ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ
ᠨᠡᠶᠢᠲᠡᠯᠡᠭᠰᠡᠨ ᠴᠠᠭ᠄
2024/1/26
     ︵2024 ᠣᠨ ᠤ 1 ᠰᠠᠷ᠎ᠠ ᠶᠢᠨ 24 ᠤ ᠡᠳᠦᠷ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ  ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ  ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠠᠴᠠ ᠬᠢᠨᠠᠨ ᠵᠥᠪᠯᠡᠵᠦ ᠪᠠᠲᠤᠯᠠᠪᠠ︶      ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠠᠴᠠ᠄ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠢ 2024 ᠣᠨ ᠤ 1 ᠰᠠᠷ᠎ᠠ ᠶᠢᠨ 29 ᠠᠴᠠ 2 ᠰᠠᠷ᠎ᠠ ᠶᠢᠨ 2 ᠤᠨ ᠡᠳᠦᠷ ᠪᠤᠯᠲᠠᠯ᠎ᠠ ᠭᠦᠭᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ᠃ ᠬᠤᠷᠠᠯ ᠤᠨ ᠭᠤᠣᠯ ᠵᠥᠪᠯᠡᠬᠦ ᠵᠦᠢᠯ ᠪᠣᠯ᠄ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠶᠢᠷᠢᠯᠠᠭᠤᠯᠤᠯᠲᠠ ᠰᠢᠨ᠎ᠡ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠵᠢᠷᠭᠤᠳᠤᠭᠠᠷ᠂ ᠳᠣᠯᠣᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂  ︽ᠤᠯᠤᠰ ᠲᠥᠷᠥ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ᠂ ︽ᠤᠯᠤᠰ ᠲᠦᠷᠦ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠩᠬᠠᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠲᠤᠬᠠᠢ ᠤᠯᠤᠰ ᠲᠦᠷᠦ ᠶᠢᠨ ᠵᠥᠪᠯᠡᠯᠭᠡᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠮᠡᠳᠡᠭᠦᠯᠦᠯᠲᠡ︾ ᠶᠢ ᠰᠣᠨᠣᠰᠴᠤ ᠬᠢᠨᠠᠨ ᠵᠥᠪᠯᠡᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠳᠤ ᠰᠤᠯᠠ ᠣᠷᠣᠯᠴᠠᠵᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠵᠢᠴᠢ ᠪᠤᠰᠤᠳ ᠬᠤᠯᠪᠣᠭᠳᠠᠯ ᠪᠦᠬᠦᠢ ᠮᠡᠳᠡᠭᠦᠯᠦᠯᠲᠡ ᠶᠢ ᠰᠣᠨᠣᠰᠴᠤ ᠶᠠᠷᠢᠯᠴᠠᠨ᠎ᠠ᠂ ︽ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠤᠯᠤᠰ ᠲᠥᠷᠥ ᠶᠢᠨ ᠰᠢᠢᠳᠪᠦᠷᠢ︵ᠲᠥᠰᠥᠯ︶︾᠂ ︽ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ︵ᠲᠥᠰᠥᠯ︶︾᠂ ︽ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ︵ᠲᠥᠰᠥᠯ︶︾᠂ ︽ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ︵ᠲᠥᠰᠥᠯ︶︾ ᠶᠢ ᠬᠢᠨᠠᠨ ᠵᠥᠪᠯᠡᠵᠦ ᠪᠠᠲᠤᠯᠠᠨ᠎ᠠ᠂ ᠰᠢᠯᠢᠳᠡᠭ ᠰᠠᠨᠠᠯ ᠳᠤᠷᠠᠳᠤᠯᠭ᠎ᠠ ᠶᠢ ᠬᠥᠬᠢᠭᠦᠯᠦᠨ ᠰᠠᠶᠢᠰᠢᠶᠠᠨ᠎ᠠ᠂ ᠰᠣᠩᠭᠤᠭᠤᠯᠢ ᠬᠢᠨ᠎ᠡ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号