ᠮᠠᠨ ᠤ ᠬᠤᠲᠠ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠢᠭᠡᠯᠡᠯᠭᠡ ᠶᠢᠨ ᠮᠡᠳᠡᠭᠡ ᠵᠠᠩᠭᠢ ᠶᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ᠢᠲᠡᠭᠡᠮᠵᠢ ᠶᠢᠨ ᠰᠢᠰᠲ᠋ᠧᠮ ᠳᠤ ᠣᠷᠣᠭᠤᠯᠬᠤ ᠪᠠᠷ ᠪᠤᠢ
ᠨᠡᠶᠢᠲᠡᠯᠡᠭᠰᠡᠨ ᠴᠠᠭ᠄
2024/1/24
     ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠥᠯᠥᠭᠡ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠢᠲᠡᠭᠡᠮᠵᠢ ᠶᠢᠨ ᠮᠡᠳᠡᠭᠡ ᠵᠠᠩᠭᠢ ᠶᠢᠨ ᠦᠢᠯᠡᠰ ᠤᠨ ᠬᠠᠮᠢᠶᠠᠷᠤᠯᠲᠠ ᠶᠢᠨ ᠳᠦᠷᠢᠮ︾ ᠪᠠ ︽ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠲᠤᠬᠠᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ︵ᠪᠦᠲᠦᠭᠡᠨ ᠪᠠᠶᠢᠭᠤᠯᠤᠯᠲᠠ ᠠᠯᠪᠠᠨ ᠮᠥᠩᠭᠦ ᠵᠠᠬᠢᠳᠠᠯ ﹇2022﹈ 229 ᠳ᠋ᠦ᠋ᠭᠡᠷ ᠲᠣᠭᠠᠲᠤ︶ ᠵᠡᠷᠭᠡ ᠲᠣᠭᠲᠠᠭᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠳᠤᠮᠳᠠᠳᠤ ᠤᠯᠤᠰ ᠤᠨ ᠠᠷᠠᠳ ᠤᠨ ᠪᠠᠩᠬᠢ ᠪᠠᠷ ᠬᠢᠨᠠᠨ ᠵᠥᠪᠰᠢᠶᠡᠷᠡᠭᠦᠯᠦᠭᠡᠳ᠂ ᠬᠤᠲᠠ ᠶᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠲᠥᠪ ᠢ 2024 ᠣᠨ ᠤ 2 ᠳ᠋ᠤᠭᠠᠷ ᠰᠠᠷ᠎ᠠ ᠶᠢᠨ 5 ᠤ ᠡᠳᠦᠷ ᠠᠴᠠ ᠡᠬᠢᠯᠡᠨ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ︽ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ︾ ᠳᠤ ᠵᠠᠯᠭᠠᠨ᠂ ᠮᠠᠨ ᠤ ᠬᠤᠲᠠ ᠶᠢᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠢᠭᠡᠯᠡᠭᠴᠢ ᠶᠢᠨ ᠵᠢᠭᠡᠯᠡᠯᠭᠡ ᠶᠢᠨ ᠮᠡᠳᠡᠭᠡ ᠵᠠᠩᠭᠢ ᠵᠢᠴᠢ ᠢᠲᠡᠭᠡᠮᠵᠢ ᠶᠢᠨ ᠮᠡᠳᠡᠭᠡ ᠵᠠᠩᠭᠢ ︵ᠬᠤᠭᠤᠴᠠᠭ᠎ᠠ ᠬᠡᠲᠦᠷᠡᠭᠰᠡᠨ ᠡᠷᠡᠭᠦᠯ ᠪᠤᠰᠤ ᠮᠡᠳᠡᠭᠡ ᠵᠠᠩᠭᠢ ᠪᠠᠭᠲᠠᠨ᠎ᠠ︶ ᠶᠢ ᠳᠤᠮᠳᠠᠳᠤ ᠤᠯᠤᠰ ᠤᠨ ᠠᠷᠠᠳ ᠤᠨ ᠪᠠᠩᠬᠢ ᠶᠢᠨ ︽ᠮᠥᠩᠭᠦᠨ ᠭᠦᠢᠯᠭᠡᠭᠡᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠦᠨᠳᠦᠰᠦᠨ ᠲᠤᠭ᠎ᠠ ᠪᠠᠷᠢᠮᠲᠠ ᠶᠢᠨ ᠬᠥᠮᠥᠷᠭᠡ︾ ᠳᠤ ᠮᠡᠳᠡᠭᠦᠯᠵᠦ᠂ ᠬᠤᠯᠪᠣᠭᠳᠠᠯ ᠪᠦᠬᠦᠢ ᠮᠡᠳᠡᠭᠡ ᠵᠠᠩᠭᠢ ᠶᠢ ᠬᠤᠪᠢ ᠬᠥᠮᠥᠨ ᠤ ᠢᠲᠡᠭᠡᠮᠵᠢ ᠶᠢᠨ ᠮᠡᠳᠡᠭᠡ ᠵᠠᠩᠭᠢ ᠶᠢᠨ ᠮᠡᠳᠡᠭᠦᠯᠦᠯᠲᠡ ᠳᠤ ᠢᠯᠡᠷᠡᠭᠦᠯᠦᠨ᠎ᠡ᠃      ᠬᠤᠪᠢ ᠬᠥᠮᠥᠨ ᠤ ᠢᠲᠡᠭᠡᠯ ᠢ ᠬᠠᠮᠠᠭᠠᠯᠠᠵᠤ᠂ ᠵᠣᠭᠤᠰ ᠪᠤᠴᠠᠭᠠᠬᠤ ᠬᠤᠭᠤᠴᠠᠭ᠎ᠠ ᠠᠴᠠ ᠬᠡᠲᠦᠷᠡᠭᠡᠳ ᠢᠲᠡᠭᠡᠮᠵᠢ ᠶᠢᠨ ᠮᠠᠭᠤ ᠲᠡᠮᠳᠡᠭᠯᠡᠯ ᠭᠠᠷᠭᠠᠬᠤ ᠠᠴᠠ ᠵᠠᠶᠢᠯᠠᠰᠬᠢᠬᠦ ᠶᠢᠨ ᠲᠥᠯᠥᠭᠡ᠂ ᠥᠷᠭᠡᠨ ᠣᠯᠠᠨ ᠬᠤᠪᠢ ᠬᠥᠮᠥᠨ ᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠵᠣᠭᠤᠰ ᠵᠢᠭᠡᠯᠡᠭᠴᠢ ᠳᠤ ᠬᠤᠪᠢ ᠬᠥᠮᠥᠨ ᠤ ᠵᠢᠭᠡᠯᠡᠯᠭᠡ ᠶᠢᠨ ᠵᠣᠭᠤᠰ ᠪᠤᠴᠠᠭᠠᠭᠰᠠᠨ ᠪᠠᠶᠢᠳᠠᠯ ᠢᠶᠠᠨ ᠴᠠᠭ ᠢᠮᠠᠭᠲᠠ ᠠᠩᠬᠠᠷᠴᠤ᠂ ᠲᠥᠯᠥᠬᠦ ᠵᠣᠭᠤᠰ ᠢᠶᠠᠨ ᠴᠠᠭ ᠲᠤᠬᠠᠢ ᠳᠠᠭᠠᠨ ᠪᠤᠴᠠᠭᠠᠵᠤ᠂ ᠬᠤᠪᠢ ᠬᠥᠮᠥᠨ ᠤ ᠢᠲᠡᠭᠡᠮᠵᠢ ᠶᠢ ᠨᠥᠯᠥᠭᠡᠯᠡᠬᠦ ᠠᠴᠠ ᠵᠠᠶᠢᠯᠠᠰᠬᠢᠬᠦ ᠶᠢ ᠰᠠᠨᠠᠭᠤᠯᠵᠤ ᠪᠠᠶᠢᠨ᠎ᠠ᠃
 
ᠢᠷᠡᠯᠲᠡ᠄ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号