ᠶᠠᠩ ᠰᠢᠩ ᠱᠧᠩ ᠬᠥᠬᠡ ᠡᠷᠭᠢ ᠪᠠᠯᠭᠠᠰᠤᠨ ᠤ ᠨᠠᠮ ᠤᠨ ᠬᠤᠷᠢᠶᠠᠨ ᠤ 2023 ᠣᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/1/25
     1 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠬᠥᠬᠡ ᠡᠷᠭᠢ ᠪᠠᠯᠭᠠᠰᠤᠨ ᠤ ᠨᠠᠮ ᠤᠨ ᠬᠤᠷᠢᠶᠠᠨ ᠤ 2023 ᠣᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠷᠠᠯ ᠳᠡᠭᠡᠷ᠎ᠡ᠂ ᠬᠥᠬᠡ ᠡᠷᠭᠢ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠠᠶᠢᠴᠠᠭᠠᠨ ᠳᠡᠯᠭᠡᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠮᠡᠳᠡᠭᠳᠡᠵᠦ᠂ ᠤᠳᠤᠷᠢᠳᠬᠤ ᠪᠠᠭ ᠢ ᠲᠥᠯᠥᠭᠡᠯᠡᠨ ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠳᠠᠷᠠᠭ᠎ᠠ ᠨᠢ᠂ ᠤᠳᠤᠷᠢᠳᠬᠤ ᠪᠠᠭ ᠤᠨ ᠪᠦᠷᠢᠯᠳᠦᠭᠦᠨ ᠨᠠᠷ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠬᠤ ᠶᠠᠷᠢᠶ᠎ᠠ ᠲᠠᠯᠪᠢᠵᠤ᠂ ᠲᠣᠪᠣᠶᠢᠮ᠎ᠠ ᠠᠰᠠᠭᠤᠳᠠᠯ ᠢ ᠪᠠᠶᠢᠴᠠᠭᠠᠨ ᠳᠡᠯᠭᠡᠵᠦ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠥᠷᠨᠢᠭᠦᠯᠪᠡ᠃      ᠤᠯᠠᠨ ᠤ ᠶᠠᠷᠢᠶ᠎ᠠ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠰᠣᠨᠣᠰᠤᠭᠰᠠᠨ ᠤ ᠳᠠᠷᠠᠭ᠎ᠠ᠂ ᠶᠠᠩ ᠰᠢᠩ ᠱᠧᠩ ᠵᠢᠭᠠᠵᠤ ᠭᠠᠷᠭᠠᠭᠰᠠᠨ ᠨᠢ᠂ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠨᠢ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠲᠥᠪ ᠴᠢᠩᠭ᠎ᠠ ᠨᠠᠷᠢᠨ ᠬᠢᠨᠠᠮᠠᠭᠠᠢ ᠪᠠᠶᠢᠵᠤ᠂ ᠪᠠᠶᠢᠴᠠᠭᠠᠨ ᠦᠵᠡᠵᠦ ᠵᠠᠳᠠᠯᠤᠯᠲᠠ ᠬᠢᠭᠰᠡᠨ ᠨᠢ ᠨᠡᠯᠢᠶᠡᠳ ᠪᠣᠳᠠᠲᠠᠢ ᠪᠠᠶᠢᠵᠤ᠂ ᠦᠵᠡᠯ ᠰᠠᠨᠠᠭ᠎ᠠ ᠪᠠᠨ ᠨᠢᠭᠡᠳᠬᠡᠬᠦ᠂ ᠪᠦᠯᠬᠦᠮᠳᠡᠯ ᠢᠶᠠᠨ ᠴᠢᠩᠭᠠᠳᠬᠠᠬᠤ᠂ ᠬᠠᠷᠢᠯᠴᠠᠨ ᠬᠢᠨᠠᠯᠲᠠ ᠲᠠᠯᠪᠢᠬᠤ᠂ ᠬᠠᠮᠲᠤᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ ᠬᠦᠷᠴᠡᠢ᠃      ᠶᠠᠩ ᠰᠢᠩ ᠱᠧᠩ ᠴᠢᠬᠤᠯᠠᠴᠢᠯᠠᠬᠤ ᠳᠠᠭᠠᠨ᠂ ᠤᠯᠤᠰ ᠲᠥᠷᠥ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠪᠠᠶᠢᠴᠠᠭᠠᠨ ᠵᠠᠳᠠᠯᠤᠯᠲᠠ ᠪᠠᠷ ᠲᠠᠮᠵᠢᠨ᠂ ᠤᠯᠠᠨ ᠢᠶᠠᠷ ᠢᠶᠠᠨ ᠲᠤᠶᠢᠯ ᠤᠨ ᠦᠨᠡᠨᠴᠢ ᠰᠢᠳᠤᠷᠭᠤ ᠤᠯᠤᠰ ᠲᠦᠷᠦ ᠶᠢᠨ ᠬᠡᠪ ᠰᠤᠷᠲᠠᠯ ᠢᠶᠠᠨ ᠤᠯᠠᠮ ᠴᠢᠨᠠᠭᠰᠢᠳᠠ ᠳᠠᠪᠲᠠᠨ ᠪᠣᠯᠪᠠᠰᠤᠷᠠᠭᠤᠯᠵᠤ᠂ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ︽ᠤᠯᠤᠰ ᠤᠨ ᠶᠡᠭᠡ ᠶᠠᠪᠤᠳᠠᠯ︾ ᠢ ᠪᠠᠲᠤ ᠴᠡᠭᠡᠵᠢᠯᠡᠵᠦ᠂ ︽ᠤᠯᠤᠰ ᠲᠦᠷᠦ ᠶᠢᠨ ᠭᠤᠷᠪᠠᠨ ᠬᠦᠴᠦᠨ︾ ᠢ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠦᠢᠯᠡᠴᠢᠯᠡᠭᠡᠨ ᠤ ᠶᠡᠭᠡ ᠲᠠᠯ᠎ᠠ ᠳᠤ ᠬᠦᠴᠦ ᠲᠠᠯᠪᠢᠬᠤ ᠬᠡᠷᠡᠭᠲᠡᠢ᠃ ᠬᠥᠬᠡ ᠡᠷᠭᠢ ᠪᠠᠯᠭᠠᠰᠤ ᠨᠢ ᠭᠤᠣᠯ ᠬᠤᠲᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠪᠦᠬᠦ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠳᠤ ᠪᠠᠶᠢᠷᠢ ᠰᠠᠭᠤᠷᠢ ᠴᠢᠬᠤᠯᠠ᠂ ᠬᠠᠷᠢᠭᠤᠴᠠᠯᠭ᠎ᠠ ᠬᠦᠨᠳᠦ᠂ ᠤᠬᠠᠮᠰᠠᠷ ᠠᠴᠠ ᠪᠠᠨ ᠠᠵᠢᠯ ᠢᠶᠠᠨ ᠪᠦᠬᠦ ᠰᠢᠶᠠᠨ ᠤ ᠬᠥᠭᠵᠢᠯᠲᠡ ᠶᠢᠨ ᠶᠡᠭᠡ ᠲᠠᠯ᠎ᠠ ᠪᠠᠷ ᠪᠣᠳᠣᠯᠬᠢᠯᠠᠵᠤ᠂ ᠪᠠᠷᠢᠮᠵᠢᠶ᠎ᠠ ᠶᠢ ᠲᠡᠷᠢᠭᠦᠨ ᠤ ᠬᠤᠲᠠ ᠪᠠᠯᠭᠠᠰᠤ ᠲᠠᠢ ᠨᠢᠭᠡᠳᠦᠯᠲᠡᠢ ᠪᠠᠶᠢᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠵᠤ᠂ ᠳᠠᠪᠠᠭᠤᠯᠢᠭ ᠢᠶᠠᠨ ᠲᠠᠰᠤᠷᠠᠯᠲᠠ ᠦᠭᠡᠢ ᠶᠡᠬᠡᠰᠬᠡᠵᠦ᠂ ᠦᠨᠳᠦᠰᠦᠨ ᠱᠠᠲᠤᠨ ᠤ ᠵᠠᠰᠠᠯᠲᠠ᠂ ᠠᠵᠤ ᠦᠢᠯᠡᠰ ᠤᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠲᠠ ᠪᠠᠯᠭᠠᠰᠤᠨ ᠤ ᠴᠢᠳᠠᠪᠬᠢ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠤᠨ ᠡᠮᠦᠨ᠎ᠡ ᠨᠢ ᠶᠠᠪᠤᠵᠤ᠂ ᠦᠯᠢᠭᠡᠷ ᠳᠠᠭᠤᠷᠢᠶᠠᠯ ᠪᠣᠯᠬᠤ ᠶᠢ ᠠᠬᠢᠭᠤᠯᠵᠤ᠂ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠨᠠᠮ ᠢ ᠬᠠᠮᠢᠶᠠᠷᠴᠤ ᠨᠠᠮ ᠢ ᠵᠠᠰᠠᠬᠤ᠂ ᠬᠠᠷᠢᠭᠤᠴᠠᠯᠭ᠎ᠠ ᠡᠭᠦᠷᠭᠡᠯᠡᠬᠦ ᠶᠢ ᠵᠣᠷᠢᠭᠵᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠬᠥᠬᠡ ᠡᠷᠭᠢ ᠪᠠᠯᠭᠠᠰᠤᠨ ᠤ ᠨᠠᠮ ᠤᠨ ᠬᠤᠷᠢᠶ᠎ᠠ ᠶᠢᠨ ᠤᠳᠤᠷᠢᠳᠬᠤ ᠪᠠᠭ ᠨᠢ ᠲᠤᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠤᠯᠠᠮ ᠴᠢᠨᠠᠭᠰᠢᠳᠠ ᠴᠢᠩᠭ᠎ᠠ ᠪᠣᠳᠠᠲᠠᠢ ᠠᠳᠬᠤᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠤᠳᠤᠷᠢᠳᠬᠤ ᠪᠠᠭ ᠤᠨ ᠲᠤᠰ ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠬᠦ ᠬᠡᠷᠡᠭᠲᠡᠢ᠃ ᠰᠢᠯᠭᠠᠷᠠᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠦᠭᠡᠯᠡᠵᠦ᠂ ᠥᠪᠡᠷ ᠢ ᠪᠠᠨ ᠪᠢᠲᠡᠭᠦᠮᠵᠢᠯᠡᠬᠦ ᠦᠵᠡᠯᠲᠡ ᠶᠢ ᠡᠪᠳᠡᠵᠦ᠂ ︽ᠤᠷᠢᠲᠠᠵᠤ ᠲᠦᠷᠦᠭᠦᠯᠡᠨ ᠲᠡᠷᠢᠭᠦᠯᠡᠬᠦ︾ ᠤᠬᠠᠮᠰᠠᠷ ᠢ ᠪᠠᠲᠤ ᠪᠤᠢ ᠪᠣᠯᠭᠠᠵᠤ᠂ ︽ᠰᠢᠯᠭᠠᠯᠲᠠ ᠶᠢᠨ ᠬᠠᠭᠤᠳᠠᠰᠤ ᠲᠤᠰᠢᠶᠠᠬᠤ ᠪᠠ ᠳᠠᠩᠰᠠ ᠮᠡᠳᠡᠭᠦᠯᠬᠦ︾ ᠤᠬᠠᠮᠰᠠᠷ ᠢᠶᠠᠨ ᠴᠢᠩᠭᠠᠳᠬᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠬᠢᠵᠦ᠂ ᠵᠣᠷᠢᠭᠲᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠬᠥᠭᠵᠢᠯᠲᠡ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ ᠲᠠᠢ︾ ᠶᠢ ᠴᠢᠩᠭᠠᠳᠬᠠᠵᠤ᠂ ᠨᠠᠮ ᠢ ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠤᠳᠠᠭᠠᠨ ᠳᠠᠭᠠᠭᠠᠮᠠᠭᠠᠢ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠰᠤᠷᠲᠠᠯ ᠴᠢᠬᠡᠴᠢ ᠣᠪᠣᠷ ᠲᠥᠪ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠦᠨᠡᠨᠬᠦ ᠪᠤᠢ ᠪᠣᠯᠭᠠᠬᠤ ᠬᠡᠷᠡᠭᠲᠡᠢ᠃ ︵ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号