2 ᠰᠠᠷ᠎ᠠ ᠶᠢᠨ 1 ᠤ ᠡᠳᠦᠷ ᠠᠴᠠ ᠡᠬᠢᠯᠡᠵᠦ ︽ᠠᠷᠠᠳ ᠤᠨ ᠶᠠᠪᠤᠳᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠠᠷᠭ᠎ᠠ︾ ᠶᠢ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/1/26
     ᠰᠤᠷᠪᠤᠯᠵᠢᠯᠠᠬᠴᠢ 1 ᠰᠠᠷ᠎ᠠ ᠶᠢᠨ 24 ᠤ ᠡᠳᠦᠷ ᠠᠷᠠᠳ ᠤᠨ ᠶᠠᠪᠤᠳᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ ︽ᠠᠷᠠᠳ ᠤᠨ ᠶᠠᠪᠤᠳᠠᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠠᠷᠭ᠎ᠠ︾ ᠶᠢ ᠣᠶᠢᠷ᠎ᠠ ᠳᠤ ᠳᠠᠷᠤᠮᠠᠯᠯᠠᠨ ᠲᠠᠷᠬᠠᠭᠠᠪᠠ᠃ ᠠᠷᠭ᠎ᠠ ᠳᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠤᠳᠤᠷᠢᠳᠬᠤ ᠺᠠᠳ᠋ᠷᠴᠤᠳ ᠣᠯᠠᠨ ᠲᠦᠮᠡᠨ ᠤ ᠢᠷᠡᠭᠦᠯᠦᠭᠰᠡᠨ ᠵᠠᠬᠢᠳᠠᠯ ᠪᠣᠯᠣᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠢ ᠤᠩᠰᠢᠨ ᠰᠢᠢᠳᠪᠦᠷᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠣᠯᠠᠨ ᠲᠦᠮᠡᠨ ᠤ ᠰᠤᠷᠪᠤᠯᠵᠢᠯᠠᠯ ᠢ ᠭᠥᠯᠢᠶᠡᠨ ᠠᠪᠴᠤ᠂ ᠲᠣᠭᠲᠠᠮᠠᠯ ᠬᠤᠭᠤᠴᠠᠭ᠎ᠠ ᠲᠠᠢ ᠪᠠᠷ ᠳᠣᠷᠣᠭᠰᠢ ᠪᠠᠭᠤᠵᠤ ᠰᠤᠷᠪᠤᠯᠵᠢᠯᠠᠨ᠂ ᠬᠡᠷᠡᠭ ᠢ ᠳᠠᠭᠠᠭᠠᠴᠢᠯᠠᠨ ᠠᠪᠴᠤ ᠣᠯᠠᠨ ᠲᠦᠮᠡᠨ ᠤ ᠲᠤᠰᠬᠠᠯ ᠶᠡᠬᠡᠲᠡᠢ ᠪᠠᠶᠢᠭ᠎ᠠ ᠠᠷᠠᠳ ᠤᠨ ᠶᠠᠪᠤᠳᠠᠯ ᠤᠨ ᠬᠦᠷᠢᠶᠡᠨ ᠳᠠᠬᠢ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠬᠤ ᠬᠡᠷᠡᠭᠲᠡᠢ ᠭᠡᠵᠦ ᠲᠣᠭᠲᠠᠪᠠ᠃ ᠲᠣᠰ ᠠᠷᠭ᠎ᠠ ᠶᠢ 2 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠣᠶᠢᠯᠠᠭᠠᠭᠰᠠᠨ ᠢᠶᠠᠷ᠂ ᠠᠷᠭ᠎ᠠ ᠨᠢ ᠨᠡᠶᠢᠲᠡ ᠵᠢᠷᠭᠤᠭᠠᠨ ᠪᠦᠯᠦᠭ 37 ᠵᠦᠢᠯ ᠪᠤᠶ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠪᠠᠶᠢᠭᠤᠯᠤᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ᠂ ᠠᠷᠭ᠎ᠠ ᠨᠢ ᠠᠵᠢᠯᠲᠠᠨ ᠢ ᠰᠢᠯᠢᠨ ᠰᠣᠩᠭᠤᠵᠤ ᠲᠣᠬᠢᠷᠠᠭᠤᠯᠬᠤ᠂ ᠬᠥᠮᠥᠵᠢᠭᠦᠯᠵᠦ ᠪᠤᠯᠪᠠᠰᠤᠷᠠᠭᠤᠯᠬᠤ ᠪᠠ ᠰᠣᠯᠢᠯᠴᠠᠨ ᠬᠡᠷᠡᠭᠯᠡᠬᠦ ᠵᠢᠴᠢ ᠵᠠᠬᠢᠳᠠᠯ ᠰᠤᠷᠪᠤᠯᠵᠢᠯᠠᠯ ᠤᠨ ᠠᠵᠢᠯ ᠤᠨ ᠵᠠᠷᠤᠳᠠᠯ ᠤᠨ ᠪᠠᠲᠤᠯᠠᠭ᠎ᠠ ᠵᠡᠷᠭᠡ ᠲᠠᠯ᠎ᠠ ᠪᠠᠷ ᠵᠢᠷᠤᠮᠵᠢᠭᠤᠯᠵᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠥᠷᠨᠢᠭᠦᠯᠬᠦ ᠴᠢᠳᠠᠪᠤᠷᠢᠲᠠᠨ ᠪᠠ ᠵᠠᠷᠤᠳᠠᠯ ᠤᠨ ᠪᠠᠲᠤᠯᠠᠭ᠎ᠠ ᠶᠢ ᠴᠢᠨᠠᠭᠰᠢᠳᠠ ᠴᠢᠩᠭᠠᠳᠬᠠᠵᠠᠢ᠃      ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠤᠷᠠᠳᠬᠤ ᠪᠠ ᠭᠥᠯᠢᠶᠡᠨ ᠠᠪᠬᠤ᠂ ᠰᠢᠢᠳᠪᠦᠷᠢᠯᠡᠬᠦ ᠲᠠᠯ᠎ᠠ ᠪᠠᠷ᠂ ᠠᠷᠭ᠎ᠠ ᠨᠢ ᠵᠠᠬᠢᠳᠠᠯ ᠰᠤᠷᠪᠤᠯᠵᠢᠯᠠᠯ ᠤᠨ ᠵᠦᠢᠯᠡᠰ ᠢ ᠳᠠᠩᠰᠠᠯᠠᠬᠤ ᠪᠠ ᠰᠢᠢᠳᠪᠦᠷᠢᠯᠡᠬᠦ ᠵᠡᠷᠭᠡ ᠠᠭᠤᠯᠭ᠎ᠠ ᠶᠢ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠵᠢᠷᠤᠮ ᠢ ᠴᠢᠨᠠᠭᠰᠢᠳᠠ ᠰᠢᠯᠢᠳᠡᠭᠵᠢᠭᠦᠯᠪᠡ᠃ ᠠᠷᠭ᠎ᠠ ᠨᠢ ᠪᠠᠰᠠ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠠᠷᠭ᠎ᠠ ᠵᠠᠮ ᠪᠠ ᠴᠠᠭ ᠤᠨ ᠬᠢᠵᠠᠭᠠᠷ ᠵᠢᠴᠢ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠢᠢᠳᠪᠦᠷᠢᠯᠡᠬᠦ ᠵᠡᠷᠭᠡ ᠠᠭᠤᠯᠭ᠎ᠠ ᠶᠢᠨ ᠲᠤᠬᠠᠢ ᠲᠣᠭᠲᠠᠭᠠᠯ ᠭᠠᠷᠭᠠᠵᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠭᠤᠭᠴᠤᠭ᠎ᠠ ᠶᠢ ᠴᠢᠨᠠᠭᠰᠢᠳᠠ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠰᠢᠢᠳᠪᠦᠷᠢᠯᠡᠬᠦ ᠡᠷᠬᠡ ᠲᠠᠢ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠵᠢᠯ ᠤᠨ ᠬᠠᠷᠢᠭᠤᠴᠠᠯᠭ᠎ᠠ ᠶᠢ  ᠪᠣᠳᠠᠲᠠᠶᠢᠵᠢᠭᠤᠯᠪᠠ᠃      ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠠᠯ᠎ᠠ ᠪᠠᠷ᠂ ᠠᠷᠭ᠎ᠠ ᠳᠤ᠂ ᠡᠯ᠎ᠡ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠠᠬᠢᠳᠠᠯ ᠰᠤᠷᠪᠤᠯᠵᠢᠯᠠᠯ ᠤᠨ ᠠᠵᠢᠯ ᠤᠨ ᠬᠢᠨᠠᠨ ᠰᠢᠯᠭᠠᠯᠲᠠ ᠪᠠᠨ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠳᠤᠮᠳᠠᠬᠢ ᠬᠠᠷᠢᠭᠤᠴᠠᠯᠭ᠎ᠠ ᠪᠠᠨ ᠠᠯᠳᠠᠭᠰᠠᠨ᠂ ᠲᠤᠰᠢᠶᠠᠯ ᠢᠶᠠᠨ ᠭᠤᠲᠤᠭᠠᠭᠰᠠᠨ ᠠᠵᠢᠯᠯᠠᠭ᠎ᠠ ᠶᠢᠨ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠥᠨ ᠠᠴᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠭᠡᠷᠡᠭᠲᠡᠶ; ᠵᠠᠬᠢᠳᠠᠯ ᠰᠤᠷᠪᠤᠯᠵᠢᠯᠠᠯ ᠤᠨ ᠠᠵᠢᠯ ᠳᠤ ᠲᠣᠪᠣᠶᠢᠮ᠎ᠠ ᠠᠮᠵᠢᠯᠲᠠ ᠭᠠᠷᠭᠠᠭᠰᠠᠨ ᠨᠢᠭᠡᠴᠢ ᠪᠤᠶᠤ ᠬᠤᠪᠢ ᠬᠥᠮᠥᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠬᠤ ᠪᠠ ᠱᠠᠩᠨᠠᠵᠤ ᠪᠣᠯᠣᠨ᠎ᠠ᠃ ᠵᠠᠬᠢᠳᠠᠯ ᠰᠤᠷᠪᠤᠯᠵᠢᠯᠠᠯ ᠤᠨ ᠠᠵᠢᠯ ᠤᠨ ᠳᠤᠮᠳᠠ ᠲᠦᠯᠬᠢᠯᠴᠡᠵᠦ᠂ ᠠᠷᠭᠠᠴᠠᠭᠠᠨ ᠥᠩᠭᠡᠷᠡᠭᠦᠯᠵᠦ᠂ ᠤᠳᠠᠭᠠᠰᠢᠷᠠᠭᠤᠯᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠠᠳ ᠬᠦᠨᠳᠦ ᠨᠣᠴᠢᠲᠠᠢ ᠦᠷ᠎ᠡ ᠤᠷᠰᠢᠭ ᠲᠠᠲᠠᠭᠰᠠᠨ ᠲᠤᠰ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠳᠣᠲᠣᠭᠠᠳᠤ ᠪᠠᠶᠢᠭᠤᠯᠤᠮᠵᠢ᠂ ᠨᠢᠭᠡᠴᠢ ᠳᠤ᠂ ᠳᠣᠣᠷᠠᠳᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠵᠢᠴᠢ ᠲᠡᠭᠦᠨ ᠤ ᠠᠵᠢᠯᠲᠠᠨ ᠠᠴᠠ ᠬᠠᠮᠢᠶᠠᠷᠤᠯᠲᠠ ᠶᠢᠨ ᠡᠷᠬᠡ ᠮᠡᠳᠡᠯ ᠲᠠᠢ ᠪᠠᠶᠢᠭᠤᠯᠭ᠎ᠠ᠂ ᠨᠢᠭᠡᠴᠢ ᠳᠤ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠬᠤ ᠬᠡᠷᠡᠭᠲᠡᠢ ᠭᠡᠵᠦ ᠳᠤᠷᠠᠳᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号