ᠮᠠᠨ ᠤ ᠣᠷᠣᠨ ᠤ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠪᠡ
ᠨᠡᠶᠢᠲᠡᠯᠡᠭᠰᠡᠨ ᠴᠠᠭ᠄
2024/1/25
     ︽ᠮᠢᠨᠤ ᠠᠵᠢᠯ ᠠᠯᠪᠠ ᠬᠠᠷᠠᠬᠠᠨ ᠲᠣᠭᠲᠠᠪᠤᠷᠢᠵᠢᠭᠠᠳᠤᠢ᠂ ᠡᠨᠡ ᠦᠶ᠎ᠡ ᠳᠤ ᠡᠶᠢᠮᠦ ᠲᠣᠬᠢᠯᠢᠭ ᠰᠠᠶᠢᠬᠠᠨ ᠮᠥᠷᠲᠡᠭᠡᠨ ᠲᠦᠷᠢᠶᠡᠰᠦᠨ ᠮᠥᠩᠭᠦ ᠨᠢ ᠴᠦ ᠬᠠᠷᠢᠴᠠᠩᠭᠤᠢ ᠬᠢᠮᠳᠠᠬᠠᠨ ᠭᠡᠷ ᠣᠯᠵᠤ ᠲᠦᠷᠢᠶᠡᠰᠦᠯᠡᠭᠰᠡᠨ ᠳᠡᠭᠡᠨ ᠰᠡᠳᠬᠢᠯ ᠬᠠᠨᠤᠮᠵᠢᠲᠠᠢ ᠪᠠᠶᠢᠨ᠎ᠠ᠂ ᠭᠦᠭᠡᠬᠤᠳᠠ ᠳᠤ ᠦᠯᠡᠳᠡᠵᠦ ᠠᠵᠢᠯᠯᠠᠵᠤ ᠠᠮᠢᠳᠤᠷᠠᠬᠤ ᠭᠡᠰᠡᠨ ᠪᠤᠳᠤᠯ ᠤᠯᠠᠮ ᠴᠢᠩᠭᠠᠷᠠᠯ᠎ᠠ︾ ᠭᠡᠵᠦ ᠰᠠᠶ᠋ᠢᠬᠠᠨ ᠶᠡᠭᠡ ᠰᠤᠷᠭᠠᠭᠤᠯᠢ ᠪᠠᠨ ᠲᠡᠭᠦᠰᠬᠡᠨ ᠭᠦᠭᠡᠬᠤᠳᠠ ᠳᠤ ᠠᠵᠢᠯ ᠡᠷᠢᠬᠦ ᠪᠠᠷ ᠢᠷᠡᠭᠰᠡᠨ ᠮᠠ ᠸᠧᠢ ᠴᠢᠤᠸᠠᠨ ᠰᠡᠳᠬᠢᠯ ᠳᠣᠭᠳᠣᠯᠤᠨ ᠶᠠᠷᠢᠨ᠎ᠠ᠃      2023 ᠣᠨ ᠤ ᠵᠢᠯ ᠤᠨ ᠰᠡᠭᠦᠯᠴᠢ ᠪᠠᠷ ᠮᠠ ᠸᠧᠢ ᠴᠢᠤᠸᠠᠨ ᠭᠦᠭᠡᠬᠤᠲᠠ ᠶᠢᠨ ᠳ᠋ᠢᠩ ᠰᠢᠶᠠᠩ ᠨᠡᠶᠢᠲᠡ  ᠶᠢᠨ ᠪᠠᠶᠢᠷᠢ ᠠᠴᠠ ᠨᠢᠭᠡ ᠦᠷᠦᠭᠡ ᠲᠦᠷᠢᠶᠡᠰᠦᠯᠡᠵᠦ᠂ ᠭᠤᠶᠤᠴᠢᠯᠠᠬᠤ ᠠᠴᠠ ᠣᠷᠣᠵᠤ ᠰᠠᠭᠤᠬᠤ ᠪᠤᠯᠲᠠᠯ᠎ᠠ ᠬᠠᠭᠠᠰᠬᠠᠨ ᠡᠳᠦᠷ ᠯᠡ ᠬᠡᠷᠡᠭᠯᠡᠵᠡᠢ᠃ ᠲᠦᠷᠢᠶᠡᠰᠦᠨ ᠭᠡᠷ ᠤᠨ ᠲᠠᠯᠠᠪᠠᠢ ᠨᠢ 40 ᠭᠠᠷᠤᠢ ᠲᠡᠭᠰᠢ ᠳᠥᠷᠪᠡᠯᠵᠢᠨ ᠮᠸᠲᠷ ᠪᠤᠯᠪᠠᠴᠦ ᠰᠠᠶ᠋ᠢᠬᠠᠨ ᠶᠡᠭᠡ ᠰᠤᠷᠭᠠᠭᠤᠯᠢ ᠪᠠᠨ ᠲᠡᠭᠦᠰᠦᠭᠰᠡᠨ ᠣᠶᠤᠲᠠᠨ ᠵᠠᠯᠠᠭᠤ ᠳᠤ ᠠᠪᠴᠤ ᠬᠡᠯᠡᠪᠡᠯ ᠡᠨᠡ  ᠨᠢ ᠪᠣᠯᠴᠢᠬᠠᠬᠤ ᠮᠥᠷᠲᠡᠭᠡᠨ ᠲᠦᠷᠢᠶᠡᠰᠦᠨ ᠮᠥᠩᠭᠦ ᠨᠢ ᠬᠢᠮᠳᠠᠬᠠᠨ ᠪᠠᠶᠢᠵᠤ᠂ ᠨᠢᠭᠡ ᠰᠡᠳᠬᠢᠯ ᠨᠢᠭᠡ ᠵᠣᠷᠢᠭ  ᠢᠶᠠᠷ ᠢᠶᠠᠨ ᠠᠵᠢᠯ ᠡᠷᠢᠬᠦ ᠳᠤ ᠲᠦᠭᠦᠮ ᠨᠥᠬᠦᠴᠡᠯ ᠪᠦᠷᠢᠯᠳᠦᠭᠦᠯᠵᠡᠢ᠃      ᠭᠦᠭᠡᠬᠤᠲᠠ ᠵᠠᠬ᠎ᠠ ᠳᠡᠯᠭᠡᠭᠦᠷ ᠠᠴᠠ ᠬᠤᠳᠠᠯᠳᠤᠨ ᠠᠪᠬᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠪᠤᠶᠤ ᠣᠷᠣᠨ ᠰᠠᠭᠤᠴᠠ ᠶᠢᠨ ᠪᠤᠰᠤ ᠲᠦᠷᠦᠯ ᠵᠦᠢᠯ ᠢ ᠥᠭᠡᠷᠡᠴᠢᠯᠡᠨ ᠪᠠᠶᠢᠭᠤᠯᠬᠤ ᠵᠡᠷᠭᠡ ᠠᠷᠭ᠎ᠠ ᠭᠡᠯᠪᠡᠷᠢ ᠪᠠᠷ ᠲᠠᠮᠵᠢᠨ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠨᠡᠮᠡᠭᠳᠡᠭᠦᠯᠵᠦ᠂ ᠮᠠ ᠸᠧᠢ ᠴᠢᠤᠸᠠᠨ ᠮᠡᠲᠦ  ᠶᠢᠨ ᠰᠢᠨ᠎ᠡ ᠪᠠᠷ ᠨᠡᠮᠡᠭᠳᠡᠭᠰᠡᠨ ᠬᠤᠲᠠ ᠶᠢᠨ ᠠᠷᠠᠳ ᠲᠤ ᠬᠠᠩᠭᠠᠵᠤ᠂ ᠲᠦᠷᠢᠶᠡᠰᠦᠨ ᠮᠥᠩᠭᠦ ᠶᠢ ᠵᠠᠬ᠎ᠠ ᠳᠡᠯᠭᠡᠭᠦᠷ  ᠤᠨ ᠵᠢᠯᠤᠭᠤᠳᠬᠤ ᠦᠨ᠎ᠡ ᠶᠢᠨ 70% ᠪᠠᠷ ᠬᠤᠷᠢᠶᠠᠵᠤ ᠪᠤᠢ᠃ ᠡᠭᠦᠨ ᠤ ᠬᠠᠮᠲᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠲᠦᠷᠢᠶᠡᠰᠦᠯᠡᠬᠦ ᠪᠠ ᠬᠤᠳᠠᠯᠳᠤᠨ ᠠᠪᠬᠤ ᠨᠥᠬᠦᠪᠦᠷᠢ ᠶᠢ ᠭᠦᠷᠳᠡᠭᠡᠳᠤᠢ ᠳᠡᠭᠡᠳᠦ ᠲᠠᠰ ᠤᠨ ᠴᠢᠳᠠᠪᠤᠷᠢᠲᠠᠨ᠂ ᠠᠰᠫᠢᠷᠠᠨᠲ ᠪᠠ ᠵᠢᠩᠬᠢᠨᠢ ᠠᠩᠭᠢ ᠶᠢᠨ ᠰᠣᠷᠣᠬᠴᠢ ᠠᠴᠠ ᠲᠣᠰ ᠲᠣᠰ 100%᠂ 50% ᠪᠠ 30% ᠶᠢᠨ ᠲᠦᠷᠢᠶᠡᠰᠦᠨ ᠮᠥᠩᠭᠦ ᠶᠢ ᠬᠠᠰᠤᠨ ᠬᠡᠯᠲᠦᠷᠢᠭᠦᠯᠵᠦ ᠪᠠᠶᠢᠨ᠎ᠠ᠃ ︽2021 ᠣᠨ ᠳᠤ ᠤᠯᠤᠰ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠨᠡᠶᠢᠲᠡᠯᠡᠭᠳᠡᠮᠡᠭᠴᠡ ᠭᠦᠭᠡᠬᠤᠳᠠ ᠳᠠᠷᠤᠢ ᠳᠤᠨᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠠᠵᠢᠯ ᠢ ᠡᠬᠢᠯᠡᠭᠦᠯᠵᠦ᠂ ᠣᠳᠣᠬᠠᠨ ᠪᠤᠯᠲᠠᠯ᠎ᠠ ᠴᠢᠳᠠᠪᠤᠷᠢᠲᠠᠨ ᠳᠤ ᠴᠢᠭᠯᠡᠭᠦᠯᠦᠭᠰᠡᠨ ᠭᠡᠷ  ᠪᠠᠶᠢᠰᠢᠩ ᠠᠴᠠ ᠬᠠᠰᠤᠵᠤ ᠬᠡᠯᠲᠦᠷᠢᠭᠦᠯᠦᠭᠰᠡᠨ ᠪᠡᠯᠡ ᠮᠥᠩᠭᠦ ᠶᠢᠨ ᠬᠡᠮᠵᠢᠶ᠎ᠡ ᠨᠢᠭᠡᠨᠲᠡ 600 ᠲᠦᠮᠡ ᠰᠢᠬᠠᠮ ᠲᠥᠭᠦᠷᠢᠭ ᠲᠤ ᠭᠦᠷᠪᠠ︾ ᠭᠡᠵᠦ ᠭᠦᠭᠡᠬᠤᠲᠠ ᠶᠢᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠤᠨ ᠳᠡᠳ᠋ ᠡᠷᠭᠢᠯᠡᠭᠴᠢ ᠯᠢ ᠦ᠋ ᠲᠠᠨᠢᠯᠴᠠᠭᠤᠯᠵᠤ ᠪᠠᠶᠢᠯ᠎ᠠ᠃      ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠨᠢ ᠬᠤᠲᠠ ᠶᠢᠨ ︽ᠪᠠᠲᠤᠯᠠᠭ᠎ᠠ ᠶᠢᠨ ᠬᠦᠴᠦᠨ︾ ᠢ ᠳᠡᠭᠡᠭᠰᠢᠯᠡᠭᠦᠯᠵᠦ᠂ ᠨᠠᠩ ᠣᠯᠠᠨ ᠰᠢᠨ᠎ᠡ ᠪᠠᠷ ᠨᠡᠮᠡᠭᠳᠡᠭᠰᠡᠨ ᠬᠤᠲᠠ ᠶᠢᠨ ᠠᠷᠠᠳ ᠢᠯᠠᠩᠭᠤᠶ᠎ᠠ  ᠵᠠᠯᠠᠭᠤᠴᠤᠳ ᠢ ᠰᠠᠭᠤᠬᠤ ᠠᠴᠠ ᠣᠷᠣᠨ ᠰᠠᠭᠤᠴᠠ ᠲᠠᠢ᠂ ᠰᠠᠭᠤᠷᠢᠰᠢᠬᠤ ᠠᠴᠠ ᠠᠮᠤᠭᠤᠯᠠᠩ ᠰᠠᠭᠤᠴᠠ ᠲᠠᠢ ᠪᠤᠯᠭᠠᠬᠰᠠᠨ ᠶᠤᠮ᠃ 2023 ᠣᠨ ᠳᠤ ᠮᠠᠨ ᠤ ᠣᠷᠣᠨ ᠰᠢᠨ᠎ᠡ ᠪᠠᠷ ᠨᠡᠮᠡᠭᠳᠡᠭᠰᠡᠨ ᠬᠤᠲᠠ ᠶᠢᠨ ᠠᠷᠠᠳ ᠤᠨ ᠣᠷᠣᠨ ᠰᠠᠭᠤᠴᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠬᠦᠴᠢᠷ ᠠᠰᠠᠭᠤᠳᠠᠯ ᠤᠨ ᠲᠣᠭᠤᠷᠢᠨ ᠳᠤ ︽ᠪᠠᠭ᠎ᠠ ᠥᠷᠥᠭᠡ ᠬᠢᠮᠳᠠ ᠲᠦᠷᠢᠶᠡᠰᠦᠨ ᠮᠥᠩᠭᠦ︾ ᠶᠢᠨ ᠵᠠᠷᠴᠢᠮ ᠢ ᠪᠠᠷᠢᠮᠲᠠᠯᠠᠨ᠂ ᠰᠤᠯᠠ ᠲᠠᠯᠪᠢᠭᠳᠠᠵᠤ ᠪᠠᠶᠢᠭ᠎ᠠ ᠡᠬᠢ ᠪᠠᠶᠠᠯᠢᠭ ᠢ ᠠᠰᠢᠭᠯᠠᠯᠲᠠ ᠳᠤ ᠤᠷᠤᠭᠤᠯᠬᠤ ᠪᠠᠷ ᠭᠤᠣᠯ ᠪᠣᠯᠭᠠᠨ ᠣᠯᠠᠨ ᠲᠠᠯ᠎ᠠ ᠶᠢᠨ ᠭᠤᠣᠯ ᠴᠣᠭᠴᠠ ᠶᠢᠨ ᠣᠷᠤᠯᠴᠠᠬᠤ ᠶᠢ ᠬᠥᠲᠥᠯᠥᠨ ᠵᠢᠯᠤᠭᠤᠳᠴᠤ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ ᠣᠯᠠᠨ ᠠᠷᠭ᠎ᠠ ᠵᠠᠮ ᠢᠶᠠᠷ ᠪᠦᠲᠦᠭᠡᠨ ᠪᠠᠶᠢᠭᠤᠯᠵᠤ ᠨᠡᠮᠡᠭᠳᠡᠭᠦᠯᠦᠭᠰᠡᠨ ᠪᠠᠶᠢᠨ᠎ᠠ᠃ ︽2023 ᠣᠨ ᠳᠤ ᠪᠦᠭᠦ ᠣᠷᠣᠨ ᠳᠤ 1.12 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠪᠠᠶᠢᠭᠤᠯᠵᠤ᠂ 2023 ᠣᠨ ᠤ ᠰᠡᠭᠦᠯᠴᠢ ᠪᠤᠯᠬᠤ ᠳᠤ ᠮᠠᠨ ᠤ ᠣᠷᠣᠨ ᠳᠤ ᠨᠡᠶᠢᠲᠡ 2.7 ᠲᠦᠮᠡᠨ ᠢᠵᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠲᠠᠢ ᠪᠣᠯᠪᠠ︾ ᠭᠡᠵᠦ ᠥᠪᠡᠷᠲᠡᠭᠡᠨ ᠵᠠᠰᠠᠬᠤ ᠣᠷᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠢᠩᠬᠢᠮ ᠤᠨ ᠣᠷᠣᠨ ᠰᠠᠭᠤᠴᠠ ᠶᠢᠨ ᠪᠠᠲᠤᠯᠠᠭ᠎ᠠ ᠬᠢᠭᠡᠳ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠡᠳ᠋ ᠳᠠᠷᠤᠭ᠎ᠠ ᠸᠠᠩ ᠸᠧᠢ ᠲᠠᠨᠢᠯᠴᠠᠭᠤᠯᠤᠨ᠎ᠠ᠃      ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠨᠢ  ᠨᠢᠭᠡ ᠲᠠᠯ᠎ᠠ ᠪᠠᠷ ᠠᠷᠠᠳ ᠤᠨ ᠠᠮᠢᠳᠤᠷᠠᠯ ᠲᠠᠢ ᠬᠤᠯᠪᠣᠭᠳᠠᠨ ᠨᠦᠭᠦᠭᠡ ᠲᠠᠯ᠎ᠠ ᠪᠠᠷ ᠬᠤᠳᠠ ᠶᠢᠨ ᠬᠥᠭᠵᠢᠯᠲᠡ ᠲᠠᠢ ᠬᠤᠯᠪᠣᠭᠳᠠᠨ᠎ᠠ᠂ ᠣᠷᠣᠨ ᠰᠠᠭᠤᠴᠠ ᠶᠢᠨ ᠵᠠᠬ᠎ᠠ ᠳᠡᠯᠭᠡᠭᠦᠷ ᠪᠣᠯᠣᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠬᠦ ᠪᠣᠯ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠴᠢᠬᠤᠯᠠ ᠡᠭᠦᠷᠭᠡ ᠮᠥᠨ᠃      ︽ᠮᠢᠨᠤ ᠴᠢᠰᠤᠨ ᠳᠠᠷᠤᠯᠲᠠ ᠥᠨᠳᠥᠷ᠂ ᠬᠥᠭᠰᠢᠨ ᠪᠠᠰᠠ ᠲᠠᠷᠢᠬᠢᠨ ᠰᠤᠳᠠᠯ ᠤᠨ ᠲᠦᠭᠵᠢᠷᠡᠯ ᠢᠶᠠᠷ ᠵᠡᠮᠳᠡᠭ ᠪᠣᠯᠵᠤ᠂ ᠠᠮᠢᠳᠤᠷᠠᠯ ᠮᠠᠰᠢ ᠬᠦᠴᠢᠷᠳᠡᠯᠲᠡᠢ ᠪᠣᠯᠵᠠᠢ᠃ ᠲᠣᠰᠬᠤᠨ ᠳᠤ ᠪᠠᠶᠢᠬᠤ ᠳᠠᠭᠠᠨ ᠲᠦᠭᠡᠭᠡᠯ ᠤᠰᠤ ᠦᠭᠡᠢ᠂ ᠵᠣᠷᠯᠣᠩ ᠦᠭᠡᠢ ᠵᠢᠭᠠᠬᠠᠨ ᠭᠡᠷ ᠲᠤ ᠰᠠᠭᠤᠵᠤ᠂ ᠡᠪᠦᠯ ᠤᠨ ᠬᠦᠢᠲᠡᠨ ᠳᠤ ᠨᠡᠭᠦᠷᠡᠰᠦ ᠰᠢᠲᠠᠭᠠᠬᠤ ᠠᠴᠠ ᠵᠣᠭᠤᠰ ᠮᠥᠩᠭᠦ ᠪᠠᠨ ᠬᠠᠶᠢᠷᠠᠯᠠᠭᠠᠳ ᠪᠡᠭᠡᠷᠡᠵᠦ ᠰᠠᠭᠤᠳᠠᠭ ᠪᠠᠶᠢᠭᠰᠠᠨ︾ ᠭᠡᠵᠦ ᠭᠦᠭᠡᠬᠤᠲᠠ ᠶᠢᠨ ᠢᠦᠶᠢᠴᠢᠤᠸᠠᠨ ᠲᠣᠭᠤᠷᠢᠭ  ᠤᠨ ᠯᠠᠨ ᠢᠦᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠯᠢᠦ ᠬᠤᠸᠠ ᠨᠠᠰᠤᠲᠠᠨ ᠥᠩᠭᠡᠷᠡᠭᠰᠡᠨ ᠤ ᠠᠮᠢᠳᠤᠷᠠᠯ  ᠢᠶᠠᠨ ᠡᠷᠭᠢᠴᠡᠭᠦᠯᠬᠦ ᠳᠤ ᠥᠪᠡᠷ ᠤᠨ ᠡᠷᠬᠡ ᠦᠭᠡᠢ ᠨᠢᠯᠪᠤᠰᠤ ᠪᠥᠮᠪᠥᠷᠢᠭᠦᠯᠵᠦ ᠪᠠᠶᠢᠯ᠎ᠠ᠃ ᠲᠡᠳᠡᠨ ᠤ ᠣᠷᠣᠨ ᠰᠠᠭᠤᠴᠠ ᠶᠢᠨ ᠬᠦᠴᠢᠷᠳᠡᠯ ᠢ ᠰᠢᠢᠳᠪᠦᠷᠢᠯᠡᠬᠦ ᠶᠢᠨ ᠲᠥᠯᠥᠭᠡ᠂ 2022 ᠣᠨ ᠤ 7 ᠰᠠᠷ᠎ᠠ ᠳᠤ ᠭᠦᠭᠡᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠣᠷᠣᠨ ᠰᠠᠭᠤᠴᠠ  ᠶᠢᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠯᠢᠦ ᠬᠤᠸᠠ ᠨᠠᠰᠤᠲᠠᠨ ᠳᠤ ᠨᠢᠭᠡ ᠢᠵᠢ ᠣᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠬᠤᠪᠢᠶᠠᠵᠤ ᠥᠭᠪᠡ᠃ ᠬᠠᠯᠠᠭᠤᠨ ᠳᠤᠯᠠᠭᠠᠨ ᠲᠣᠬᠢᠯᠢᠭ ᠰᠠᠶᠢᠬᠠᠨ ᠣᠯᠠᠨ ᠨᠡᠶᠢᠲᠡ  ᠶᠢᠨ ᠲᠦᠷᠢᠶᠡᠰᠦᠨ ᠣᠷᠣᠨ ᠰᠠᠭᠤᠴᠠ ᠳᠤ ᠨᠡᠭᠦᠵᠦ ᠣᠷᠣᠭᠰᠠᠨ ᠯᠢᠦ ᠬᠤᠸᠠ ᠨᠠᠰᠤᠲᠠᠨ᠄ ︽ᠣᠳᠣ ᠶᠢᠨ ᠰᠠᠭᠤᠴᠠ ᠠᠭᠤᠵᠢᠭᠤ ᠲᠣᠬᠢᠯᠢᠭ ᠪᠠᠶᠢᠵᠤ᠂ ᠨᠢᠳᠤᠨᠤᠨ ᠡᠪᠦᠯ ᠤᠨ ᠲᠡᠷᠡ ᠶᠠᠰᠤ ᠵᠢᠩᠭᠢᠨᠡᠮ᠎ᠡ ᠬᠦᠢᠲᠡᠨ ᠡᠳᠦᠷ ᠤᠳ ᠢ ᠶᠡᠭᠡ ᠳᠤᠯᠠᠭᠠᠬᠠᠨ ᠥᠩᠭᠡᠷᠡᠭᠦᠯᠦᠭᠰᠡᠨ ᠰᠢᠤ︾ ᠭᠡᠵᠦ  ᠪᠠᠶᠠᠷᠲᠠᠢ ᠶᠠᠷᠢᠨ᠎ᠠ᠃      ᠥᠪᠡᠷᠲᠡᠭᠡᠨ ᠵᠠᠰᠠᠬᠤ ᠣᠷᠣᠨ ᠠᠴᠠ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠠᠯ᠎ᠠ ᠪᠠᠷ ᠬᠤᠳᠠ ᠪᠠᠯᠭᠠᠰᠤᠨ ᠤ ᠣᠷᠣᠨ ᠰᠠᠭᠤᠴᠠ ᠪᠠ ︽ᠬᠤᠣᠰ ᠬᠦᠴᠢᠷᠳᠡᠯ ᠲᠠᠢ︾ ᠭᠡᠷ ᠪᠦᠯᠢ  ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠲᠤᠯᠠᠭ᠎ᠠ ᠶᠢᠨ ᠠᠷᠭ᠎ᠠ ᠵᠠᠮ ᠢ ᠰᠢᠯᠤᠭᠤᠳᠬᠠᠨ᠂ ᠪᠠᠲᠤᠯᠠᠭ᠎ᠠ ᠶᠢᠨ ᠠᠷᠭ᠎ᠠ ᠭᠡᠯᠪᠡᠷᠢ ᠶᠢ ᠲᠡᠭᠦᠯᠳᠡᠷᠵᠢᠭᠦᠯᠵᠦ᠂ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠤᠨ᠂ ᠣᠷᠣᠨ ᠰᠠᠭᠤᠴᠠ ᠶᠢᠨ ᠲᠠᠯ᠎ᠠ  ᠪᠠᠷ ᠦᠨᠡᠨ ᠬᠦ ᠬᠦᠴᠢᠷᠳᠡᠯ ᠲᠠᠢ ᠤᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠢ ᠤᠷᠢᠳ ᠢᠶᠠᠷ ᠰᠠᠶᠢᠵᠢᠷᠠᠭᠤᠯᠬᠤ ᠪᠠᠷ ᠴᠢᠷᠮᠠᠶᠢᠭᠰᠠᠨ ᠪᠠᠶᠢᠨ᠎ᠠ᠃ ︽2023 ᠣᠨ ᠤ ᠰᠡᠭᠦᠯᠴᠢ ᠪᠤᠯᠲᠠᠯ᠎ᠠ ᠪᠦᠭᠦ ᠣᠷᠣᠨ ᠢᠶᠠᠷ ᠢᠶᠠᠨ ᠨᠡᠶᠢᠲᠡ 32.47 ᠲᠦᠮᠡᠨ ᠢᠵᠢ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠪᠢᠶᠠᠨ ᠲᠣᠬᠢᠷᠠᠭᠤᠯᠵᠤ᠂ 2023 ᠣᠨ ᠳᠤ ᠬᠤᠲᠠ ᠪᠠᠯᠭᠠᠰᠤ ᠶᠢᠨ 2.76 ᠲᠦᠮᠡᠨ ᠣᠷᠣᠨ ᠰᠠᠭᠤᠴᠠ ᠶᠢᠨ ᠪᠠᠲᠤᠯᠠᠭᠠᠲᠤ ᠡᠷᠦᠭᠡ ᠳᠤ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠣᠯᠭᠤᠭᠰᠠᠨ ᠶᠤᠮ︾ ᠭᠡᠵᠦ ᠸᠠᠩ ᠸᠧᠢ ᠬᠡᠯᠡᠪᠡ᠃ ᠮᠠᠨ ᠤ ᠣᠷᠣᠨ ᠤᠯᠠᠨ ᠨᠡᠶᠢᠳᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯᠲᠡᠢ ᠭᠡᠷ  ᠪᠦᠯᠢ ᠶᠢᠨ ᠬᠦᠰᠡᠭᠰᠡᠭᠡᠷ ᠢᠷᠡᠭᠰᠡᠨ ᠠᠮᠤᠭᠤᠯᠠᠩ ᠰᠠᠭᠤᠴᠠ ᠶᠢᠨ ᠬᠦᠰᠡᠯ ᠢ ᠬᠦᠴᠦᠯᠡᠨ ᠪᠡᠶᠡᠯᠡᠭᠦᠯᠵᠦ ᠪᠠᠶᠢᠨ᠎ᠠ᠃      ᠸᠠᠩ ᠶᠠᠨ ᠪᠣᠯ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤ ᠶᠢᠨ ᠰᠠᠭᠤᠭᠠᠯᠢ᠂ 2022 ᠣᠨ ᠳᠤ ᠲᠡᠳᠡᠨ ᠤ ᠬᠢᠨ ᠲᠦᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠠᠴᠠ ᠪᠠᠨ ᠠᠷᠢᠭᠤᠨ ᠴᠡᠪᠡᠷ ᠣᠷᠴᠢᠨ ᠲᠠᠢ᠂ ᠢᠵᠢ ᠪᠦᠷᠢᠨ ᠰᠠᠭᠤᠷᠢ ᠲᠥᠬᠦᠭᠡᠷᠦᠮᠵᠢ ᠲᠠᠢ ᠶᠢᠨ ᠰᠧ ᠬᠤᠸᠠ ᠹᠦ᠋ ᠰᠠᠭᠤᠭᠠᠯᠢ ᠠᠷᠠᠳ ᠤᠨ ᠲᠣᠭᠤᠷᠢᠭ ᠲᠠᠬᠢ 110 ᠭᠠᠷᠤᠢ ᠲᠡᠭᠰᠢ ᠳᠥᠷᠪᠡᠯᠵᠢᠨ ᠮᠧᠲᠷ ᠪᠦᠬᠦᠢ ᠴᠠᠭᠢᠯᠭᠠᠨ ᠱᠠᠲᠤ ᠲᠠᠢ ᠠᠰᠠᠷ ᠲᠤ ᠨᠡᠭᠦᠭᠰᠡᠨ ᠶᠤᠮ᠃ ︽ᠮᠠᠨ ᠤ ᠬᠠᠭᠤᠴᠢᠨ ᠪᠠᠶᠢᠰᠢᠩ ᠰᠢᠷᠦᠭᠦᠨ ᠪᠣᠷᠣᠭᠠᠨ ᠳᠤ ᠨᠤᠷᠠᠵᠤ᠂ ᠰᠠᠭᠤᠬᠤ ᠭᠡᠷ ᠦᠭᠡᠢ ᠲᠦᠪᠡᠭᠳᠡᠵᠦ ᠪᠠᠶᠢᠬᠤ ᠳᠤ ᠵᠠᠰᠠᠭ ᠤᠨ ᠣᠷᠳᠣᠨ ᠠᠴᠠ ᠬᠠᠭᠤᠴᠢᠨ ᠪᠠᠶᠢᠰᠢᠩ ᠢᠶᠠᠷ ᠰᠢᠨ᠎ᠡ ᠠᠰᠠᠷ ᠰᠣᠯᠢᠨ ᠥᠭᠴᠦ᠂ ᠪᠢᠳᠡᠨ ᠳᠤ ᠲᠣᠬᠢᠯᠢᠭ ᠰᠠᠶᠢᠬᠠᠨ ᠰᠢᠨ᠎ᠡ ᠰᠠᠭᠤᠴᠠ ᠣᠯᠭᠤᠪᠠ︾ ᠭᠡᠵᠦ ᠸᠠᠩ ᠶᠠᠨ ᠤᠷᠮᠠᠲᠠᠢ ᠶᠠᠷᠢᠨ᠎ᠠ᠃ ᠪᠦᠭᠦ ᠣᠷᠣᠨ ᠤ ᠡᠯ᠎ᠡ ᠭᠠᠵᠠᠷ ᠤᠨ ᠬᠢᠨ ᠣᠷᠣᠨ ᠨᠤᠲᠤᠭ ᠤᠨ ᠪᠣᠳᠠᠲᠤ ᠪᠠᠶᠢᠳᠠᠯ ᠳᠠᠭᠠᠨ ᠲᠣᠬᠢᠷᠠᠭᠤᠯᠬᠤ᠂ ᠴᠢᠳᠠᠯ ᠤᠨ ᠬᠢᠷᠢ ᠪᠠᠷ ᠬᠢᠬᠦ ᠶᠢ ᠪᠠᠷᠢᠮᠲᠠᠯᠠᠨ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠰᠢᠨᠡᠳᠬᠡᠬᠦ ᠬᠡᠪᠴᠢᠶ᠎ᠡ ᠪᠠ ᠪᠠᠷᠢᠮᠵᠢᠶ᠎ᠠ ᠶᠢ ᠴᠢᠩᠭ᠎ᠠ ᠡᠵᠡᠮᠳᠡᠵᠦ᠂ ᠬᠤᠲᠠ ᠶᠢᠨ ᠳᠤᠮᠳᠠᠬᠢ ᠲᠣᠰᠬᠤᠨ ᠤ ᠡᠮᠬᠢ ᠵᠠᠮᠪᠠᠷᠠᠭ᠎ᠠ ᠦᠭᠡᠢ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠢ ᠭᠤᠣᠯᠳᠠᠯᠭ᠎ᠠ ᠲᠠᠢ ᠥᠭᠡᠷᠡᠴᠢᠯᠡᠨ ᠰᠢᠨᠡᠳᠬᠡᠵᠦ᠂ ᠬᠤᠲᠠ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠠᠮᠤᠷ ᠲᠦᠪᠰᠢᠨ ᠤ ᠳᠠᠯᠳᠠ ᠭᠡᠮ ᠢ ᠬᠦᠴᠦᠯᠡᠨ ᠠᠷᠢᠯᠭᠠᠵᠤ ᠪᠤᠢ᠃ 2023 ᠣᠨ ᠳᠤ ᠪᠦᠭᠦ ᠣᠷᠣᠨ ᠢᠶᠠᠷ ᠢᠶᠠᠨ ᠬᠤᠲᠠ ᠶᠢᠨ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 1.56 ᠲᠦᠮᠡᠨ ᠢᠵᠢ  ᠣᠷᠣᠨ ᠰᠠᠭᠤᠴᠠ ᠶᠢ  ᠥᠭᠡᠷᠡᠴᠢᠯᠡᠨ ᠰᠢᠨᠡᠳᠬᠡᠬᠦ  ᠪᠠᠷᠢᠯᠭ᠎ᠠ ᠶᠢ ᠡᠬᠢᠯᠡᠭᠦᠯᠵᠡᠢ᠃      ᠠᠷᠠᠳ ᠲᠦᠮᠡᠨ ᠤ ᠭᠡᠷ ᠪᠦᠯᠢ ᠶᠢᠨ ᠠᠮᠢᠳᠤᠷᠠᠯ ᠤᠨ ᠬᠤᠪᠢᠷᠠᠯᠲᠠ ᠪᠣᠯ ᠤᠯᠤᠰ ᠤᠨ ᠬᠥᠭᠵᠢᠯᠲᠡ ᠲᠠᠪᠰᠢᠯᠳᠠ ᠶᠢᠨ ᠬᠤᠷᠢᠶᠠᠩᠭᠤᠢ ᠢᠯᠡᠷᠡᠯ ᠪᠠᠶᠢᠵᠤ᠂ ᠠᠷᠠᠳ ᠲᠦᠮᠡᠨ ᠤ ᠣᠷᠣᠨ ᠰᠠᠭᠤᠴᠠ ᠶᠢᠨ ᠬᠤᠪᠢᠷᠠᠯᠲᠠ ᠪᠣᠯ ᠭᠡᠷ ᠪᠦᠯᠢ ᠶᠢᠨ ᠠᠮᠢᠳᠤᠷᠠᠯ ᠤᠨ ᠬᠤᠪᠢᠷᠠᠯᠲᠠ ᠶᠢᠨ ᠴᠢᠬᠤᠯᠠ ᠢᠯᠡᠷᠡᠯ ᠪᠣᠯᠣᠨ᠎ᠠ᠃ ᠬᠠᠭᠤᠴᠢᠨ ᠣᠷᠣᠨ ᠰᠠᠭᠤᠴᠠ  ᠠᠴᠠ ᠰᠢᠨ᠎ᠡ ᠣᠷᠣᠨ ᠰᠠᠭᠤᠴᠠ ᠭᠦᠷᠲᠡᠯ᠎ᠡ᠂ ᠢᠪᠴᠤᠤ ᠴᠢᠬᠤᠯ ᠭᠡᠷ ᠪᠠᠶᠢᠰᠢᠩ ᠠᠴᠠ ᠠᠭᠤᠵᠢᠮ ᠰᠠᠷᠠᠭᠤᠯ ᠭᠡᠷ ᠪᠠᠶᠢᠰᠢᠩ ᠭᠦᠷᠲᠡᠯ᠎ᠡ᠂ ᠳᠦᠭᠦᠮ ᠪᠦᠲᠦᠴᠡᠲᠦ ᠣᠷᠣᠨ ᠰᠠᠭᠤᠴᠠ ᠠᠴᠠ ᠠᠰᠠᠷ ᠲᠠᠭᠲᠤ ᠭᠦᠷᠲᠡᠯ᠎ᠡ᠂ ᠠᠮᠤᠭᠤᠯᠠᠩ ᠰᠠᠭᠤᠴᠠ ᠠᠴᠠ ᠲᠣᠬᠢᠯᠢᠭ ᠰᠠᠭᠤᠴᠠ ᠭᠦᠷᠲᠡᠯ᠎ᠡ᠂ ᠤᠳᠠᠭ᠎ᠠ ᠪᠦᠷᠢ ᠶᠢᠨ ᠬᠤᠪᠢᠷᠠᠯᠲᠠ ᠨᠢ ᠬᠥᠮᠥᠰ ᠤᠨ ᠵᠢᠷᠭᠠᠯᠲᠤ ᠲᠥᠷᠥᠭᠳᠡᠯ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠭᠰᠡᠭᠡᠷ ᠁ ᠸᠠᠩ ᠸᠧᠢ ᠶᠢᠨ ᠲᠠᠨᠢᠯᠴᠠᠭᠤᠯᠬᠤ ᠪᠠᠷ᠂ 2024 ᠣᠨ ᠳᠤ ᠮᠠᠨ ᠤ ᠣᠷᠣᠨ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ 1.69 ᠲᠦᠮᠡᠨ ᠢᠵᠢ ︵ᠲᠠᠰᠤᠯᠭ᠎ᠠ︶ ᠰᠢᠨ᠎ᠡ ᠪᠠᠷ ᠪᠠᠶᠢᠭᠤᠯᠵᠤ᠂ ᠬᠤᠲᠠ ᠶᠢᠨ ᠨᠤᠷᠠᠬᠤ ᠠᠶᠤᠯᠲᠠᠢ ᠬᠠᠭᠤᠴᠢᠨ ᠭᠡᠷ ᠪᠠᠶᠢᠰᠢᠩ ᠢ 1500 ᠢᠵᠢ ᠥᠭᠡᠷᠡᠴᠢᠯᠡᠨ ᠰᠢᠨᠡᠳᠬᠡᠬᠦ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号