᠳᠠᠪᠬᠢ | ᠲᠤᠰᠢᠶᠠᠯ ᠬᠠᠷᠢᠭᠤᠴᠠᠯᠭ᠎ᠠ ᠳᠤ ᠬᠤᠯᠪᠣᠭᠳᠠᠬᠤ ᠵᠦᠢᠯᠡᠰ ᠢ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠡᠴᠢ ᠵᠥᠪᠳᠡᠯᠴᠡᠨ | ᠭᠦᠢᠴᠡᠳᠬᠡᠨ ᠰᠢᠢᠳᠪᠦᠷᠢᠯᠡᠬᠦ ᠰᠠᠨᠠᠯ ᠳᠤᠷᠠᠳᠴᠤ᠂ ᠴᠢᠬᠤᠯᠠᠲᠠᠢ ᠦᠶᠡᠰ ᠲᠤᠰ ᠱᠠᠲᠤᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠳᠤ ᠳᠡᠪᠰᠢᠭᠦᠯᠦᠨ ᠰᠤᠳᠤᠯᠤᠭᠤᠯᠵᠤ᠂ ᠨᠡᠶᠢᠲᠡᠯᠢᠭ ᠴᠢᠨᠠᠷᠲᠠᠢ | ᠬᠦᠴᠢᠷ ᠲᠦᠪᠡᠭᠲᠡᠢ ᠨᠠᠷᠢᠨ ᠪᠤᠳᠤᠯᠢᠶᠠᠨᠲᠠᠢ ᠵᠦᠢᠯᠡᠰ ᠢ ᠨᠠᠮ ᠤᠨ ᠬᠤᠷᠢᠶ᠎ᠠ ᠶᠢᠨ ᠬᠢᠨᠠᠯᠲᠠ ᠲᠠᠯᠪᠢᠬᠤ ᠨᠡᠪᠲᠡᠷᠡᠭᠦᠯᠦᠨ | ᠵᠣᠬᠢᠴᠠᠭᠤᠯᠬᠤ ᠲᠠᠪᠴᠠᠩ ᠳᠤ ᠣᠷᠣᠭᠤᠯᠤᠨ ᠰᠢᠢᠳᠪᠦᠷᠢᠯᠡᠬᠦ ᠶᠢ ᠠᠬᠢᠭᠤᠯᠤᠨ᠎ᠠ᠃ ᠡᠯ᠎ᠡ ᠱᠠᠲᠤᠨ ᠤ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ᠂ ᠡᠯ᠎ᠡ ᠰᠠᠯᠠᠭ᠎ᠠ ᠮᠥᠴᠢᠷ ᠤᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠪᠠᠶᠢᠭᠤᠯᠤᠮᠵᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠩᠬᠠᠷᠴᠤ᠂ | ᠴᠠᠭ ᠲᠤᠬᠠᠢ ᠳᠤᠨᠢ ᠲᠣᠬᠢᠷᠠᠭᠤᠯᠤᠨ ᠠᠬᠢᠭᠤᠯᠵᠤ᠂ ᠳᠦᠷᠢᠮ ᠲᠣᠭᠲᠠᠴᠠ ᠶᠢ ᠲᠡᠭᠦᠯᠳᠡᠷᠵᠢᠭᠦᠯᠦᠨ᠂ ᠠᠵᠢᠯ ᠤᠨ | ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ᠃ ᠲᠤᠰ ᠭᠠᠵᠠᠷ ᠣᠷᠣᠨ ᠲᠤᠰ ᠰᠠᠯᠠᠭ᠎ᠠ ᠮᠥᠴᠢᠷ ᠲᠤᠰ | ᠨᠢᠭᠡᠴᠢ ᠶᠢᠨ ᠵᠠᠬᠢᠳᠠᠯ ᠰᠤᠷᠪᠤᠯᠵᠢᠯᠠᠯ ᠤᠨ ᠵᠦᠢᠯᠡᠰ ᠢ ᠭᠦᠢᠴᠡᠳᠬᠡᠨ ᠰᠢᠢᠳᠪᠦᠷᠢᠯᠡᠵᠦ ᠪᠠᠶᠢᠭ᠎ᠠ ᠪᠠᠶᠢᠳᠠᠯ ᠳᠤ | ᠲᠣᠭᠲᠠᠮᠠᠯ ᠬᠤᠭᠤᠴᠠᠭ᠎ᠠ ᠲᠠᠢ ᠪᠠᠷ ᠲᠣᠬᠢᠷᠠᠭᠤᠯᠤᠯᠲᠠ ᠬᠢᠵᠦ᠂ ᠠᠯᠭᠤᠷ ᠤᠳᠠᠭᠠᠨ ᠰᠢᠢᠳᠪᠦᠷᠢᠯᠡᠵᠦ ᠪᠠᠶᠢᠭ᠎ᠠ ᠶᠢ ᠨᠢ | ᠮᠥᠷᠳᠡᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠵᠦ᠂ ᠴᠢᠬᠤᠯᠠᠲᠠᠢ ᠦᠶ᠎ᠡ ᠳᠤ ᠱᠠᠲᠤ ᠳᠡᠪᠰᠢᠭᠦᠯᠦᠨ | ᠰᠢᠢᠳᠪᠦᠷᠢᠯᠡᠭᠦᠯᠬᠦ᠂ ᠫᠠᠶᠢᠰᠠ ᠡᠯᠭᠦᠨ ᠱᠠᠯᠠᠪᠳᠠᠭᠤᠯᠤᠨ ᠰᠢᠢᠳᠪᠦᠷᠢᠯᠡᠭᠦᠯᠬᠦ ᠪᠤᠶᠤ ᠤᠳᠤᠷᠢᠳᠬᠤ ᠺᠠᠳᠠᠷ ᠲᠤ | ᠳᠡᠪᠰᠢᠭᠦᠯᠦᠨ ᠬᠡᠷᠡᠭ ᠢ ᠳᠠᠭᠠᠭᠠᠴᠢᠯᠠᠭᠤᠯᠵᠤ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠵᠦᠢᠯᠡᠰ ᠢ | ᠪᠣᠳᠠᠲᠠᠢ ᠰᠢᠢᠳᠪᠦᠷᠢᠯᠡᠬᠦ ᠶᠢ ᠠᠬᠢᠭᠤᠯᠤᠨ᠎ᠠ᠃ | ᠨᠠᠢᠮᠠ᠂ ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠶᠢᠨ ᠣᠯᠭᠤᠮᠵᠢ ᠪᠠᠲᠤᠯᠠᠭ᠎ᠠ ᠶᠢ | ᠨᠠᠶᠢᠳᠠᠪᠤᠷᠢᠵᠢᠭᠤᠯᠤᠨ᠎ᠠ | ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠬᠡᠬᠦ ᠠᠵᠢᠯ ᠤᠨ ᠬᠡᠷᠡᠭᠰᠡᠬᠦ ᠵᠠᠷᠤᠳᠠᠯ ᠢ ᠡᠳ᠋ ᠤᠨ ᠵᠠᠰᠠᠭ ᠤᠨ ᠲᠥᠰᠥᠪ ᠲᠡᠭᠡᠨ ᠣᠷᠣᠭᠤᠯᠬᠤ ᠬᠡᠷᠡᠭᠲᠡᠢ᠃ | ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠢ ᠶᠢᠨ ᠠᠵᠢᠯᠲᠠᠨ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠭᠡᠭᠴᠢ ᠪᠣᠯᠤᠭᠰᠠᠨ ᠪᠠᠶᠢᠪᠠᠯ᠂ ᠵᠠᠮ ᠬᠠᠷᠢᠯᠴᠠᠭ᠎ᠠ᠂ ᠬᠤᠭᠤᠯᠠ ᠠᠴᠠ ᠰᠠᠭᠠᠲᠠᠭᠰᠠᠨ᠂ ᠬᠤᠨᠤᠭ ᠤᠨ ᠵᠠᠷᠤᠳᠠᠯ | ᠵᠡᠷᠭᠡ ᠶᠢ ᠪᠠᠶᠢᠭ᠎ᠠ ᠨᠢᠭᠡᠴᠢ ᠠᠴᠠ ᠨᠢ ᠲᠣᠭᠲᠠᠭᠠᠯ ᠶᠣᠰᠣᠭᠠᠷ ᠳᠠᠩᠰᠡᠠ ᠠᠴᠠ ᠲᠠᠶᠢᠯᠵᠤ ᠥᠭᠭᠦᠨ᠎ᠡ᠃ ᠪᠤᠰᠤᠳ | ᠵᠠᠬᠢᠳᠠᠯ ᠰᠤᠷᠪᠤᠯᠵᠢᠯᠠᠯ ᠤᠨ ᠣᠷᠣᠯᠠᠨ ᠭᠦᠢᠴᠡᠳᠭᠡᠭᠴᠢ ᠳᠤ ᠱᠠᠩᠨᠠᠨ ᠨᠥᠬᠦᠪᠦᠷᠢᠯᠡᠬᠦ ᠳᠦᠷᠢᠮ ᠢ ᠬᠡᠷᠡᠭᠵᠢᠭᠦᠯᠵᠦ᠂ | ᠣᠷᠣᠯᠠᠨ ᠭᠦᠢᠴᠡᠳᠬᠡᠬᠦ ᠵᠦᠢᠯᠡᠰ ᠤᠨ ᠬᠡᠷᠡᠭ ᠢ ᠰᠢᠢᠳᠪᠦᠷᠢᠯᠡᠵᠦ ᠳᠠᠭᠤᠰᠬᠠᠭᠰᠠᠨ᠂ ᠣᠯᠠᠨ ᠲᠦᠮᠡᠨ ᠵᠠᠷᠭᠤ ᠪᠠᠨ | ᠵᠣᠭᠰᠣᠭᠠᠵᠤ ᠰᠤᠷᠪᠤᠯᠵᠢᠯᠠᠯ ᠬᠢᠬᠦ ᠪᠠᠨ ᠪᠣᠯᠢᠭᠰᠠᠨ ᠪᠣᠯ᠂ ︽ᠨᠢᠭᠡ ᠶᠠᠪᠤᠳᠠᠯ ᠳᠤ ᠨᠢᠭᠡ ᠨᠥᠬᠦᠪᠦᠷᠢ ᠥᠭᠬᠦ︾ ᠵᠠᠷᠴᠢᠮ | ᠶᠣᠰᠣᠭᠠᠷ᠂ ᠣᠷᠣᠯᠠᠨ ᠭᠦᠢᠴᠡᠳᠬᠡᠭᠰᠡᠨ ᠵᠦᠢᠯᠡᠰ ᠤᠨ ᠬᠦᠴᠢᠷ ᠪᠠ ᠭᠢᠯᠪᠠᠷ ᠤᠨ ᠬᠡᠮᠵᠢᠶ᠎ᠡ᠂ ᠣᠷᠣᠯᠠᠨ ᠭᠦᠢᠴᠡᠳᠬᠡᠭᠰᠡᠨ | ᠥᠪᠡᠷ ᠤᠨ ᠥᠷᠲᠡᠭ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ ᠱᠠᠩᠨᠠᠬᠤ ᠪᠤᠶᠤ ᠨᠥᠬᠦᠪᠦᠷᠢ | ᠥᠭᠭᠦᠨ᠎ᠡ᠂ ᠪᠣᠳᠠᠲᠠᠢ ᠱᠠᠩᠨᠠᠨ ᠨᠥᠬᠦᠪᠦᠷᠢᠯᠡᠬᠦ ᠠᠷᠭ᠎ᠠ ᠶᠢ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ | ᠠᠴᠠ ᠪᠣᠳᠠᠲᠠᠢ ᠲᠠᠢ ᠪᠠᠨ ᠤᠶᠠᠯᠳᠤᠭᠤᠯᠤᠨ ᠲᠣᠭᠲᠠᠭᠠᠨ᠎ᠠ᠃ | ᠶᠢᠰᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠵᠠᠬᠢᠳᠠᠯ ᠰᠤᠷᠪᠤᠯᠵᠢᠯᠠᠯ ᠤᠨ ᠣᠷᠣᠯᠠᠨ | ᠭᠦᠢᠴᠡᠳᠬᠡᠬᠦ ᠳᠦᠷᠢᠮ ᠢ ᠬᠡᠷᠡᠭᠵᠢᠭᠦᠯᠬᠦ ᠶᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠵᠤ᠂ | ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠬᠡᠷᠡᠭᠲᠡᠢ᠃ ᠵᠠᠬᠢᠳᠠᠯ | ᠰᠤᠷᠪᠤᠯᠵᠢᠯᠠᠯ ᠤᠨ ᠣᠷᠣᠯᠠᠨ ᠭᠦᠢᠴᠡᠳᠬᠡᠬᠦ ᠠᠵᠢᠯ ᠢ ᠥᠷᠨᠢᠭᠦᠯᠦᠭᠰᠡᠨ ᠪᠠᠶᠢᠳᠠᠯ ᠢ ᠤᠳᠤᠷᠢᠳᠬᠤ ᠪᠠᠭ ᠪᠣᠯᠣᠨ | ᠤᠳᠤᠷᠢᠳᠬᠤ ᠺᠠᠳ᠋ᠷ ᠤᠨ ᠨᠠᠮ ᠤᠨ ᠪᠠᠶᠢᠭᠤᠯᠤᠯᠲᠠ ᠶᠢᠨ ᠲᠤᠰᠢᠶᠠᠯ ᠤᠨ ᠮᠡᠳᠡᠭᠦᠯᠦᠯᠲᠡ᠂ ᠪᠣᠳᠠᠲᠤ ᠠᠵᠢᠯ ᠤᠨ | ᠪᠦᠳᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠤᠨ | ᠬᠡᠷᠡᠭᠯᠡᠯᠲᠡ ᠶᠢ ᠴᠢᠩᠭᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ | ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠪᠠ | ᠱᠠᠯᠠᠪᠳᠠᠭᠤᠯᠤᠨ ᠵᠢᠯᠤᠭᠤᠳᠬᠤ ᠪᠠᠨ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ | ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ᠡᠯ᠎ᠡ ᠱᠠᠲᠤᠨ ᠤ ᠤᠬᠠᠭᠤᠯᠬᠤ ᠰᠠᠯᠠᠭ᠎ᠠ ᠮᠥᠴᠢᠷ ᠤᠳ ᠵᠠᠬᠢᠳᠠᠯ | ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠤᠨ ᠤᠬᠠᠭᠤᠯᠭ᠎ᠠ ᠪᠠᠨ ᠴᠢᠩᠭᠠᠳᠬᠠᠵᠤ᠂ ᠰᠠᠶᠢᠨ ᠰᠠᠶᠢᠬᠠᠨ | ᠨᠡᠶᠢᠭᠡᠮ ᠤᠨ ᠠᠭᠤᠷ ᠠᠮᠢᠰᠬᠤᠯ ᠢ ᠪᠤᠶ ᠪᠤᠯᠭᠠᠬᠤ ᠬᠡᠷᠡᠭᠲᠡᠢ᠃ ᠡᠯ᠎ᠡ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠪᠠᠶᠢᠭᠤᠯᠭ᠎ᠠ ᠵᠠᠬᠢᠳᠠᠯ ᠰᠤᠷᠪᠤᠯᠵᠢᠯᠠᠯ ᠢ ᠣᠷᠣᠯᠠᠨ ᠭᠦᠢᠴᠡᠳᠬᠡᠬᠦ ᠠᠵᠢᠯ ᠢ ᠬᠢᠨᠠᠯᠲᠠ ᠲᠠᠯᠪᠢᠵᠤ | ᠰᠠᠬᠢᠯᠭ᠎ᠠ ᠪᠠᠲᠤ ᠶᠢ ᠬᠡᠷᠡᠭᠵᠢᠭᠦᠯᠬᠦ ᠬᠡᠪᠴᠢᠶᠡᠨ ᠳᠤ ᠣᠷᠣᠭᠤᠯᠵᠤ᠂ ᠠᠯᠪᠠ ᠬᠠᠰᠢᠵᠤ ᠠᠮᠠ ᠪᠥᠭᠯᠡᠭᠰᠡᠨ᠂ ᠲᠤᠰᠢᠶᠠᠯ | ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠭᠰᠡᠨ ᠦᠭᠡᠢ ᠨᠢᠭᠡᠴᠢ ᠪᠣᠯᠣᠨ ᠬᠤᠪᠢ ᠬᠥᠮᠥᠨ ᠠᠴᠠ ᠳᠦᠷᠢᠮ | ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠲᠣᠰ ᠰᠠᠨᠠᠯ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠳᠤᠮᠳᠠᠬᠢ ᠴᠢᠬᠤᠯᠠ ᠠᠰᠠᠭᠤᠳᠠᠯ ᠪᠣᠯᠣᠨ ᠴᠢᠬᠤᠯᠠ ᠶᠡᠭᠡ ᠪᠠᠶᠢᠳᠠᠯ ᠢ ᠴᠠᠭ ᠲᠤᠬᠠᠢ ᠳᠤᠨᠢ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠳᠤ ᠮᠡᠳᠡᠭᠦᠯᠦᠨ ᠵᠢᠭᠠᠪᠤᠷᠢ ᠠᠪᠬᠤ ᠬᠡᠷᠡᠭᠲᠡᠢ᠃ | | | |