2023 ᠣᠨ ᠳᠤ ᠮᠠᠨ ᠤ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠬᠡᠪᠴᠢᠶ᠎ᠡ ᠨᠡᠮᠡᠭᠳᠡᠪᠡ
ᠨᠡᠶᠢᠲᠡᠯᠡᠭᠰᠡᠨ ᠴᠠᠭ᠄
2024/1/26
     ᠰᠤᠷᠪᠤᠯᠵᠢᠯᠠᠬᠴᠢ 23 ᠤ ᠡᠳᠦᠷ ᠪᠦᠭᠦ ᠤᠯᠤᠰ ᠤᠨ ᠪᠣᠭᠤᠮᠲᠠ ᠶᠢᠨ ᠠᠵᠢᠯ ᠤᠨ ᠬᠤᠷᠠᠯ ᠠᠴᠠ ᠣᠶᠢᠯᠠᠭᠠᠭᠰᠠᠨ ᠢᠶᠠᠷ᠂ ᠣᠶᠢᠷ᠎ᠠ ᠶᠢᠨ ᠵᠢᠯ ᠠᠴᠠ ᠮᠠᠨ ᠤ ᠤᠯᠤᠰ ᠴᠢᠨᠠᠷ ᠰᠠᠶᠢᠲᠠᠢ ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠬᠤ ᠶᠢ ᠵᠥᠪᠰᠢᠶᠡᠷᠡᠬᠦ ᠪᠠ ᠭᠠᠳᠠᠭᠠᠳᠤ ᠠᠴᠠ ᠣᠷᠣᠭᠤᠯᠬᠤ ᠶᠢ ᠢᠳᠡᠪᠬᠢᠲᠡᠢ ᠠᠬᠢᠭᠤᠯᠪᠠ᠃ 2023 ᠣᠨ ᠳᠤ᠂ 51 ᠤᠯᠤᠰ ᠪᠠ ᠭᠠᠵᠠᠷ ᠣᠷᠣᠨ ᠤ 146 ᠵᠦᠢᠯ ᠤᠨ ᠴᠢᠨᠠᠷ ᠰᠠᠶᠢᠲᠠᠢ  ᠲᠠᠷᠢᠶᠠᠯᠠᠩ ᠤᠨ ᠪᠦᠲᠦᠭᠡᠭᠳᠡᠬᠦᠨ ᠢ ᠳᠤᠮᠳᠠᠳᠤ ᠤᠯᠤᠰ ᠲᠤ ᠣᠷᠣᠭᠤᠯᠬᠤ ᠶᠢ ᠰᠢᠨ᠎ᠡ ᠪᠠᠷ ᠨᠡᠮᠡᠵᠦ ᠵᠥᠪᠰᠢᠶᠡᠷᠡᠵᠦ᠂ ᠤᠯᠤᠰ ᠤᠨ ᠳᠣᠲᠣᠭᠠᠳᠤ ᠶᠢᠨ ᠬᠡᠷᠡᠭᠯᠡᠭᠡ ᠶᠢᠨ ᠤᠯᠠᠨ ᠡᠰᠢᠵᠢᠭᠰᠡᠨ ᠬᠡᠷᠡᠭᠴᠡᠭᠡ ᠪᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠪᠠ᠃      ᠲᠠᠨᠢᠯᠴᠠᠭᠤᠯᠤᠭᠰᠠᠨ ᠢᠶᠠᠷ᠂ 2023 ᠣᠨ ᠳᠤ᠂ ᠪᠦᠭᠦ ᠤᠯᠤᠰ ᠤᠨ ᠡᠯ᠎ᠡ ᠪᠣᠭᠤᠮᠲᠠ ᠨᠢ ᠬᠢᠵᠢᠭ ᠢ ᠪᠠᠶᠢᠴᠠᠭᠠᠵᠤ ᠣᠷᠣᠭᠤᠯᠬᠤ ᠶᠢ ᠵᠥᠪᠰᠢᠶᠡᠷᠡᠬᠦ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠪᠠ᠂ ᠡᠭᠦᠨ ᠳᠤ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠦᠲᠦᠭᠡᠨ ᠪᠠᠶᠢᠭᠤᠯᠬᠤ ᠤᠯᠤᠰ ᠯᠤᠭ᠎ᠠ ᠲᠠᠷᠢᠶᠠᠯᠠᠩ ᠤᠨ ᠪᠦᠲᠦᠭᠡᠭᠳᠡᠬᠦᠨ ᠢ ᠣᠷᠣᠭᠤᠯᠬᠤ ᠶᠢ ᠵᠥᠪᠰᠢᠶᠡᠷᠡᠬᠦ ᠵᠥᠪᠯᠡᠯᠴᠡᠭᠡᠷ 84 ᠬᠤᠪᠢ᠂ ᠲᠠᠷᠢᠶᠠᠯᠠᠩ ᠤᠨ ᠪᠦᠲᠦᠭᠡᠭᠳᠡᠬᠦᠨ ᠤ ᠲᠣᠭᠲᠠᠴᠠ ᠶᠢᠨ ᠲᠥᠷᠥᠯ ᠤᠨ ᠬᠠᠮᠲᠤᠷᠠᠯᠴᠠᠭᠠᠨ ᠤ ᠵᠥᠪᠯᠡᠯᠴᠡᠭᠡᠷ 12 ᠬᠤᠪᠢ ᠶᠢ ᠲᠣᠭᠲᠠᠪᠠ᠃      ᠪᠣᠭᠤᠮᠲᠠ ᠶᠢᠨ ᠶᠡᠷᠦᠩᠬᠡᠢ ᠵᠠᠬᠢᠷᠭ᠎ᠠ ᠶᠢᠨ ᠬᠠᠷᠢᠭᠤᠴᠠᠯᠭᠠᠲᠠᠨ᠂ ᠥᠩᠭᠡᠷᠡᠭᠰᠡᠨ ᠨᠢᠭᠡ ᠵᠢᠯ ᠳᠤ᠂ ᠵᠣᠭᠰᠣᠩᠭᠢᠷᠠᠵᠤ ᠪᠠᠶᠢᠭᠰᠠᠨ ᠲᠦᠭᠵᠢᠷᠡᠯ ᠢ ᠨᠠᠪᠲᠠᠷᠡᠭᠦᠯᠵᠦ᠂ ᠨᠢᠭᠤᠨ ᠳᠠᠯᠳᠠᠯᠠᠬᠤ ᠠᠶᠤᠯ ᠲᠦᠭᠰᠢᠭᠦᠷᠢ ᠶᠢ ᠠᠷᠢᠯᠭᠠᠨ᠂ ᠳᠤᠲᠠᠭᠠᠬᠤ᠂ ᠮᠡᠬᠡᠯᠡᠬᠦ ᠵᠡᠷᠭᠡ ᠦᠶᠯᠡ ᠠᠵᠢᠯᠯᠠᠭ᠎ᠠ ᠶᠢ  ᠴᠡᠭᠴᠡᠯᠡᠨ ᠵᠠᠰᠠᠵᠤ᠂ ᠬᠤᠣᠷ ᠬᠥᠨᠥᠭᠡᠯ ᠲᠠᠢ ᠵᠦᠢᠯ ᠤᠨ ᠣᠷᠣᠵᠤ ᠢᠷᠡᠬᠦ ᠶᠢ ᠰᠡᠷᠭᠡᠶᠢᠯᠡᠨ ᠡᠵᠡᠮᠳᠡᠵᠦ᠂ ᠤᠯᠤᠰ ᠤᠨ ᠡᠭᠦᠳᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠨᠠᠩ ᠪᠠᠲᠤ ᠪᠠᠬᠢ ᠪᠣᠯᠭᠠᠪᠠ ᠭᠡᠵᠦ ᠢᠯᠡᠳᠬᠡᠪᠡ᠃ ᠪᠦᠭᠦ ᠵᠢᠯ ᠤᠨ ᠪᠣᠭᠤᠮᠲᠠ ᠶᠢᠨ ᠭᠠᠶᠢᠯᠢ ᠶᠢᠨ ᠣᠷᠣᠯᠭ᠎ᠠ ᠶᠢ 2.21 ᠲᠦᠮᠡᠨ ᠳ᠋ᠦᠩᠰᠢᠭᠤᠷ ᠲᠥᠭᠦᠷᠢᠭ ᠢ ᠭᠦᠮᠦᠷᠭᠡᠯᠡᠪᠡ᠂ ᠨᠢᠭᠤᠴᠠ ᠪᠠᠷ ᠠᠷᠠᠯᠵᠢᠶᠠᠯᠠᠭᠰᠠᠨ 4959 ᠶᠠᠯᠠᠲᠤ ᠬᠡᠷᠡᠭ ᠢ ᠬᠡᠷᠡᠭ ᠪᠣᠯᠭᠠᠨ ᠲᠠᠩᠰᠠᠯᠠᠵᠤ ᠰᠢᠢᠳᠪᠦᠷᠢᠯᠡᠪᠡ᠂ ᠬᠡᠷᠡᠭ ᠲᠤ ᠬᠤᠯᠪᠣᠭᠳᠠᠭᠰᠠᠨ ᠵᠣᠭᠤᠰ ᠤᠨ ᠬᠡᠮᠵᠢᠶ᠎ᠡ 886.1 ᠳ᠋ᠦᠩᠰᠢᠭᠤᠷ ᠲᠥᠭᠦᠷᠢᠭ ᠲᠤ ᠭᠦᠷᠴᠡᠢ᠂ ᠰᠢᠨ᠎ᠡ ᠲᠢᠲᠢᠮᠯᠢᠭ ᠸᠢᠷᠦ᠋ᠰ᠂ ᠰᠠᠮᠵᠠᠨ ᠡᠰᠡᠷᠭᠡᠨ᠎ᠡ᠂ ᠬᠤᠯᠢᠷ᠎ᠠ ᠵᠡᠷᠭᠡ ᠡᠯ᠎ᠡ ᠲᠥᠷᠥᠯ ᠤᠨ ᠬᠠᠯᠳᠠᠪᠤᠷᠢᠲᠤ ᠡᠪᠡᠳᠴᠢᠨ ᠢ 49 ᠵᠦᠢᠯ᠂ 3.1 ᠲᠦᠮᠡ ᠪᠠᠶᠢᠴᠠᠭᠠᠨ ᠭᠠᠷᠭᠠᠪᠠ᠂ ᠬᠢᠵᠢᠭ ᠢ ᠪᠠᠶᠢᠴᠠᠭᠠᠬᠤ ᠶᠠᠪᠤᠴᠠ ᠳᠤ ᠬᠤᠣᠷᠲᠤ ᠴᠢᠨᠠᠷᠲᠠᠢ ᠠᠮᠢᠳᠤ ᠪᠣᠳᠠᠰ ᠢ 7.5 ᠲᠦᠮᠡᠨ ᠵᠦᠢᠯ ᠤᠳᠠᠭ᠎ᠠ ᠪᠠᠶᠢᠴᠠᠭᠠᠨ ᠭᠠᠷᠭᠠᠵᠤ᠂ 296 ᠵᠦᠢᠯ᠂ 4.4 ᠲᠦᠮᠡᠨ ︽ᠬᠠᠴᠢᠨ ᠡᠩᠬᠦᠷᠡᠢ ᠠᠮᠢᠳᠠᠨ︾ ᠢ ᠪᠠᠶᠢᠴᠠᠭᠠᠨ ᠣᠯᠵᠠᠯᠠᠪᠠ᠃      2024 ᠣᠨ ᠤ ᠰᠢᠨ᠎ᠡ ᠪᠠᠶᠢᠳᠠᠯ ᠰᠢᠨ᠎ᠡ ᠡᠭᠦᠷᠭᠡ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠲᠣᠰ ᠬᠠᠷᠢᠭᠤᠴᠠᠯᠭᠠᠲᠠᠨ᠂ ᠪᠦᠭᠦ ᠤᠯᠤᠰ ᠤᠨ ᠪᠣᠭᠤᠮᠲᠠ ᠶᠢᠨ ᠠᠵᠢᠯ ᠤᠨ ᠭᠤᠣᠯᠳᠠᠯᠭ᠎ᠠ ᠳᠤ ᠭᠤᠣᠯᠳᠠᠭᠤ ᠭᠠᠶᠢᠯᠢ ᠶᠢ ᠬᠥᠩᠭᠡᠷᠡᠭᠦᠯᠵᠦ ᠭᠠᠶᠢᠯᠢ ᠶᠢ ᠪᠠᠭᠤᠷᠠᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠢᠯᠢ ᠶᠢᠨ ᠪᠠᠭ᠎ᠠ ᠲᠣᠭᠠᠨ ᠤ ᠠᠷᠠᠯᠵᠢᠶ᠎ᠠ ᠪᠠ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠬᠥᠭᠵᠢᠯᠲᠡ ᠶᠢ ᠠᠬᠢᠭᠤᠯᠤᠨ ᠵᠢᠷᠤᠮᠵᠢᠭᠤᠯᠤᠨ᠎ᠠ᠂ ᠪᠣᠭᠤᠮᠲᠠ ᠶᠢᠨ ᠬᠢᠵᠢᠭ ᠢ ᠪᠠᠶᠢᠴᠠᠭᠠᠵᠤ ᠬᠢᠵᠢᠭ ᠢ ᠰᠢᠯᠭᠠᠬᠤ ᠣᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠤ ᠬᠢᠵᠢᠭ ᠢ ᠪᠠᠶᠢᠴᠠᠭᠠᠵᠤ ᠣᠷᠣᠭᠤᠯᠬᠤ ᠶᠢ ᠵᠥᠪᠰᠢᠶᠡᠷᠡᠬᠦ ᠶᠠᠪᠤᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠂ ᠭᠠᠳᠠᠨ᠎ᠠ ᠠᠴᠠ ᠢᠷᠡᠭᠰᠡᠨ ᠪᠣᠳᠠᠰ ᠤᠨ ᠳᠦᠷᠰᠦ ᠶᠢ ᠬᠠᠤᠯᠢ ᠪᠤᠰᠤ ᠪᠠᠷ ᠣᠷᠣᠭᠤᠯᠵᠤ ᠠᠪᠴᠢᠷᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠂ ᠠᠶᠤᠯ ᠲᠦᠭᠰᠢᠭᠦᠷᠢ ᠶᠡᠬᠡᠲᠡᠢ ᠣᠨᠴᠠᠭᠠᠶ ᠡᠳ᠋ ᠪᠣᠳᠠᠰ ᠤᠨ ᠲᠤᠬᠠᠢ ᠡᠷᠡᠭᠦᠯ ᠬᠠᠮᠠᠭᠠᠯᠠᠯ ᠬᠢᠵᠢᠭ ᠤᠨ ᠪᠠᠶᠢᠴᠠᠭᠠᠯᠲᠠ ᠣᠷᠣᠭᠤᠯᠬᠤ ᠶᠢ ᠵᠥᠪᠰᠢᠶᠡᠷᠡᠬᠦ ᠬᠠᠮᠢᠶᠠᠷᠤᠯᠲᠠ ᠵᠡᠷᠭᠡ ᠶᠢ ᠴᠢᠩᠭᠠᠳᠬᠠᠨ᠎ᠠ ᠭᠡᠵᠦ ᠢᠯᠡᠳᠬᠡᠪᠡ᠃      (ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 23 ᠤ ᠴᠠᠭᠢᠯᠭᠠᠨ ᠮᠡᠳᠡᠭᠡ︶
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号