ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠤᠭᠴᠢᠳ ᠢ ᠵᠣᠬᠢᠶᠠᠨ ᠪᠠᠶᠢᠭᠤᠯᠵᠤ  ᠪᠡᠭᠡᠵᠢᠩ ᠳᠤ ᠣᠴᠢᠭᠤᠯᠵᠤ ᠰᠤᠳᠤᠯᠤᠨ ᠰᠤᠷᠤᠯᠴᠠᠬᠤ ᠠᠵᠢᠯᠯᠠᠭ᠎ᠠ ᠳᠤ ᠣᠷᠣᠯᠴᠠᠭᠤᠯᠪᠠ
ᠨᠡᠶᠢᠲᠡᠯᠡᠭᠰᠡᠨ ᠴᠠᠭ᠄
2024/1/24
     1 ᠰᠠᠷ᠎ᠠ ᠶᠢᠨ 20 ᠤ ᠡᠳᠦᠷ ᠤᠨ ᠦᠳᠡ ᠶᠢᠨ ᠡᠮᠦᠨ᠎ᠡ᠂ ᠦᠴᠦᠸᠠᠨ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ ᠪᠣᠯᠣᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠠᠩᠬ᠎ᠠ ᠳᠤᠮᠳᠠᠳᠤ ᠶᠢᠨ ᠨᠢᠭᠡᠳᠦᠭᠡᠷ ᠣᠨ ᠤ 70 ᠰᠣᠷᠣᠭᠴᠢ ᠪᠡᠭᠡᠵᠢᠩ ᠤᠨ ᠡᠪᠦᠯ ᠤᠨ ᠤᠯᠠᠷᠢᠯ ᠤᠨ ᠬᠤᠸᠠᠷᠠᠨ ᠤ ᠲᠠᠪᠤᠨ ᠡᠳᠦᠷ ᠤᠨ ᠰᠤᠳᠤᠯᠤᠨ ᠰᠤᠷᠤᠯᠴᠠᠬᠤ ᠠᠶᠠᠯᠠᠯ ᠢᠶᠠᠨ ᠡᠬᠢᠯᠡᠭᠦᠯᠪᠡ᠂ ᠲᠣᠰ ᠤᠳᠠᠭᠠᠨ ᠤ ᠡᠪᠦᠯ ᠤᠨ ᠤᠯᠠᠷᠢᠯ ᠤᠨ ᠬᠤᠸᠠᠷᠠᠨ ᠤ ᠠᠵᠢᠯᠯᠠᠭ᠎ᠠ ᠪᠣᠯ ᠦᠴᠦᠸᠠᠨ ᠰᠢᠶᠠᠨ ᠪᠣᠯᠣᠨ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠬᠠᠮᠲᠤᠷᠠᠨ ᠰᠤᠷᠭᠠᠭᠤᠯᠢ ᠡᠷᠭᠢᠯᠡᠭᠰᠡᠨ ᠠᠴᠠ ᠨᠠᠰᠢᠬᠢ ᠠᠩᠬᠠᠳᠠᠭᠴᠢ ᠰᠤᠳᠤᠯᠤᠨ ᠰᠤᠷᠤᠯᠴᠠᠬᠤ ᠠᠵᠢᠯᠯᠠᠭ᠎ᠠ ᠪᠣᠯᠣᠨ᠎ᠠ᠃      ᠲᠣᠰ ᠤᠳᠠᠭᠠᠨ ᠤ ᠰᠤᠳᠤᠯᠤᠨ ᠰᠤᠷᠤᠯᠴᠠᠬᠤ ᠠᠭᠤᠯᠭ᠎ᠠ ᠳᠤ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠴᠢᠩᠬᠤᠸᠠ ᠶᠡᠭᠡ ᠰᠤᠷᠭᠠᠭᠤᠯᠢ᠂ ᠵᠢᠦᠢ ᠶᠦᠩ ᠭᠤᠸᠠᠨ ᠪᠣᠭᠤᠮᠲᠠ ᠶᠢᠨ ᠣᠷᠳᠣ ᠴᠠᠭᠠᠨ ᠬᠡᠷᠡᠮ᠂ ᠣᠯᠢᠮᠫᠢᠺ ᠤᠨ ᠪᠡᠶ᠎ᠡ ᠶᠢᠨ ᠲᠠᠮᠢᠷ ᠤᠨ ᠲᠥᠪ᠂ ᠴᠡᠷᠢᠭ ᠤᠨ ᠶᠠᠪᠤᠳᠠᠯ ᠤᠨ ᠮᠦᠽᠧᠢ᠂ ᠲᠡᠯᠡᠶ ᠶᠢᠨ ᠶᠢᠷᠲᠢᠨᠴᠦ ᠶᠢ ᠲᠣᠭᠤᠷᠢᠨ ᠦᠵᠡᠭᠰᠡᠨ ᠪᠥᠭᠡᠳ ᠤᠯᠤᠰ ᠤᠨ ᠳᠣᠲᠣᠭᠠᠳᠤ ᠶᠢᠨ ᠣᠯᠠᠨ ᠨᠠᠷᠠᠲᠤ ᠲᠤᠰᠬᠠᠢ ᠮᠡᠷᠭᠡᠵᠢᠯᠲᠡᠨ ᠤ ᠭᠤᠣᠯ ᠰᠡᠳᠦᠪᠲᠦ ᠬᠢᠴᠢᠶᠡᠯ ᠤᠨ ᠲᠠᠶᠢᠯᠤᠮᠵᠢ ᠳᠤ ᠣᠷᠣᠯᠴᠠᠪᠠ᠂ ᠠᠵᠢᠯᠯᠠᠭ᠎ᠠ ᠨᠢ ᠪᠠᠶᠠᠯᠢᠭ ᠰᠠᠶᠢᠬᠠᠨ᠂ ᠬᠡᠯᠪᠡᠷᠢ ᠮᠠᠶ᠋ᠢᠭ ᠨᠢ ᠣᠯᠠᠨ ᠶᠠᠩᠵᠤ ᠶᠢᠨ ᠪᠣᠯᠣᠨ᠎ᠠ᠃
     ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠤᠨ ᠳᠠᠭᠠᠭᠤᠯᠭ᠎ᠠ ᠪᠠᠷ᠂ ᠦᠴᠦᠸᠠᠨ ᠤ ᠰᠤᠷᠤᠭᠴᠢᠳ ᠠᠭᠤᠯᠠᠨ ᠠᠴᠠ ᠭᠠᠷᠴᠤ᠂ ᠨᠡᠶᠢᠰᠯᠡᠯ ᠳᠤ ᠬᠦᠷᠴᠦ᠂ ᠨᠡᠶᠢᠰᠯᠡᠯ ᠤᠨ ᠠᠮᠢᠳᠤᠷᠠᠯ ᠢ ᠣᠶᠢᠯᠠᠭᠠᠵᠤ᠂ ᠨᠡᠶᠢᠰᠯᠡᠯ ᠤᠨ ᠭᠦᠨ ᠵᠤᠵᠠᠭᠠᠨ ᠰᠣᠶᠣᠯ ᠤᠨ ᠠᠭᠤᠯᠬᠤᠨ ᠢ ᠣᠶᠢᠯᠠᠭᠠᠪᠠ᠃ ᠲᠣᠰ ᠤᠳᠠᠭᠠᠨ ᠤ ᠪᠡᠭᠡᠵᠢᠩ ᠤᠨ ᠡᠪᠦᠯ ᠤᠨ ᠤᠯᠠᠷᠢᠯ ᠤᠨ ᠬᠤᠸᠠᠷᠠᠨ ᠤ ᠠᠵᠢᠯᠯᠠᠭ᠎ᠠ ᠪᠣᠯ ᠨᠢᠭᠡᠨ ᠰᠠᠶᠢᠨ ᠰᠠᠶᠢᠬᠠᠨ ᠡᠬᠢᠯᠡᠯᠲᠡ ᠮᠥᠨ᠂ ᠰᠤᠷᠤᠭᠴᠢᠳ ᠠᠯᠬᠤᠬᠤ ᠳᠤᠮᠳᠠ ᠪᠠᠨ ᠦᠢᠯᠡᠳᠦᠯᠭᠡᠵᠢᠭᠦᠯᠵᠦ᠂ ᠪᠠᠶᠠᠷ ᠪᠠᠶᠠᠰᠤᠯ ᠤᠨ ᠳᠤᠮᠳᠠ ᠰᠤᠷᠤᠯᠴᠠᠬᠤ ᠪᠣᠯᠣᠨ᠎ᠠ᠃ ︵ᠰᠤᠷᠪᠤᠯᠵᠢᠯᠠᠭᠴᠢ᠄ ᠶᠢᠨ ᠫᠢᠩ  ᠹᠧᠩ ᠯᠢ ᠪᠢᠨ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号