ᠦᠴᠦᠸᠠᠨ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠦᠴᠦᠸᠠᠨ ᠰᠢᠶᠠᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠵᠢᠯ ᠤᠨ ᠲᠣᠬᠢᠷᠠᠭᠤᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/24
     ᠦᠴᠦᠸᠠᠨ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠦᠴᠦᠸᠠᠨ ᠰᠢᠶᠠᠨ ᠤ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠠᠵᠢᠯ ᠤᠨ ᠲᠣᠬᠢᠷᠠᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠂ ᠬᠤᠷᠠᠯ ᠢ ᠦᠴᠦᠸᠠᠨ ᠰᠢᠶᠠᠨ ᠤ ᠨᠠᠮ ᠤᠨ ᠬᠤᠷᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠪᠠᠶᠢᠩᠭᠤ ᠶᠢᠨ ᠳᠡᠳ᠋ ᠱᠦᠵᠢ ᠭᠦᠸᠧ ᠶᠢᠨ ᠯᠦᠩ ᠡᠷᠬᠢᠯᠡᠵᠦ᠂ ᠲᠤᠰᠬᠠᠢ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠢ ᠶᠢᠨ ᠠᠵᠢᠯᠲᠠᠳ ᠬᠤᠷᠠᠯ ᠳᠤ ᠣᠷᠤᠯᠴᠠᠪᠠ᠃
     ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ᠂ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠬᠡᠷᠡᠭᠲᠡᠢ᠃ ᠡᠯ᠎ᠡ ᠪᠦᠷᠢᠯᠳᠦᠭᠦᠨ ᠨᠢᠭᠡᠴᠢ ᠶᠢᠨ ᠬᠢᠨ ᠣᠳᠣᠬᠠᠨ ᠤ ᠠᠵᠢᠯ ᠳᠤ ᠲᠤᠯᠭᠠᠷᠠᠵᠤ ᠪᠠᠶᠢᠭ᠎ᠠ ᠪᠠᠴᠢᠮ ᠲᠤᠯᠭᠠᠮ᠎ᠠ ᠪᠠᠶᠢᠳᠠᠯ ᠢ ᠲᠣᠳᠣᠷᠬᠠᠢ ᠲᠠᠨᠢᠵᠤ᠂ ᠭᠤᠣᠯ ᠤᠳᠤᠷᠢᠳᠤᠯᠭ᠎ᠠ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠤᠣᠯᠯᠠᠭᠴᠢ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠵᠤ᠂ ᠬᠠᠷᠢᠭᠤᠴᠠᠯᠭ᠎ᠠ ᠡᠭᠦᠷᠭᠡᠯᠡᠬᠦ ᠪᠠᠨ ᠲᠠᠰᠤᠷᠠᠯᠲᠠ ᠦᠭᠡᠢ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠪᠡᠶ᠎ᠡ ᠪᠠᠷ ᠢᠶᠠᠨ ᠨᠡᠪᠲᠡᠷᠡᠯᠴᠡᠵᠦ᠂ ᠤᠶᠤᠨ ᠴᠢᠳᠠᠯ ᠢᠶᠠᠨ ᠲᠥᠪᠯᠡᠷᠡᠭᠦᠯᠦᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ᠃ ᠬᠤᠶᠠᠷ ᠲᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠲᠥᠰᠥᠯ᠂ ᠠᠵᠢᠯ ᠤᠨ ᠭᠤᠣᠯᠳᠠᠯᠭ᠎ᠠ᠂ ᠡᠭᠦᠷᠭᠡ ᠶᠢᠨ ᠨᠠᠷᠢᠨ ᠬᠠᠭᠤᠳᠠᠰᠤ᠂ ᠬᠢᠨᠠᠨ ᠰᠢᠯᠭᠠᠬᠤ ᠨᠠᠷᠢᠨ ᠳᠦᠷᠢᠮ ᠲᠠᠢ ᠬᠠᠷᠢᠴᠠᠭᠤᠯᠤᠨ ᠵᠦᠢᠯ ᠵᠤᠷᠪᠤᠰ ᠳᠠᠷᠠᠭᠠᠯᠠᠨ ᠨᠠᠷᠢᠨ ᠬᠢᠨᠠᠮᠠᠭᠠᠢ ᠡᠮᠬᠢᠯᠡᠨ ᠳᠢᠭᠯᠡᠬᠦ ᠶᠢᠨ ᠬᠠᠮᠲᠤ᠂ ︽ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢ ᠨᠢᠭᠡ ᠴᠣᠭᠴᠠᠵᠢᠭᠤᠯᠤᠨ ᠲᠥᠯᠥᠪᠵᠢᠭᠦᠯᠦᠨ ᠪᠠᠶᠢᠷᠢᠯᠠᠭᠤᠯᠵᠤ᠂ ᠬᠠᠮᠵᠢᠯᠴᠠᠨ ᠠᠬᠢᠭᠤᠯᠤᠨ ᠨᠠᠶᠢᠳᠠᠪᠤᠷᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠪᠣᠳᠠᠲᠤ ᠪᠠᠶᠢᠳᠠᠯ ᠳᠤᠨᠢ ᠳᠣᠬᠢᠷᠠᠭᠤᠯᠵᠦ᠂ ᠴᠠᠭ ᠲᠤᠬᠠᠢ ᠳᠤᠨᠢ ᠳᠤᠲᠠᠭᠳᠠᠯ ᠢ ᠪᠠᠶᠢᠴᠠᠭᠠᠨ ᠨᠥᠬᠦᠪᠦᠷᠢᠯᠡᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠰᠠᠶᠢᠲᠤᠷ ᠭᠦᠢᠴᠡᠳᠬᠡᠬᠦ ᠬᠡᠷᠡᠭᠲᠡᠢ᠃ ᠭᠤᠷᠪᠠ ᠳᠤ᠂ ᠠᠵᠢᠯ ᠤᠨ ᠭᠢᠯᠠᠰ ᠴᠡᠭ ᠢ ᠡᠮᠬᠢᠯᠡᠨ ᠳ᠋ᠦᠩᠨᠡᠬᠦ ᠬᠡᠷᠡᠭᠲᠡᠢ᠃ ᠡᠯ᠎ᠡ ᠨᠢᠭᠡᠴᠢ ᠶᠢᠨ ᠬᠢᠨ ᠠᠵᠢᠯ ᠤᠨ ᠬᠢᠯᠠᠰ ᠴᠡᠭ ᠢᠶᠠᠨ ᠭᠦᠨᠵᠡᠭᠡᠢ ᠠᠭᠤᠳᠠᠯᠵᠤ᠂ ᠦᠷ᠎ᠡ ᠪᠦᠲᠦᠮᠵᠢ ᠣᠯᠵᠤ᠂ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠨ ᠴᠠᠭ ᠲᠤᠬᠠᠢ ᠳᠤᠨᠢ ᠳ᠋ᠦᠩᠨᠡᠨ ᠪᠣᠯᠪᠠᠰᠤᠷᠠᠭᠤᠯᠵᠤ᠂ ᠮᠠᠨ ᠤ ᠰᠢᠶᠠᠨ ᠤ ᠡᠯ᠎ᠡ ᠵᠦᠢᠯ ᠤᠨ ᠠᠵᠢᠯ ᠤᠨ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠴᠢᠨᠠᠭᠰᠢᠳᠠ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠢᠷᠡᠯᠲᠡ᠄ ᠦᠴᠦᠸᠠᠨ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠵᠥᠪᠯᠡᠯ ᠤᠨ ᠨᠠᠶᠢᠲᠡ ᠶᠢᠨ ᠳ᠋ᠤᠭᠠᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号