ᠮᠠᠨ ᠤ ᠣᠷᠣᠨ ᠤ ᠪᠦᠲᠦᠭᠡᠨ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠤᠭ᠎ᠠ ᠬᠡᠮᠵᠢᠶ᠎ᠡ ᠲᠡᠦᠬᠡᠨ ᠰᠢᠨ᠎ᠡ ᠲᠡᠮᠳᠡᠭᠯᠡᠯ ᠢ ᠡᠭᠦᠳᠪᠡ
ᠨᠡᠶᠢᠲᠡᠯᠡᠭᠰᠡᠨ ᠴᠠᠭ᠄
2024/1/26
     1 ᠰᠠᠷ᠎ᠠ ᠶᠢᠨ 25 ᠤ ᠡᠳᠦᠷ ᠬᠤᠷᠠᠯᠳᠤᠭᠰᠠᠨ ᠪᠦᠭᠦ ᠣᠷᠣᠨ ᠤ ᠤᠰᠤᠨ ᠠᠰᠢᠭᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠠᠴᠠ ᠣᠶᠢᠯᠠᠭᠠᠭᠰᠠᠨ  ᠢᠶᠠᠷ᠂ 2023 ᠣᠨ ᠳᠤ ᠪᠦᠭᠦ ᠣᠷᠣᠨ ᠤ ᠪᠦᠲᠦᠭᠡᠨ ᠪᠠᠶᠢᠭᠤᠯᠵᠤ ᠪᠠᠶᠢᠭ᠎ᠠ ᠤᠰᠤᠨ ᠠᠰᠢᠭᠯᠠᠯᠲᠠ ᠶᠢᠨ ᠲᠥᠷᠥᠯ ᠵᠦᠢᠯ 1234 ᠪᠠᠶᠢᠵᠤ᠂ ᠡᠭᠦᠨ ᠳᠤ ᠰᠢᠨ᠎ᠡ ᠪᠠᠷ ᠪᠠᠷᠢᠯᠭ᠎ᠠ ᠡᠬᠢᠯᠡᠭᠦᠯᠦᠭᠰᠡᠨ ᠲᠥᠷᠥᠯ ᠵᠦᠢᠯ 1171 ᠪᠠᠶᠢᠵᠤ᠂ ᠶᠡᠷᠦᠩᠬᠡᠢ ᠪᠡᠯᠡ ᠣᠷᠣᠭᠤᠯᠤᠯᠲᠠ ᠨᠢ 658 ᠳ᠋ᠦᠩᠰᠢᠭᠤᠷ ᠲᠥᠭᠦᠷᠢᠭ ᠲᠤ ᠬᠦᠷᠴᠦ᠂ ᠪᠦᠲᠦᠭᠡᠨ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠲᠦᠷᠦᠯ ᠵᠦᠢᠯ 7 ᠪᠠᠶᠢᠵᠤ᠂ ᠪᠡᠯᠡ ᠣᠷᠣᠭᠤᠯᠤᠯᠲᠠ ᠶᠢᠨ ᠬᠡᠪᠴᠢᠶ᠎ᠡ ᠨᠢ 452 ᠳ᠋ᠦᠩᠰᠢᠭᠤᠷ ᠲᠥᠭᠦᠷᠢᠭ ᠢ ᠳᠠᠪᠡᠠ᠂ ᠪᠦᠲᠦᠭᠡᠨ ᠪᠠᠶᠢᠭᠤᠯᠵᠤ ᠪᠠᠶᠢᠭ᠎ᠠ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠤᠨ ᠲᠤᠭ᠎ᠠ ᠬᠡᠮᠵᠢᠶ᠎ᠡ ᠪᠠ ᠪᠡᠯᠡ ᠣᠷᠣᠭᠤᠯᠤᠯᠲᠠ ᠶᠢᠨ ᠬᠡᠪᠴᠢᠶ᠎ᠡ ᠪᠠᠷ ᠲᠡᠦᠬᠡᠨ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ᠃      2023 ᠣᠨ ᠳᠤ᠂ ᠮᠠᠨ ᠤ ᠣᠷᠣᠨ ᠤᠯᠤᠰ ᠤᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠴᠠᠭ ᠲᠤᠬᠠᠢ ᠳᠤᠨᠢ ᠬᠤᠪᠢᠶᠠᠷᠢᠯᠠᠨ ᠪᠠᠭᠤᠯᠭᠠᠵᠤ᠂ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠨ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠂ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠢ 7 ᠬᠤᠭᠤᠴᠠᠭ᠎ᠠ ᠮᠡᠳᠡᠭᠡᠯᠡᠵᠦ᠂ 3 ᠤᠳᠠᠭ᠎ᠠ ᠲᠣᠬᠢᠷᠠᠭᠤᠯᠤᠨ ᠵᠥᠪᠳᠡᠯᠴᠡᠵᠦ᠂ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠵᠠᠢ᠃ ᠡᠭᠦᠨ ᠳᠤ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ ᠢᠨᠵᠧᠨᠧᠷᠢᠩ᠂ ᠴᠤᠤᠯ ᠭᠤᠣᠯ ᠤᠨ ᠤᠰᠤ ᠶᠢ ᠯᠢᠶᠣᠤ ᠾᠧ ᠭᠤᠣᠯ ᠳᠤ ᠲᠠᠲᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ᠂ ᠵᠡᠭᠦᠨ ᠲᠠᠶᠢᠽᠢ ᠤᠰᠤᠨ ᠴᠥᠭᠦᠷᠥᠮ ᠤᠨ ᠪᠠᠷᠢᠯᠭ᠎ᠠ᠂ ᠪᠣᠷᠣᠳᠣᠬᠤᠢ  ᠶᠢᠨ ᠤᠰᠤᠯᠠᠯᠲᠠ ᠶᠢᠨ ᠣᠷᠣᠨ ᠤ ᠦᠷᠭᠦᠯᠵᠢᠯᠡᠨ ᠪᠦᠲᠦᠭᠡᠨ ᠪᠠᠶᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠬᠤ ᠥᠭᠡᠷᠡᠴᠢᠯᠡᠯᠲᠡ ᠵᠡᠷᠭᠡ ᠨᠢᠭᠡ ᠪᠦᠯᠦᠭ ᠴᠢᠬᠤᠯᠠ ᠶᠡᠭᠡ ᠤᠰᠤᠨ ᠠᠰᠢᠭᠯᠠᠯᠲᠠ ᠶᠢᠨ ᠲᠥᠷᠥᠯ ᠵᠦᠢᠯ ᠢ ᠪᠦᠲᠦᠮᠵᠢᠲᠡᠢ ᠠᠬᠢᠭᠤᠯᠪᠠ᠃      ᠲᠠᠨᠢᠯᠴᠠᠭᠤᠯᠤᠭᠰᠠᠨ ᠢᠶᠠᠷ᠂ 2023 ᠣᠨ ᠳᠤ ᠪᠦᠭᠦ ᠣᠷᠣᠨ ᠤ ᠲᠥᠪ ᠤᠨ ᠤᠰᠤᠨ ᠠᠰᠢᠭᠯᠠᠯᠲᠠ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠦᠭᠰᠡᠨ ᠨᠣᠷᠮ᠎ᠠ 98.05% ᠳᠤ ᠬᠦᠷᠴᠦ᠂ ᠳᠡᠭᠡᠷ᠎ᠡ ᠵᠢᠯ ᠤᠨ ᠬᠢ ᠠᠴᠠ ᠵᠠᠭᠤᠨ ᠤ ᠬᠠᠷᠢᠴᠠᠯ ᠢᠶᠠᠷ 3.5 ᠬᠤᠪᠢ ᠨᠡᠮᠡᠭᠳᠡᠪᠡ᠃ ᠡᠭᠦᠨ ᠳᠤ ᠴᠢᠬᠤᠯᠠ ᠶᠡᠭᠡ ᠢᠨᠵᠧᠨᠧᠷᠢᠩ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠭᠰᠡᠨ ᠨᠣᠷᠮ᠎ᠠ 98.57% ᠳᠤ ᠬᠦᠷᠴᠦ᠂ ᠪᠤᠰᠤᠳ ᠢᠨᠵᠧᠨᠧᠷᠢᠩ ᠤᠨ ᠪᠡᠯᠡ ᠤᠷᠤᠭᠤᠯᠤᠯᠳᠠ ᠶᠢ ᠪᠡᠶᠡᠯᠡᠭᠦᠯᠦᠭᠰᠡᠨ ᠨᠣᠷᠮ᠎ᠠ 97.12% ᠲᠤ ᠬᠦᠷᠴᠦ᠂ ᠣᠨ ᠤ ᠬᠠᠷᠠᠯᠲᠠ ᠡᠭᠦᠷᠭᠡ ᠪᠠᠨ ᠠᠮᠵᠢᠯᠲᠠ ᠲᠠᠢ ᠪᠡᠶᠡᠯᠡᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢᠨ ᠬᠡᠷᠡᠭᠴᠡᠭᠡ ᠶᠢ ᠳᠠᠶᠢᠴᠢᠯᠠᠬᠤ᠂ ᠠᠵᠤ ᠠᠬᠤᠢ ᠶᠢᠨ ᠲᠣᠭᠲᠠᠭᠤᠨ ᠨᠡᠮᠡᠭᠳᠡᠯ ᠢ ᠠᠬᠢᠭᠤᠯᠬᠤ ᠳᠤ ᠴᠢᠬᠤᠯᠠ ᠦᠢᠯᠡᠳᠦᠯ ᠦᠵᠡᠭᠦᠯᠵᠡᠢ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号