ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ︵ᠬᠤᠯᠪᠣᠭᠠᠲᠤ ᠬᠤᠷᠰᠢᠶ᠎ᠠ︶ ᠶᠢᠨ ᠪᠦᠷᠢᠯᠳᠦᠭᠦᠨ ᠬᠤᠪᠢᠷᠠᠭᠤᠯᠬᠤ ᠲᠤᠬᠠᠢ ᠦᠴᠦᠸᠠᠨ ᠰᠢᠶᠠᠨ ᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2024/1/24
     ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ᠶᠢᠨ ᠪᠦᠷᠢᠯᠳᠦᠭᠦᠨ ᠬᠤᠪᠢᠷᠠᠭᠤᠯᠬᠤ ᠤᠴᠢᠷ ᠶᠠᠪᠤᠳᠠᠯ ᠨᠢ ᠭᠦᠢᠴᠡᠳᠬᠡᠬᠦ ᠴᠠᠭ ᠤᠨ ᠬᠢᠵᠠᠭᠠᠷ ᠤᠨ ᠴᠢᠨᠠᠷᠲᠠᠢ ᠪᠠᠶᠢᠵᠤ᠂ ᠲᠣᠭᠲᠠᠭᠰᠠᠨ ᠴᠠᠭ ᠬᠤᠭᠤᠴᠠᠭ᠎ᠠ ᠠᠴᠠ ᠬᠡᠲᠦᠷᠡᠪᠡᠯ ᠭᠥᠯᠢᠶᠡᠨ ᠠᠪᠬᠤ ᠥᠭᠡᠢ᠂ ᠥᠩᠭᠡᠷᠡᠭᠰᠡᠨ ᠳᠤ ᠪᠦᠷᠢᠯᠳᠦᠭᠦᠨ ᠨᠢ ᠭᠦᠢᠴᠡᠳᠬᠡᠬᠦ ᠴᠠᠭ ᠢᠶᠠᠨ ᠮᠠᠷᠲᠠᠭᠰᠠᠨ ᠪᠤᠶᠤ ᠴᠢᠬᠤᠯᠠᠴᠢᠯᠠᠬᠤ ᠦᠭᠡᠢ ᠵᠡᠷᠭᠡ ᠰᠢᠯᠲᠠᠭᠠᠨ ᠠᠴᠠ ᠪᠣᠯᠵᠤ ᠬᠤᠪᠢᠷᠠᠭᠤᠯᠬᠤ ᠴᠠᠭ ᠢ ᠠᠯᠳᠠᠵᠤ᠂ ᠨᠡᠶᠢᠭᠡᠮ ᠤᠨ ᠳᠠᠭᠠᠳᠬᠠᠯ ᠤᠨ ᠨᠥᠬᠦᠪᠦᠷᠢ ᠭᠤᠶᠤᠴᠢᠯᠠᠬᠤ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠷᠦᠬᠡ ᠭᠤᠶᠤᠴᠢᠯᠠᠬᠤ ᠶᠢ ᠨᠥᠯᠥᠭᠡᠯᠡᠭᠰᠡᠨ ᠵᠡᠷᠭᠡ ᠪᠠᠶᠢᠳᠠᠯ ᠣᠷᠣᠰᠢᠵᠤ ᠪᠠᠶᠢᠳᠠᠭ᠃      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠳᠠᠩᠰᠠᠯᠠᠯᠲᠠ ᠶᠢᠨ ᠬᠠᠮᠢᠶᠠᠷᠤᠯᠲᠠ ᠶᠢᠨ ᠳᠦᠷᠢᠮ︾ ᠤᠨ ᠬᠤᠷᠢ ᠶᠢᠰᠦᠳᠦᠭᠡᠷ ᠵᠦᠢᠯ ᠤᠨ ᠲᠣᠭᠲᠠᠭᠠᠯ ᠢ ᠦᠨᠳᠦᠰᠦᠯᠡᠪᠡᠯ᠄ ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ︵ᠬᠤᠯᠪᠣᠭᠠᠲᠤ ᠬᠤᠷᠰᠢᠶ᠎ᠠ︶ ᠶᠢᠨ ᠪᠦᠷᠢᠯᠳᠦᠭᠦᠨ ᠳᠤ ᠬᠤᠪᠢᠷᠠᠯᠲᠠ ᠭᠠᠷᠪᠠᠯ᠂ ᠲᠤᠰ ᠨᠢᠭᠲᠠᠯᠠᠨ ᠪᠤᠳᠤᠬᠤ ᠣᠨ ᠤ ᠳᠠᠭᠤᠰᠤᠭᠰᠠᠨ ᠡᠳᠦᠷ ᠠᠴᠠ ᠡᠬᠢᠯᠡᠨ 90 ᠡᠳᠦᠷ ᠤᠨ ᠳᠣᠲᠣᠷ᠎ᠠ ᠳᠠᠩᠰᠠᠯᠠᠬᠤ ᠪᠠᠶᠢᠭᠤᠯᠭ᠎ᠠ ᠳᠤ ᠳᠠᠩᠰᠠᠯᠠᠭᠤᠯᠬᠤ ᠬᠡᠷᠡᠭᠲᠡᠢ᠃ ᠪᠦᠷᠢᠯᠳᠦᠭᠦᠨ ᠬᠤᠪᠢᠷᠠᠭᠤᠯᠬᠤ ᠴᠢᠬᠤᠯᠠᠲᠠᠢ ᠬᠤᠷᠰᠢᠶ᠎ᠠ ︵ᠬᠤᠯᠪᠣᠭᠠᠲᠤ ᠬᠤᠷᠰᠢᠶ᠎ᠠ︶ 2024 ᠣᠨ ᠤ 1 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 31 ᠤ ᠡᠳᠦᠷ ᠪᠣᠯᠲᠠᠯ᠎ᠠ ᠦᠴᠦᠸᠠᠨ ᠰᠢᠶᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠤᠨ ᠨᠢᠭᠡᠳᠦᠭᠡᠷ ᠳᠠᠪᠬᠤᠷᠯᠢᠭ ᠤᠨ 14 ᠳ᠋ᠦ᠋ᠭᠡᠷ ᠨᠣᠮᠧᠷᠲᠤ ᠬᠤᠪᠢ ᠶᠢᠨ ᠴᠣᠩᠬᠤᠨ ᠳᠤ ᠬᠦᠷᠴᠦ ᠬᠤᠪᠢᠷᠠᠭᠤᠯᠬᠤ ᠳᠠᠩᠰᠠᠯᠠᠯᠲᠠ ᠬᠢᠯᠭᠡᠭᠡᠷᠡᠢ᠂ ᠴᠠᠭ ᠠᠴᠠ ᠬᠡᠲᠦᠷᠡᠪᠡᠯ ᠭᠥᠯᠢᠶᠡᠨ ᠠᠪᠬᠤ ᠥᠭᠡᠢ᠃      ᠲᠠᠷᠢᠶᠠᠴᠢᠨ ᠤ ᠲᠤᠰᠬᠠᠢ ᠠᠵᠢᠯ ᠤᠨ ᠬᠤᠷᠰᠢᠶ᠎ᠠ ︵ᠬᠤᠯᠪᠣᠭᠠᠲᠤ ᠬᠤᠷᠰᠢᠶ᠎ᠠ︶ ᠨᠤᠭᠤᠳ ᠤᠨ ᠪᠦᠷᠢᠯᠳᠦᠭᠦᠨ ᠨᠠᠷ ᠡᠭᠦᠨ ᠢ ᠬᠦᠨᠳᠦᠳᠬᠡᠨ ᠦᠵᠡᠵᠦ᠂ ᠠᠯᠢ ᠲᠦᠷᠭᠡᠨ ᠢᠶᠠᠷ ᠶᠡᠭᠡ ᠲᠢᠩᠬᠢᠮ ᠳᠤ ᠬᠦᠷᠴᠦ ᠠᠰᠠᠭᠤᠨ ᠯᠠᠪᠯᠠᠵᠤ᠂ ᠭᠦᠢᠴᠡᠳᠬᠡᠭᠡᠷᠡᠢ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号