ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠤᠨ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠴᠢᠨᠠᠭᠰᠢᠳᠠ ᠴᠢᠩᠭᠠᠳᠬᠠᠪᠠ
ᠨᠡᠶᠢᠲᠡᠯᠡᠭᠰᠡᠨ ᠴᠠᠭ᠄
2024/1/26
     ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ 2023 ᠣᠨ ᠳᠤ ᠮᠠᠨ ᠤ ᠣᠷᠣᠨ ᠮᠠᠯ ᠠᠵᠤ ᠠᠬᠤᠢ ᠲᠠᠷᠢᠶᠠᠯᠠᠩ ᠤᠨ ᠲᠥᠷᠥ ᠶᠢᠨ ᠪᠣᠳᠣᠯᠭ᠎ᠠ ᠶᠢᠨ ᠲᠤᠯᠭᠠᠭᠤᠷᠢᠯᠠᠯ ᠢ ᠴᠢᠨᠠᠭᠰᠢᠳᠠ ᠴᠢᠩᠭᠠᠳᠬᠠᠵᠤ᠂ ᠤᠯᠤᠰ ᠠᠴᠠ ᠡᠷᠡᠮᠡᠯᠵᠡᠵᠦ ᠣᠯᠣᠭᠰᠠᠨ ᠮᠠᠯ ᠠᠵᠤ ᠠᠬᠤᠢ ᠲᠠᠷᠢᠶᠠᠯᠠᠩ ᠤᠨ ᠬᠦᠷᠢᠶᠡᠨ ᠳᠠᠬᠢ ᠪᠡᠯᠡ ᠮᠥᠩᠭᠦ ᠪᠠ ᠲᠥᠷᠥᠯ ᠵᠦᠢᠯ ᠳᠠᠬᠢᠨᠲᠠ ᠰᠢᠨ᠎ᠡ ᠲᠡᠮᠳᠡᠭᠯᠡᠯ ᠢ ᠡᠭᠦᠳᠴᠡᠢ᠃      2023 ᠣᠨ ᠳᠤ ᠮᠠᠨ ᠤ ᠣᠷᠣᠨ ᠤ ᠤᠯᠤᠰ ᠤᠨ ᠳᠡᠮᠵᠢᠯᠭᠡ ᠶᠢ ᠣᠯᠬᠤ ᠪᠠᠷ ᠭᠤᠶᠤᠴᠢᠯᠠᠭᠰᠠᠨ ᠮᠠᠯ ᠠᠵᠤ ᠠᠬᠤᠢ ᠲᠠᠷᠢᠶᠠᠯᠠᠩ ᠤᠨ 9 ᠵᠦᠢᠯ ᠤᠨ ᠤᠴᠢᠷ ᠶᠠᠪᠤᠳᠠᠯ ᠪᠦᠭᠦᠨ ᠢᠶᠠᠷ ᠢᠶᠠᠨ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ᠳᠤ ᠣᠷᠣᠭᠰᠠᠨ ᠪᠠᠶᠢᠨ᠎ᠠ᠃ ᠥᠪᠡᠷᠲᠡᠭᠡᠨ ᠵᠠᠰᠠᠬᠤ ᠣᠷᠣᠨ ᠠᠴᠠ ︽ᠲᠠᠷᠢᠶᠠᠨ ᠭᠠᠵᠠᠷ ᠢ ᠥᠨᠳᠥᠷ ᠪᠦᠲᠦᠮᠵᠢᠲᠡᠢ ᠠᠰᠢᠭᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾᠂ ︽ᠰᠦ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠨᠦᠭᠦᠳ︾᠂ ︽ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ︾ ᠵᠡᠷᠭᠡ 7 ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ᠂ 100 ᠭᠠᠷᠤᠢ ᠠᠵᠢᠯ ᠤᠨ ᠲᠥᠰᠥᠯ ᠢ ᠢᠵᠢ ᠪᠦᠷᠢᠳᠦᠭᠦᠯᠦᠨ ᠲᠤᠭᠤᠰᠢᠯᠠᠭᠤᠯᠬᠤ ᠶᠢ ᠠᠳᠬᠤᠨ᠂ ᠬᠦᠴᠦᠨ ᠢᠶᠠᠨ ᠲᠥᠪᠯᠡᠷᠡᠭᠦᠯᠦᠨ ᠶᠡᠭᠡ ᠶᠠᠪᠤᠳᠠᠯ ᠪᠦᠲᠦᠭᠡᠬᠦ ᠦᠷ᠎ᠡ ᠠᠰᠢᠭ ᠢ ᠠᠩᠬ᠎ᠠ ᠠᠯᠬᠤᠮ ᠢᠯᠡᠷᠡᠭᠦᠯᠪᠡ᠃ ᠬᠠᠤᠯᠢ ᠴᠠᠭᠠᠵᠠ ᠶᠢᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠳᠤ ᠬᠡᠷᠡᠭᠯᠡᠬᠦ ᠨᠢᠮᠭᠡᠨ ᠰᠦᠯᠢᠶᠥᠦ ᠪᠦᠷᠬᠦᠪᠴᠢ ᠶᠢᠨ ᠪᠣᠬᠢᠷᠳᠤᠯ ᠢ ᠰᠡᠷᠭᠡᠶᠢᠯᠡᠨ ᠵᠠᠰᠠᠬᠤ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠢᠬᠠᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ︾᠂ ︽ᠥᠪᠥᠷ ᠮᠣᠩᠭᠤᠯ  ᠤᠨ ᠥᠪᠡᠷᠲᠡᠭᠡᠨ ᠵᠠᠰᠠᠬᠤ ᠣᠷᠣᠨ ᠤ ᠰᠦ ᠶᠢᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠦᠷᠢᠮ︾ ᠵᠡᠷᠭᠡ 4 ᠳᠦᠷᠢᠮ ᠢ ᠲᠣᠭᠲᠠᠭᠠᠵᠤ᠂ ᠮᠠᠯ ᠠᠵᠤ ᠠᠬᠤᠢ ᠲᠠᠷᠢᠶᠠᠯᠠᠩ ᠤᠨ ᠴᠢᠨᠠᠷ ᠰᠠᠶᠢᠲᠠᠢ ᠬᠥᠭᠵᠢᠯᠲᠡ  ᠳᠤ ᠬᠠᠤᠯᠢ ᠴᠠᠭᠠᠵᠠ ᠶᠢᠨ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号