ᠶᠠᠩ ᠰᠢᠩ ᠱᠧᠩ ᠬᠥᠬᠡ ᠡᠷᠭᠢ ᠪᠠᠯᠭᠠᠰᠤᠨ ᠤ ᠳ᠋ᠠ ᠱᠦᠢ ᠭᠧ ᠳ᠋ᠦᠩ ᠲᠣᠰᠬᠤᠨ ᠤ ᠨᠠᠮ ᠤᠨ ᠡᠭᠦᠷ ᠤᠨ 2023 ᠣᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/1/25
     1 ᠰᠠᠷ᠎ᠠ ᠶᠢᠨ 22 ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠭᠤᠣᠯ ᠰᠡᠳᠦᠪᠲᠦ ᠬᠥᠮᠦᠵᠢᠯ ᠤᠨ ᠨᠠᠮ ᠤᠨ ᠪᠠᠶᠢᠭᠤᠯᠤᠯᠲᠠ ᠶᠢᠨ ᠬᠠᠷᠢᠯᠴᠠᠬᠤ ᠴᠡᠭ ᠤᠨ ᠬᠥᠬᠡ ᠡᠷᠭᠢ ᠪᠠᠯᠭᠠᠰᠤᠨ ᠤ ᠳ᠋ᠠ ᠱᠦᠢ ᠭᠧ ᠳ᠋ᠦᠩ ᠲᠣᠰᠬᠤᠨ ᠤ ᠨᠠᠮ ᠤᠨ ᠡᠭᠦᠷ ᠲᠤ ᠬᠦᠷᠴᠦ᠂ ᠳ᠋ᠠ ᠱᠦᠢ ᠭᠧ ᠳ᠋ᠦᠩ ᠲᠣᠰᠬᠤᠨ ᠤ ᠨᠠᠮ ᠤᠨ ᠡᠭᠦᠷ ᠤᠨ 2023 ᠣᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠳᠤ ᠣᠷᠣᠯᠴᠠᠬᠤ ᠶᠢᠨ ᠬᠠᠮᠲᠤ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠲᠣᠰᠬᠤᠨ ᠤ ᠨᠠᠮ ᠤᠨ ᠡᠭᠦᠷ ᠤᠨ ᠱᠦᠵᠢ 2022 ᠣᠨ ᠤ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠨᠠᠮ ᠤᠨ ᠡᠭᠦᠷ ᠤᠨ ᠭᠡᠰᠢᠭᠦᠳ ᠤᠨ ᠬᠤᠷᠠᠯ ᠢ ᠲᠥᠯᠥᠭᠡᠯᠡᠨ ᠪᠠᠭ ᠤᠨ ᠬᠠᠷᠢᠴᠠᠭᠤᠯᠤᠯ ᠪᠠᠶᠢᠴᠠᠭᠠᠯᠲᠠ ᠬᠢᠵᠦ᠂ ᠨᠠᠮ ᠤᠨ ᠡᠭᠦᠷ ᠤᠨ ᠡᠯ᠎ᠡ ᠭᠡᠰᠢᠭᠦᠳ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠠᠷᠢᠨ ᠬᠢᠨᠠᠮᠠᠭᠠᠢ ᠦᠷᠨᠢᠭᠦᠯᠪᠡ᠃      ᠳᠠᠷᠠᠭ᠎ᠠ ᠳᠤᠨᠢ᠂ ᠶᠠᠩ ᠰᠢᠩ ᠱᠧᠩ ᠤᠯᠠᠨ ᠲᠠᠢ 2023 ᠣᠨ ᠤ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠳᠤ ᠭᠠᠷᠤᠭᠰᠠᠨ ᠵᠦᠢᠯ ᠵᠦᠢᠯ ᠤᠨ ᠬᠤᠪᠢᠷᠠᠯᠲᠠ ᠪᠣᠯᠣᠨ 2024 ᠣᠨ ᠤ ᠲᠣᠰᠬᠤᠨ ᠤ ᠠᠷᠠᠳ ᠤᠨ ᠵᠥᠪᠯᠡᠯ ᠤᠨ ᠠᠵᠢᠯ ᠤᠨ ᠲᠥᠯᠥᠪᠯᠡᠭᠡ ᠶᠢᠨ ᠲᠤᠬᠠᠢ ᠳᠣᠲᠣᠨᠣ ᠪᠠᠷ ᠰᠠᠨᠠᠯ ᠢᠶᠠᠨ ᠰᠣᠯᠢᠯᠴᠠᠪᠠ᠃      ᠶᠠᠩ ᠰᠢᠩ ᠱᠧᠩ ᠴᠢᠬᠤᠯᠠᠴᠢᠯᠠᠬᠤ ᠳᠠᠭᠠᠨ᠂ ᠨᠢᠭᠡ ᠳᠤ ᠣᠨᠣᠯ ᠢᠶᠠᠷ ᠵᠡᠪᠰᠡᠭᠯᠡᠬᠦ ᠲᠠᠯ᠎ᠠ ᠪᠠᠷ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠲᠣᠰᠬᠤᠨ ᠤ ᠨᠠᠮ ᠤᠨ ᠡᠭᠦᠷ ᠤᠨ ᠬᠢᠨ ᠰᠠᠶᠢᠨ ᠢᠶᠠᠷ ᠡᠬᠢᠯᠡᠵᠦ ᠰᠠᠶᠢᠨ ᠢᠶᠠᠷ ᠲᠡᠭᠦᠰᠬᠡᠵᠦ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠲᠥᠯᠥᠭᠡ ᠪᠣᠳᠠᠲᠠᠢ ᠶᠠᠪᠤᠳᠠᠯ ᠬᠢᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠰᠡᠳᠦᠪᠲᠦ ᠬᠥᠮᠦᠵᠢᠯ ᠤᠨ ᠡᠭᠦᠰᠬᠡᠯ ᠪᠠ ᠲᠤᠰᠤᠯᠲᠠ ᠪᠣᠯᠭᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠦᠨᠡᠨᠬᠦ ᠠᠵᠢᠯ ᠬᠢᠵᠦ ᠦᠢᠯᠡᠰ ᠪᠣᠰᠬᠠᠬᠤ᠂ ᠠᠷᠠᠳ ᠲᠤ ᠦᠢᠯᠡᠴᠢᠯᠡᠬᠦ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠤᠶᠠᠷ ᠲᠤ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠳ᠋ᠠ ᠱᠦᠢ ᠭᠧ ᠳ᠋ᠦᠩ ᠲᠣᠰᠬᠤᠨ ᠤ ︽ᠲᠡᠵᠢᠭᠡᠨ ᠦᠷᠡᠵᠢᠭᠦᠯᠬᠦ ᠦᠢᠯᠡᠰ ᠤᠨ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ︾ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠣᠨᠴᠠᠯᠢᠭᠲᠤ ᠲᠡᠵᠢᠭᠡᠨ ᠦᠷᠡᠵᠢᠭᠦᠯᠬᠦ ᠦᠢᠯᠡᠰ ᠢ ᠶᠡᠬᠡᠪᠡᠷ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠠᠵᠤ ᠦᠢᠯᠡᠰ ᠤᠨ ᠲᠤᠯᠭᠠᠭᠤᠷᠢᠯᠠᠯ ᠬᠠᠩᠭᠠᠬᠤ ᠬᠡᠷᠡᠭᠲᠡᠢ᠃ ᠡᠭᠦᠨ ᠤ ᠬᠠᠮᠲᠤ ᠬᠠᠭᠤᠷᠠᠢ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠬᠡᠪᠴᠢᠶᠡᠵᠢᠭᠰᠡᠨ᠂ ᠪᠠᠷᠢᠮᠵᠢᠶᠠᠵᠢᠭᠰᠠᠨ ᠲᠠᠷᠢᠮᠠᠯ ᠤᠨ ᠦᠢᠯᠡᠰ ᠢ ᠬᠥᠭᠵᠢᠭᠦᠯᠬᠦ ᠬᠡᠷᠡᠭᠲᠡᠢ᠃ ᠭᠤᠷᠪᠠ ᠳᠤ ᠠᠷᠠᠳ ᠤᠨ ᠠᠮᠢᠳᠤᠷᠠᠯ ᠳᠤ ᠦᠢᠯᠡᠴᠢᠯᠡᠬᠦ ᠲᠠᠯ᠎ᠠ ᠪᠠᠷ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠤᠯᠠᠨ ᠲᠦᠮᠡᠨ ᠤ ᠠᠮᠤᠷ ᠲᠦᠪᠰᠢᠨ  ᠬᠠᠯᠠᠭᠤᠨ ᠲᠤᠯᠠᠭᠠᠨ ᠪᠠᠶᠢᠬᠤ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠬᠡᠷᠡᠭᠲᠡᠢ᠃ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠭᠤᠣᠯ ᠰᠡᠳᠦᠪᠲᠦ ᠬᠥᠮᠦᠵᠢᠯ ᠤᠨ ᠡᠬᠢᠨ ᠠᠴᠠ ᠨᠢ ᠳᠠᠭᠤᠰᠲᠠᠯ᠎ᠠ ᠲᠤᠭᠤᠰᠢᠯᠠᠭᠤᠯᠵᠤ᠂ ᠭᠤᠣᠯ ᠰᠡᠳᠦᠪᠲᠦ ᠬᠥᠮᠦᠵᠢᠯ ᠢᠶᠠᠷ ᠳᠠᠮᠵᠢᠭᠤᠯᠤᠨ ᠨᠢᠭᠡ ᠪᠦᠯᠦᠭ ᠤᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠵᠤ ᠬᠦᠰᠡᠵᠦ ᠰᠠᠨᠠᠭᠰᠠᠨ ᠠᠰᠠᠭᠤᠳᠠᠯ ᠢ ᠦᠨᠡᠨ ᠪᠣᠳᠠᠲᠠᠢ ᠪᠠᠷ ᠰᠢᠢᠳᠪᠦᠷᠢᠯᠡᠵᠦ᠂ ᠰᠡᠳᠬᠢᠯ ᠲᠠᠯᠪᠢᠨ ᠬᠦᠴᠦᠯᠡᠵᠦ ᠪᠠᠶᠢᠭᠠᠳ ᠠᠷᠠᠳ ᠤᠨ ᠲᠥᠯᠥᠭᠡ ᠪᠣᠳᠠᠲᠠᠢ ᠶᠠᠪᠤᠳᠠᠯ᠂ ᠰᠠᠶᠢᠨ ᠶᠠᠪᠤᠳᠠᠯ ᠬᠢᠵᠦ᠂ ᠬᠥᠳᠡᠭᠡ ᠠᠵᠤ ᠠᠬᠤᠢ ᠶᠢ ᠣᠶᠢᠯᠠᠭᠠᠬᠤ᠂ ᠬᠥᠳᠡᠭᠡ ᠲᠣᠰᠬᠤᠨ ᠢ ᠬᠠᠶᠢᠷᠠᠯᠠᠬᠤ᠂ ᠲᠠᠷᠢᠶᠠᠴᠢᠨ ᠢ ᠬᠠᠶᠢᠷᠠᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠳᠥᠷᠪᠡ ᠳᠤ ᠬᠥᠳᠡᠭᠡ ᠲᠣᠰᠬᠤᠨ ᠤ ᠵᠠᠰᠠᠯᠲᠠ ᠶᠢᠨ ᠲᠠᠯ᠎ᠠ ᠪᠠᠷ ᠬᠦᠴᠦ ᠣᠷᠣᠭᠤᠯᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠲᠣᠰᠬᠤᠨ ᠤ ᠨᠠᠮ ᠤᠨ ᠡᠭᠦᠷ ᠨᠢ ᠲᠣᠰᠬᠤᠨ ᠤ ᠳᠦᠷᠢᠮ ᠠᠷᠠᠳ ᠤᠨ ᠭᠡᠷ᠎ᠡ᠂ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠬᠥᠳᠡᠭᠡ ᠲᠣᠰᠬᠤᠨ ᠤ ᠰᠤᠷᠲᠠᠯ ᠤᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠭᠠᠷᠳᠠᠴᠠ ᠪᠣᠯᠭᠠᠵᠤ᠂ ᠲᠣᠰᠬᠤᠨ ᠤ ᠠᠷᠠᠳ ᠤᠨ ᠪᠣᠯᠪᠠᠰᠤᠨ ᠤ ᠬᠡᠪ ᠪᠣᠯᠪᠠᠰᠤᠷᠠᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠡᠶ᠎ᠡ ᠵᠣᠬᠢᠴᠠᠩᠭᠤᠢ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ᠃ ᠲᠠᠪᠤ ᠳᠤ ᠲᠤᠰ ᠪᠡᠶ᠎ᠡ ᠶᠢᠨ ᠪᠠᠶᠢᠭᠤᠯᠤᠯᠲᠠ ᠶᠢᠨ ᠲᠠᠯ᠎ᠠ ᠪᠠᠷ ᠬᠦᠴᠦ ᠲᠠᠯᠪᠢᠵᠤ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠮᠡᠳᠡᠷᠡᠯ ᠤᠨ ᠰᠡᠵᠢᠭᠦᠷ ᠲᠤ ᠣᠷᠣᠰᠢᠵᠤ᠂ ᠨᠠᠮ ᠤᠨ ᠠᠯᠢᠪᠠ ᠱᠤᠭᠤᠮ ᠴᠢᠭᠯᠡᠯᠲᠡ ᠲᠦᠷᠦ ᠶᠢᠨ ᠪᠣᠳᠣᠯᠭ᠎ᠠ ᠪᠣᠯᠣᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠴᠦᠰ ᠲᠡᠭᠡᠨ ᠠᠳᠠᠯᠢ ᠪᠤᠰᠤ ᠬᠡᠯᠪᠡᠷᠢ ᠪᠠᠷ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠭᠡᠬᠦ ᠡᠨᠡᠬᠦ ᠡᠮᠦᠨ᠎ᠡ ᠹᠷᠣᠨᠲ ᠤᠨ ᠵᠢᠭᠰᠠᠭᠠᠯ ᠤᠨ ᠭᠠᠵᠠᠷ ᠲᠤ ᠨᠠᠶᠢᠳᠠᠪᠤᠷᠢᠵᠢᠭᠤᠯᠬᠤ ᠬᠡᠷᠡᠭᠲᠡᠢ᠃ ᠲᠤᠰ ᠤᠳᠠᠭ᠎ᠠ ᠶᠢᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠲᠣᠰᠬᠤᠨ ᠤ ᠨᠠᠮ ᠤᠨ ᠡᠭᠦᠷ ᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠵᠤ᠂ ᠡᠯ᠎ᠡ ᠵᠦᠢᠯ ᠤᠨ ᠠᠵᠢᠯ ᠳᠤ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号