2023 ᠣᠨ ᠳᠤ᠂ ᠳᠡᠯᠡᠬᠡᠢ ᠶᠢᠨ ᠠᠵᠤ ᠠᠬᠤᠢ ᠶᠢᠨ ᠰᠡᠷᠭᠦᠯᠲᠡ ᠤᠳᠠᠭᠠᠨ᠂ ᠪᠦᠭᠦ ᠪᠥᠮᠪᠥᠷᠴᠡᠭ ᠤᠨ ᠤᠯᠤᠰ | ᠠᠯᠤᠰᠯᠠᠭᠰᠠᠨ ᠪᠡᠯᠡ ᠣᠷᠣᠭᠤᠯᠤᠯᠲᠠ ᠶᠢᠨ ᠬᠦᠴᠦᠨ ᠮᠡᠬᠦᠰᠳᠡᠵᠦ ᠪᠠᠶᠢᠭ᠎ᠠ ᠵᠡᠷᠭᠡ ᠬᠦᠨᠳᠦ ᠬᠡᠴᠡᠭᠦᠦ ᠪᠠᠶᠢᠳᠠᠯ ᠤᠨ | ᠡᠮᠦᠨ᠎ᠡ᠂ ᠥᠪᠥᠷ ᠮᠣᠩᠭᠤᠯ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ | ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠵᠤ᠂ ᠭᠠᠳᠠᠭᠠᠳᠤ ᠪᠡᠯᠡ ᠶᠢᠨ ᠠᠵᠢᠯ ᠤᠨ ᠬᠤᠷᠳᠤᠴᠠ ᠶᠢ | ᠲᠦᠷᠭᠡᠳᠬᠡᠪᠡ - 2023 ᠣᠨ ᠳᠤ᠂ ᠪᠦᠭᠦ ᠣᠷᠣᠨ ᠤ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 55.8 | ᠳ᠋ᠦᠩᠰᠢᠭᠤᠷ ᠲᠥᠭᠦᠷᠢᠭ ᠲᠤ ᠬᠦᠷᠴᠦ᠂ 2022 ᠣᠨ ᠤ ᠬᠢ ᠠᠴᠠ 61.5% ᠪᠠᠷ ᠨᠡᠮᠡᠭᠳᠡᠵᠦ᠂ ᠨᠡᠮᠡᠭᠳᠡᠯ ᠤᠨ | ᠬᠡᠮᠵᠢᠶ᠎ᠡ ᠨᠢ ᠪᠦᠭᠦ ᠤᠯᠤᠰ ᠤᠨ ᠬᠢ ᠠᠴᠠ ᠵᠠᠭᠤᠨ ᠤ ᠬᠠᠷᠢᠴᠠᠯ ᠢᠶᠠᠷ 69.5 ᠬᠤᠪᠢ ᠥᠨᠳᠥᠷ ᠪᠤᠯᠵᠠᠢ᠃ ᠪᠦᠭᠦ | ᠣᠷᠣᠨ ᠤ ᠰᠢᠨ᠎ᠡ ᠪᠠᠷ ᠪᠠᠶᠢᠭᠤᠯᠤᠭᠰᠠᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ | ᠠᠬᠤᠶᠢᠯᠠᠯ 167 ᠪᠠᠶᠢᠵᠤ᠂ 2022 ᠣᠨ ᠤ ᠬᠢ ᠠᠴᠠ 3.2 ᠳᠠᠭᠢᠨ ᠨᠡᠮᠡᠭᠳᠡᠪᠡ᠃ ᠪᠣᠳᠠᠲᠠᠢ ᠬᠡᠷᠡᠭᠯᠡᠭᠰᠡᠨ | ᠭᠠᠳᠠᠭᠠᠳᠤ ᠪᠡᠯᠡ ︽ᠲᠤᠯᠤᠭᠠᠨ ᠵᠢᠯ ᠳᠠᠷᠠᠭᠠᠯᠠᠨ ᠨᠡᠮᠡᠭᠳᠡᠵᠦ︾᠂ ᠬᠤᠶᠠᠷ ᠵᠢᠯ ᠳᠠᠷᠠᠭᠠᠯᠠᠨ 50% ᠠᠴᠠ ᠳᠡᠭᠡᠭᠰᠢᠬᠢ | ᠨᠡᠮᠡᠭᠳᠡᠯ ᠤᠨ ᠬᠡᠮᠵᠢᠶ᠎ᠡ ᠶᠢ ᠪᠠᠲᠤᠯᠠᠪᠠ᠃ | ᠭᠠᠳᠠᠭᠠᠳᠤ ᠪᠡᠯᠡ ᠨᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠳᠤ ᠴᠢᠬᠤᠯᠠ ᠠᠴᠢ ᠬᠤᠯᠪᠣᠭᠳᠠᠯ ᠲᠠᠢ | ᠪᠠᠶᠢᠵᠤ᠂ ᠪᠦᠭᠦ ᠤᠯᠤᠰ ᠤᠨ ᠪᠠᠶᠢᠳᠠᠯ ᠢ ᠠᠵᠢᠭᠯᠠᠪᠠᠯ᠂ ᠠᠵᠤ ᠠᠬᠤᠢ ᠬᠥᠭᠵᠢᠭᠰᠡᠨ ᠭᠠᠵᠠᠷ ᠣᠷᠣᠨ ᠤ ᠠᠯᠢ ᠨᠢ ᠴᠦ | ᠭᠡᠳ ᠭᠠᠳᠠᠭᠠᠳᠤ ᠪᠡᠯᠡ ᠶᠢ ᠠᠰᠢᠭᠯᠠᠬᠤ ᠠᠵᠢᠯ ᠢ ᠰᠠᠶᠢᠨ ᠬᠢᠭᠰᠡᠨ ᠭᠠᠵᠠᠷ ᠣᠷᠣᠨ ᠪᠤᠯᠬᠤ ᠶᠤᠮ᠂ ᠠᠷᠠᠯᠵᠢᠶᠠᠴᠢᠨ | ᠤᠷᠢᠬᠤ ᠶᠢ ᠠᠳᠬᠤᠬᠤ ᠳᠤ ᠡᠷᠬᠡᠪᠰᠢ ᠭᠠᠳᠠᠭᠠᠳᠤ ᠪᠡᠯᠡ ᠶᠢ ᠠᠳᠬᠤᠬᠤ ᠬᠡᠷᠡᠭᠲᠡᠢ᠃ | ᠭᠤᠣᠯᠳᠠᠯᠭ᠎ᠠ ᠲᠠᠢ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠦᠨ ᠬᠤᠷᠳᠤ ᠨᠡᠮᠡᠨ ᠤᠷᠤᠭᠰᠢᠯᠠᠵᠤ | ᠪᠡᠯᠡ ᠣᠷᠣᠭᠤᠯᠤᠯᠲᠠ ᠶᠢ ᠠᠬᠢᠭᠤᠯᠤᠨ ᠭᠠᠳᠠᠭᠠᠳᠤ ᠪᠡᠯᠡ ᠶᠢᠨ ᠨᠠᠶᠢᠵᠠ ᠶᠢᠨ ᠲᠣᠭᠤᠷᠢᠭ ᠢᠶᠠᠨ ᠥᠷᠭᠡᠳᠬᠡᠪᠡ | ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢ ᠢᠳᠡᠪᠬᠢᠲᠡᠢ ᠪᠠᠷ ᠲᠠᠳᠠᠨ ᠠᠪᠴᠢᠷᠠᠬᠤ ᠪᠠ | ᠠᠰᠢᠭᠯᠠᠬᠤ ᠪᠣᠯ ᠥᠨᠳᠥᠷ ᠲᠦᠪᠰᠢᠨ ᠪᠦᠬᠦᠢ ᠭᠠᠳᠠᠭᠰᠢ ᠨᠡᠭᠡᠭᠡᠯᠲᠡ ᠶᠢ ᠠᠬᠢᠭᠤᠯᠵᠤ᠂ ᠨᠡᠭᠡᠭᠡᠯᠲᠡᠲᠤ ᠮᠠᠶ᠋ᠢᠭ ᠤᠨ | ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠬᠤ ᠶᠢᠨ ᠴᠢᠬᠤᠯᠠ ᠠᠭᠤᠯᠭ᠎ᠠ ᠮᠥᠨ᠃ ᠠᠵᠠ ᠲᠣᠭᠢᠶᠠᠯ | ᠬᠥᠮᠥᠨ ᠢ ᠬᠦᠯᠢᠶᠡᠬᠦ ᠦᠭᠡᠢ᠂ ᠠᠵᠢᠯ ᠶᠠᠪᠤᠳᠠᠯ ᠬᠢᠬᠦ ᠳᠡᠭᠡᠨ ᠡᠷᠲᠡᠬᠡᠨ ᠬᠢᠬᠦ ᠬᠡᠷᠡᠭᠲᠡᠢ᠃ ᠰᠢᠨ᠎ᠡ ᠵᠢᠯ ᠤᠨ ᠡᠬᠢ ᠪᠠᠷ᠂ | ᠥᠪᠥᠷ ᠮᠣᠩᠭᠤᠯ ᠤᠨ ᠭᠠᠳᠠᠭᠠᠳᠤ ᠪᠡᠯᠡ ᠶᠢᠨ ᠠᠵᠢᠯ ᠤᠨ ᠡᠩᠨᠡᠭᠡ ︽ᠪᠦᠭᠦ ᠬᠤᠷᠳᠤᠴᠠ ᠶᠢᠨ ᠵᠠᠭᠪᠤᠷ︾ ᠢ | ᠡᠬᠢᠯᠡᠭᠦᠯᠵᠦ᠂ ᠭᠠᠳᠠᠭᠠᠳᠤ ᠪᠡᠯᠡ ᠶᠢᠨ ᠨᠠᠶᠢᠵᠠ ᠶᠢᠨ ᠲᠣᠭᠤᠷᠢᠭ ᠢᠶᠠᠨ ᠥᠷᠭᠡᠳᠬᠡᠬᠦ ᠶᠢᠨ ᠲᠥᠯᠥᠭᠡ ᠬᠤᠷᠳᠤ ᠨᠡᠮᠡᠨ | ᠤᠷᠤᠭᠰᠢᠯᠠᠵᠤ᠂ ᠬᠦᠴᠦᠨ ᠴᠢᠳᠠᠪᠤᠷᠢ ᠬᠤᠷᠠᠮᠳᠤᠭᠤᠯᠵᠠᠢ᠃ | 1 ᠰᠠᠷ᠎ᠠ ᠶᠢᠨ 4 ᠠᠴᠠ 5 ᠤ ᠡᠳᠦᠷ ᠪᠤᠯᠲᠠᠯ᠎ᠠ᠂ ᠣᠷᠳᠣᠰ ᠬᠤᠲᠠ ᠰᠢᠶᠠᠩᠭᠠᠩ᠂ ᠣᠣᠮᠧᠨ ᠳᠤ ︽︿ᠬᠡᠯᠬᠢᠶ᠎ᠡ﹀ | ᠳᠡᠭᠡᠷᠡᠬᠢ ᠳᠤᠯᠠᠭᠠᠨ ᠬᠤᠲᠠ ᠣᠷᠳᠣᠰ - 2024 ᠣᠷᠳᠣᠰ ︵ᠰᠢᠶᠠᠩᠭᠠᠩ︶ ᠤᠨ ᠠᠷᠠᠯᠵᠢᠶᠠᠴᠢᠨ ᠤᠷᠢᠬᠤ | ᠲᠠᠨᠢᠯᠴᠠᠭᠤᠯᠭ᠎ᠠ ᠶᠢᠨ ᠬᠤᠷᠠᠯ ᠪᠠ 2024 ᠣᠷᠳᠣᠰ ︵ᠣᠣᠮᠧᠨ︶ ᠤᠨ ᠠᠷᠠᠯᠵᠢᠶᠠᠴᠢᠨ ᠤᠷᠢᠬᠤ ᠶᠠᠷᠢᠯᠴᠠᠬᠤ ᠬᠤᠷᠠᠯ︾ | ᠢ ᠵᠠᠯᠭᠠᠭ᠎ᠠ ᠪᠠᠷ ᠡᠷᠭᠢᠯᠡᠵᠦ᠂ ᠰᠢᠶᠠᠩᠭᠠᠩ ᠣᠣᠮᠧᠨ ᠤ ᠡᠯ᠎ᠡ ᠡᠲᠡᠭᠡᠳ ᠤᠨ ᠬᠥᠮᠥᠰ ᠲᠤ ᠬᠥᠭᠵᠢᠯᠲᠡ ᠶᠢᠨ ᠠᠵᠠ | ᠲᠣᠭᠢᠶᠠᠯ ᠢ ᠬᠠᠮᠲᠤ ᠪᠠᠷ ᠡᠳ᠋ᠯᠡᠬᠦ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠬᠠᠮᠲᠤ ᠪᠠᠷ ᠲᠥᠪᠯᠡᠷᠡᠭᠦᠯᠬᠦ ᠵᠡᠷᠭᠡ | 5 ᠬᠤᠪᠢ ᠤᠷᠢᠯᠭ᠎ᠠ ᠶᠢ ᠳᠡᠪᠰᠢᠭᠦᠯᠵᠦ᠂ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ ︽ᠳᠡᠯᠡᠬᠡᠢ ᠶᠢᠨ ᠲᠡᠰ ᠤᠨ | ᠲᠦᠷᠪᠡᠨ ᠠᠵᠤ ᠦᠢᠯᠡᠰ︾ ᠤᠨ ᠠᠷᠠᠯᠵᠢᠶᠠᠴᠢᠨ ᠤᠷᠢᠬᠤ ᠨᠠᠷᠢᠨ ᠲᠠᠩᠰᠠ ᠶᠢ ᠨᠡᠶᠢᠲᠡᠯᠡᠵᠦ᠂ ᠨᠡᠶᠢᠳᠡ 8 ᠲᠦᠷᠦᠯ | ᠵᠦᠢᠯ ᠳᠤ ᠭᠠᠷ ᠤᠨ ᠦᠰᠦᠭ ᠵᠢᠷᠤᠵᠤ᠂ ᠵᠥᠪᠯᠡᠯᠴᠡᠭᠡᠷ ᠤᠨ ᠶᠡᠷᠦᠩᠬᠡᠢ ᠵᠣᠭᠤᠰᠤᠨ ᠤ ᠲᠤᠭ᠎ᠠ 126.5 | ᠳ᠋ᠦᠩᠰᠢᠭᠤᠷ ᠲᠥᠭᠦᠷᠢᠭ ᠲᠤ ᠬᠦᠷᠴᠦ᠂ ᠡᠨᠧᠷᠭᠢ᠂ ᠤᠯᠠᠨ ᠤᠯᠤᠰ ᠤᠨ ᠠᠷᠠᠯᠵᠢᠶ᠎ᠠ᠂ ᠦᠨᠡᠲᠦ ᠲᠡᠮᠳᠡᠭᠲᠦ ᠶᠢᠨ ᠪᠡᠯᠡ | ᠣᠷᠣᠭᠤᠯᠤᠯᠲᠠ᠂ ᠪᠠᠭ᠎ᠠ ᠨᠡᠭᠦᠷᠡᠰᠦᠲᠥ᠋ᠷᠥᠭᠴᠢᠲᠦ ᠠᠵᠤ ᠠᠬᠤᠢ ᠵᠢᠴᠢ ᠬᠤᠳᠠ ᠶᠢᠨ ᠨᠡᠭᠡᠭᠡᠨ ᠬᠥᠭᠵᠢᠭᠦᠯᠦᠯᠲᠡ | ᠡᠵᠡᠩᠨᠡᠯᠲᠡ ᠵᠡᠷᠭᠡ ᠤᠯᠠᠨ ᠬᠦᠷᠢᠶᠡᠨ ᠳᠤ ᠬᠤᠯᠪᠣᠭᠳᠠᠵᠠᠢ᠃ | 1 ᠰᠠᠷ᠎ᠠ ᠶᠢᠨ 11 ᠤ ᠡᠳᠦᠷ᠂ ᠭᠦᠭᠡᠬᠤᠲᠠ ︵ᠵᠢᠶᠠᠩᠰᠤ︶ ᠶᠢᠨ ᠡᠳ᠋ᠰᠢᠭᠦᠯᠦᠨ ᠪᠤᠯᠪᠠᠰᠤᠷᠠᠭᠤᠯᠬᠤ | ᠠᠷᠠᠯᠵᠢᠶ᠎ᠠ ᠶᠢᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠲᠠᠨᠢᠯᠴᠠᠭᠤᠯᠭ᠎ᠠ ᠶᠢᠨ ᠬᠤᠷᠠᠯ | ᠰᠦᠵᠧᠦ ᠳᠤ ᠶᠠᠪᠤᠭᠳᠠᠪᠠ᠃ ᠬᠤᠷᠠᠯ ᠠᠴᠠ ︽ᠭᠠᠷ ᠬᠤᠯᠪᠣᠨ ᠭᠦᠭᠡᠬᠤᠲᠠ ᠶᠢᠨ ᠤᠯᠠᠨ ᠤᠯᠤᠰ ᠤᠨ ᠡᠬᠡ | ᠬᠠᠭᠤᠷᠠᠢ ᠶᠢᠨ ᠭᠠᠷᠠᠮ ᠢ ᠬᠠᠮᠲᠤ ᠪᠠᠷ ᠪᠦᠲᠦᠭᠡᠨ ᠪᠠᠶᠢᠭᠤᠯᠵᠤ᠂ ᠬᠠᠮᠲᠤᠷᠠᠯᠴᠠᠨ ᠬᠢᠯᠢ ᠠᠯᠤᠰᠯᠠᠭᠰᠠᠨ ᠪᠠᠷᠠᠭᠠᠨ ᠤ | ᠭᠦᠢᠯᠭᠡᠭᠡ ᠶᠢᠨ ᠰᠢᠨ᠎ᠡ ᠵᠠᠮ ᠢ ᠬᠠᠮᠲᠤ ᠪᠠᠷ ᠡᠳ᠋ᠯᠡᠬᠦ︾ ᠶᠢᠨ ᠲᠣᠭᠤᠷᠢᠨ ᠳᠤ᠂ ᠦᠨᠡᠨ ᠰᠡᠳᠬᠢᠯ ᠤᠨ ᠶᠠᠷᠢᠯᠴᠠᠭ᠎ᠠ | ᠰᠣᠯᠢᠯᠴᠠᠭ᠎ᠠ ᠶᠢ ᠭᠦᠨᠵᠡᠭᠡᠢ ᠥᠷᠨᠢᠭᠦᠯᠵᠦ᠂ ᠭᠦᠭᠡᠬᠤᠲᠠ ᠶᠢᠨ ᠳᠠᠪᠠᠭᠤᠯᠢᠭ ᠣᠨᠴᠠᠯᠢᠭ ᠵᠢᠴᠢ ᠬᠠᠮᠲᠤᠷᠠᠯᠴᠠᠭᠠᠨ ᠤ | ᠦᠨᠡᠨᠴᠢ ᠰᠡᠳᠬᠢᠯ ᠢ ᠭᠦᠢᠴᠡᠳ ᠢᠯᠡᠷᠡᠭᠦᠯᠵᠦ᠂ ᠲᠤᠬᠠᠢ ᠶᠢᠨ ᠲᠠᠯᠠᠪᠤᠷ ᠲᠤ 12 ᠠᠵᠤ ᠠᠬᠤᠶᠢᠯᠠᠯ ᠲᠠᠢ ᠭᠠᠷ ᠤᠨ | ᠦᠰᠦᠭ ᠵᠢᠷᠤᠪᠠ᠃ | ᠴᠢᠬᠤᠯᠠ ᠶᠡᠭᠡ ᠲᠦᠷᠦᠯ ᠵᠦᠢᠯ ᠢ ᠴᠢᠩᠭ᠎ᠠ ᠠᠩᠬᠠᠷᠴᠤ ᠰᠢᠯᠢᠳᠡᠭ ᠦᠢᠯᠡᠴᠢᠯᠡᠭᠡ ᠪᠠᠷ ᠭᠠᠳᠠᠭᠠᠳᠤ ᠪᠡᠯᠡ ᠶᠢᠨ | ᠠᠵᠤ ᠠᠬᠤᠶᠢᠯᠠᠯ ᠢ ᠤᠮᠠᠷᠠᠲᠤ ᠬᠢᠯᠢ ᠶᠢᠨ ᠡᠬᠡ ᠭᠠᠵᠠᠷ ᠲᠤ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠪᠠ | ︽ᠪᠦᠭᠦ ᠣᠷᠣᠨ ᠤ ᠦᠨᠳᠦᠰᠦᠨ ᠱᠠᠲᠤᠨ ᠤ ᠭᠠᠳᠠᠭᠠᠳᠤ ᠪᠡᠯᠡ ᠶᠢᠨ ᠺᠠᠳ᠋ᠷᠴᠤᠳ ᠤᠨ ᠭᠠᠳᠠᠭᠠᠳᠤ ᠪᠡᠯᠡ ᠶᠢᠨ | ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ ᠶᠢᠨ ᠲᠦᠪᠰᠢᠨ ᠢ ᠨᠠᠩ ᠰᠠᠶᠢᠨ ᠳᠡᠭᠡᠭᠰᠢᠯᠡᠭᠦᠯᠭᠦ ᠶᠢᠨ ᠲᠥᠯᠥᠭᠡ᠂ | 2023 ᠣᠨ ᠳᠤ᠂ ᠥᠪᠥᠷ ᠮᠣᠩᠭᠤᠯ ᠭᠠᠳᠠᠭᠠᠳᠤ ᠪᠡᠯᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢᠶᠠᠷ 103 | ᠬᠤᠰᠢᠭᠤ ᠰᠢᠶᠠᠨ ᠲᠣᠭᠤᠷᠢᠭ ᠢ ︿ᠪᠦᠭᠦᠨ ᠢ ᠪᠦᠷᠬᠦᠭᠦᠯᠪᠡ﹀᠃ ᠪᠦᠭᠦ ᠣᠷᠣᠨ ᠤ ᠭᠠᠳᠠᠭᠠᠳᠤ ᠪᠡᠯᠡ ᠶᠢᠨ ᠠᠵᠢᠯ ᠤᠨ | ᠡᠩᠨᠡᠭᠡ ᠶᠢᠨ ᠬᠠᠮᠲᠤ ᠶᠢᠨ ᠴᠢᠷᠮᠠᠶᠢᠯᠭ᠎ᠠ ᠪᠠᠷ᠂ 2023 ᠣᠨ ᠳᠤ ᠪᠣᠳᠠᠲᠠᠢ ᠬᠡᠷᠡᠭᠯᠡᠭᠰᠡᠨ ᠭᠠᠳᠠᠭᠠᠳᠤ ᠪᠡᠯᠡ 12 | ᠠᠶᠢᠮᠠᠭ ᠬᠤᠲᠠ᠂ ᠲᠥᠯᠥᠪᠯᠡᠭᠡ ᠳᠤ ᠲᠤᠰᠠᠭᠠᠷ ᠵᠢᠭᠰᠠᠭᠠᠭᠰᠠᠨ 2 ᠬᠤᠲᠠ ᠪᠠ ᠤᠯᠤᠰ ᠤᠨ ᠲᠠᠰ ᠤᠨ 2 ᠠᠵᠤ | ᠠᠬᠤᠢ ᠶᠢᠨ ᠨᠡᠭᠡᠭᠡᠯᠲᠡ ᠶᠢᠨ ᠲᠣᠭᠤᠷᠢᠭ ᠲᠤ ︿ᠪᠦᠭᠦᠨ ᠢ ᠪᠦᠷᠬᠦᠭᠦᠯᠪᠡ﹀︾ ᠭᠡᠵᠦ ᠥᠪᠡᠷᠲᠡᠭᠡᠨ ᠵᠠᠰᠠᠬᠤ ᠣᠷᠣᠨ ᠤ | ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠠᠳᠠᠭᠠᠳᠤ ᠪᠡᠯᠡ ᠶᠢᠨ ᠭᠠᠵᠠᠷ ᠤᠨ ᠳᠠᠷᠤᠭ᠎ᠠ ᠳ᠋ᠦ᠋ ᠸᠧᠢ ᠸᠧᠢ | ᠲᠠᠨᠢᠯᠴᠠᠭᠤᠯᠪᠠ᠃ | 2024 ᠣᠨ ᠤ ᠰᠢᠨ᠎ᠡ ᠣᠨ ᠤ ᠠᠮᠠᠷᠠᠯᠲᠠ ᠥᠩᠭᠡᠷᠡᠮᠡᠭᠴᠡ᠂ ᠤᠯᠠᠭᠠᠨᠴᠠᠪ ᠬᠤᠲᠠ ᠶᠢᠨ ᠵᠢᠨᠢᠩ | ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠺᠠᠳ᠋ᠷ ᠴᠧᠨ ᠶᠠᠨ ᠤᠯᠠᠭᠠᠨᠴᠠᠪ ᠤᠨ ᠯᠠᠨᠸᠢᠰᠲ᠋ᠤᠨ | ᠢᠳᠡᠭᠡᠨ ᠤ ᠬᠢᠵᠠᠭᠠᠷᠲᠤ ᠺᠤᠮᠫᠠᠨᠢ ᠳᠤ ᠬᠦᠷᠴᠦ ᠰᠤᠷᠪᠤᠯᠵᠢᠯᠠᠪᠠ᠃ 2023 ᠣᠨ ᠤ 9 ᠰᠠᠷ᠎ᠠ ᠳᠤ᠂ ᠲᠤᠰ | ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠡᠨᠡ ᠬᠦ ᠠᠮᠧᠷᠢᠺᠠ ᠶᠢᠨ ᠪᠡᠯᠡᠳᠤ ᠠᠵᠤ ᠠᠬᠤᠶᠢᠯᠠᠯ ᠲᠠᠢ ᠬᠤᠯᠪᠤᠭ᠎ᠠ ᠠᠪᠬᠤ | ᠲᠣᠭᠲᠠᠴᠠ ᠶᠢ ᠪᠠᠶᠢᠭᠤᠯᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠢᠯᠡᠷᠡᠭᠰᠡᠨ | ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠪᠡ᠃ 2023 ᠣᠨ ᠳᠤ ᠠᠵᠤ ᠠᠬᠤᠶᠢᠯᠠᠯ ᠤᠤᠯ ᠤᠨ | ᠬᠡᠪᠴᠢᠶᠡᠵᠢᠯ ᠤᠨ ᠢᠶᠠᠨ ᠰᠠᠭᠤᠷᠢᠨ ᠳᠡᠭᠡᠷ᠎ᠡ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠪᠠᠨ ᠪᠠᠰᠠ 3.18 | ᠳ᠋ᠦᠩᠰᠢᠭᠤᠷ ᠲᠥᠭᠦᠷᠢᠭ ᠨᠡᠮᠡᠭᠳᠡᠭᠦᠯᠪᠡ᠃ | 1 ᠰᠠᠷ᠎ᠠ ᠶᠢᠨ 19 ᠤ ᠡᠳᠦᠷ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠤᠨ ᠳ᠋ᠢ ᠰᠧ | ᠮᠠᠨ ᠷᠦᠨ ᠪᠠᠩ ︵ᠥᠪᠥᠷ ᠮᠣᠩᠭᠤᠯ︶ᠠᠮᠢᠳᠤ ᠪᠣᠳᠠᠰ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ | ᠺᠤᠮᠫᠠᠨᠢ ᠶᠢᠨ ᠦᠢᠯᠡᠳᠪᠦᠷᠢ ᠶᠢᠨ ᠲᠠᠰᠤᠭ ᠡᠮᠬᠢ ᠴᠡᠭᠴᠡ ᠲᠠᠢ ᠦᠢᠯᠡᠳᠪᠦᠷᠢᠯᠡᠵᠦ᠂ ᠺᠤᠮᠫᠠᠨᠢ ᠶᠢᠨ | ᠦᠢᠯᠡᠳᠪᠦᠷᠢᠯᠡᠭᠰᠡᠨ ᠴᠠᠷᠴᠠᠮᠠᠯ ᠴᠠᠪᠠᠤ ᠪᠠ ᠲᠤᠩᠭᠠᠯᠠᠭ ᠭᠡᠯᠪᠡᠷᠢ ᠶᠢᠨ ᠲᠦᠭᠦᠬᠡᠢ ᠰᠢᠷ᠎ᠠ ᠴᠠᠪᠠᠤ ᠶᠢᠨ ᠶᠠᠰᠤ ᠴᠢᠨᠠᠷ | ᠨᠢ ᠠᠮᠢᠳᠤ ᠪᠣᠳᠠᠰ ᠤᠨ ᠴᠠᠪᠠᠤ ᠶᠢᠨ ᠬᠦᠷᠢᠶᠡᠨ ᠤ ᠲᠡᠷᠢᠭᠦᠨ ᠤ ᠲᠦᠪᠰᠢᠨ ᠳᠤ ᠭᠦᠷᠦᠭᠰᠡᠨ ᠪᠠᠶᠢᠨ᠎ᠠ᠃ | ᠬᠤᠯᠠᠨᠳ᠋ ᠠᠴᠠ ᠢᠷᠡᠭᠰᠡᠨ ᠤᠯᠤᠰ ᠠᠯᠤᠰᠯᠠᠭᠰᠠᠨ ᠺᠤᠮᠫᠠᠨᠢ ᠪᠣᠯᠤᠭᠰᠠᠨ ᠤ ᠬᠤᠪᠢ ᠳᠤ᠂ ᠲᠤᠰ ᠠᠵᠤ ᠠᠬᠤᠶᠢᠯᠠᠯ | 2023 ᠣᠨ ᠳᠤ ᠪᠡᠯᠡ ᠬᠥᠷᠥᠩᠭᠡ ᠨᠢ 1.331 ᠳ᠋ᠦᠩᠰᠢᠭᠤᠷ ᠲᠥᠭᠦᠷᠢᠭ ᠨᠡᠮᠡᠭᠳᠡᠵᠦ᠂ 2022 ᠣᠨ ᠤ | ᠬᠢ ᠠᠴᠠ 309.53% ᠪᠠᠷ ᠨᠡᠮᠡᠭᠳᠡᠵᠡᠢ᠃ | ︽ᠭᠠᠳᠠᠭᠠᠳᠤ ᠪᠡᠯᠡ ᠶᠢ ᠨᠡᠩ ᠶᠡᠭᠡ ᠡᠷᠴᠢᠮ ᠢᠶᠠᠷ ᠲᠡᠳᠡᠨ ᠠᠪᠴᠢᠷᠠᠬᠤ ᠪᠠ ᠠᠰᠢᠭᠯᠠᠬᠤ ᠨᠢ ᠥᠪᠥᠷ | ᠮᠣᠩᠭᠤᠯ ᠤᠨ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠨᠡᠩ ᠰᠠᠶᠢᠲᠤᠷ ᠪᠦᠲᠦᠭᠡᠨ | ᠪᠠᠶᠢᠭᠤᠯᠬᠤ ᠳᠤ ᠠᠰᠢᠭᠲᠠᠢ ᠪᠥᠭᠡᠳ ᠥᠪᠥᠷ ᠮᠣᠩᠭᠤᠯ ᠤᠨ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ | ᠥᠨᠳᠥᠷ ᠪᠠᠷᠢᠮᠵᠢᠶᠠᠲᠤ ᠳᠦᠷᠢᠮ ᠢ ᠰᠠᠨᠠᠭᠠᠴᠢᠯᠠᠭ᠎ᠠ ᠠᠴᠠ ᠪᠠᠨ ᠲᠣᠬᠢᠷᠠᠭᠤᠯᠬᠤ ᠳᠤ ᠴᠤ ᠠᠰᠢᠭᠲᠠᠢ ᠶᠤᠮ︾᠃ ᠳ᠋ᠦ᠋ | ᠸᠧᠢ ᠸᠧᠢ᠂ ᠭᠠᠳᠠᠭᠠᠳᠤ ᠪᠡᠯᠡ ᠶᠢᠨ ᠦᠨᠳᠦᠰᠦᠨ ᠪᠠᠶᠢᠳᠠᠯ ᠢ ᠪᠠᠬᠢᠵᠢᠭᠦᠯᠬᠦ ᠶᠢᠨ ᠲᠥᠯᠥᠭᠡ᠂ 2024 ᠣᠨ ᠳᠤ᠂ | ᠥᠪᠥᠷ ᠮᠣᠩᠭᠤᠯ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠪᠣᠯᠣᠨ ᠲᠦᠷᠦᠯ ᠵᠦᠢᠯ ᠤᠨ | ᠦᠢᠯᠡᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠤᠨ | ᠲᠣᠭᠤᠷᠢᠭ ᠰᠢᠷᠡᠭᠡᠨ ᠤ ᠬᠤᠷᠠᠯ ᠤᠨ ᠳᠦᠷᠢᠮ ᠤᠨ ᠦᠢᠯᠡᠳᠦᠯ ᠢ ᠪᠠᠳᠠᠷᠠᠭᠤᠯᠵᠤ᠂ ᠪᠡᠯᠡ ᠣᠷᠣᠭᠤᠯᠤᠯᠲᠠ ᠶᠢᠨ | ᠶᠡᠷᠦᠩᠬᠡᠢ ᠬᠡᠮᠵᠢᠶ᠎ᠡ ᠨᠢ 1 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠴᠢᠬᠤᠯᠠ ᠶᠡᠭᠡ ᠭᠠᠳᠠᠭᠠᠳᠤ ᠪᠡᠯᠡ ᠶᠢᠨ | ᠲᠦᠷᠦᠯ ᠵᠦᠢᠯ ᠪᠣᠯᠣᠨ ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠮᠥᠷᠳᠡᠨ ᠦᠢᠯᠡᠴᠢᠯᠡᠬᠦ | ᠡᠷᠴᠢᠮ ᠢᠶᠠᠨ ᠴᠢᠩᠭᠠᠷᠠᠭᠤᠯᠵᠤ᠂ ᠪᠦᠭᠦ ᠶᠠᠪᠤᠴᠠ ᠪᠠᠷ ᠮᠥᠷᠳᠡᠨ ᠦᠢᠯᠡᠴᠢᠯᠡᠬᠦ ᠲᠦᠷᠦᠯ ᠵᠦᠢᠯ ᠢ | ᠨᠠᠶᠢᠳᠠᠪᠤᠷᠢᠵᠢᠭᠤᠯᠤᠨ ᠭᠡᠷᠡᠭᠵᠢᠭᠦᠯᠦᠨ᠎ᠡ᠃ ᠨᠠᠷᠢᠯᠢᠭ ᠣᠨᠣᠴᠠᠲᠠᠢ ᠪᠠᠷ ᠠᠷᠠᠯᠵᠢᠶᠠᠴᠢᠨ ᠤᠷᠢᠵᠤ ᠪᠡᠯᠡ ᠮᠥᠩᠭᠦ | ᠣᠷᠣᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠣᠷᠣᠨ ᠤ ᠨᠠᠢᠮᠠᠨ ᠶᠡᠭᠡ ᠠᠵᠤ ᠦᠢᠯᠡᠰ ᠤᠨ | ᠪᠦᠯᠦᠭᠵᠢᠯ ᠪᠠ 16 ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠠᠷᠠᠯᠵᠢᠶᠠᠴᠢᠨ ᠤᠷᠢᠵᠤ | ᠪᠡᠯᠡ ᠮᠥᠩᠭᠦ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠪᠡᠯᠡ ᠣᠷᠣᠭᠤᠯᠬᠤ | ᠢᠷᠡᠯᠲᠡ ᠶᠢᠨ ᠭᠠᠵᠠᠷ ᠢ ᠥᠷᠭᠡᠳᠬᠡᠨ᠂ ᠡᠸᠦ᠋ᠷᠦᠫᠡ ᠠᠮᠧᠷᠢᠺᠠ᠂ ᠶᠠᠫᠤᠨ ᠺᠤᠷᠢᠶᠠ᠂ ᠰᠢᠩᠭᠠᠫᠤᠷ᠂ ᠰᠢᠶᠠᠩᠭᠠᠩ ᠣᠣᠮᠧᠨ | ᠵᠡᠷᠭᠡ ᠭᠤᠣᠯᠳᠠᠯᠭ᠎ᠠ ᠲᠠᠢ ᠤᠯᠤᠰ ᠪᠠ ᠭᠠᠵᠠᠷ ᠣᠷᠣᠨ ᠳᠤ ᠬᠠᠨᠳᠤᠭᠤᠯᠤᠭᠰᠠᠨ ᠠᠷᠠᠯᠵᠢᠶᠠᠴᠢᠨ ᠤᠷᠢᠵᠤ ᠪᠡᠯᠡ | ᠮᠥᠩᠭᠦ ᠣᠷᠣᠭᠤᠯᠤᠨ ᠠᠪᠴᠢᠷᠠᠬᠤ ᠠᠵᠢᠯ ᠢ ᠦᠷᠭᠦᠯᠵᠢᠯᠡᠨ ᠴᠢᠩᠭᠠᠳᠬᠠᠵᠤ᠂ ᠭᠠᠳᠠᠭᠠᠳᠤ ᠠᠵᠤ ᠠᠬᠤᠢ | ᠠᠷᠠᠯᠵᠢᠶ᠎ᠠ ᠶᠢᠨ ᠲᠤᠰᠬᠠᠢ ᠪᠡᠯᠡ ᠮᠥᠩᠭᠦ ᠶᠢᠨ ᠦᠢᠯᠡᠳᠦᠯ ᠢ ᠪᠠᠳᠠᠷᠠᠭᠤᠯᠤᠨ᠂ ᠠᠶᠢᠮᠠᠭ ᠬᠤᠲᠠ ᠶᠢᠨ ᠭᠠᠳᠠᠭᠠᠳᠤ | ᠪᠡᠯᠡ ᠶᠢ ᠲᠠᠲᠠᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠤᠨ ᠳᠡᠮᠵᠢᠨ᠎ᠡ᠃ ᠳᠦᠷᠢᠮ ᠤᠨ ᠭᠡᠯᠪᠡᠷᠢ ᠶᠢᠨ | ᠨᠡᠭᠡᠭᠡᠯᠲᠡ ᠶᠢᠨ ᠲᠠᠪᠴᠠᠩ ᠤᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠳᠤᠮᠳᠠᠳᠤ ᠤᠯᠤᠰ ︵ᠥᠪᠥᠷ ᠮᠣᠩᠭᠤᠯ︶ | ᠤᠨ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠡᠭᠦᠳᠦᠨ ᠪᠠᠶᠢᠭᠤᠯᠬᠤ ᠢᠨᠵᠧᠨᠧᠷᠢᠩ ᠢ ᠬᠦᠴᠦᠲᠡᠢ | ᠪᠥᠭᠡᠳ ᠡᠮᠬᠢ ᠵᠢᠷᠤᠮ ᠲᠠᠢ ᠥᠷᠨᠢᠭᠦᠯᠵᠦ᠂ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠳᠦᠷᠢᠮ ᠤᠨ | ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠲᠡᠷᠡ ᠬᠡᠪ ᠢᠶᠠᠷ ᠨᠢ ᠳᠡᠯᠭᠡᠷᠡᠭᠦᠯᠬᠦ ᠶᠢ ᠲᠦᠷᠦᠭᠦᠯᠡᠨ ᠨᠢᠭᠡᠳᠦᠯᠲᠡᠢ | ᠲᠥᠯᠥᠪᠵᠢᠭᠦᠯᠦᠨ ᠠᠭᠢᠭᠤᠯᠤᠨ᠎ᠠ᠃ ᠳᠤᠮᠳᠠᠳᠤ ᠮᠣᠩᠭᠤᠯ ᠤᠨ ᠡᠷᠢᠶᠡᠨ ᠬᠤᠲᠠ - ᠵᠠᠮ ᠤᠨ ᠡᠭᠦᠳᠡ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠣᠷᠣᠨ ᠢ ᠭᠤᠶᠤᠴᠢᠯᠠᠨ ᠪᠠᠶᠢᠭᠤᠯᠬᠤ ᠶᠢ ᠲᠦᠷᠭᠡᠳᠬᠡᠨ ᠠᠭᠢᠭᠤᠯᠤᠨ᠎ᠠ᠃ | ᠤᠯᠤᠰ ᠤᠨ ᠲᠠᠰ ᠤᠨ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠶᠡᠷᠦᠩᠬᠡᠶᠢᠯᠡᠭᠰᠡᠨ | ᠬᠥᠭᠵᠢᠯᠲᠡ ᠶᠢᠨ ᠲᠦᠪᠰᠢᠨ ᠢ ᠲᠣᠭᠲᠠᠭᠤᠨ ᠢᠶᠠᠷ ᠳᠡᠭᠡᠭᠰᠢᠯᠡᠭᠦᠯᠭᠦ ᠶᠢ ᠵᠢᠯᠤᠭᠤᠳᠴᠤ᠂ ᠭᠠᠳᠠᠭᠠᠳᠤ ᠨᠡᠭᠡᠭᠡᠯᠲᠡ ᠶᠢᠨ | ᠲᠠᠪᠴᠠᠩ ᠤᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠤᠨ᠎ᠠ᠃ | ᠴᠠᠭᠠᠨ ᠰᠠᠷ᠎ᠠ ᠣᠶᠢᠷᠠᠳᠴᠤ᠂ ᠥᠪᠥᠷ ᠮᠣᠩᠭᠤᠯ ᠤᠨ ᠡᠬᠡ ᠭᠠᠵᠠᠷ ᠲᠤ ᠥᠯᠵᠡᠢ ᠪᠡᠯᠭᠡ᠂ ᠪᠠᠶᠠᠷ ᠭᠦᠷ᠂ | ᠠᠮᠢᠵᠢᠷᠠᠯ ᠤᠨ ᠬᠦᠴᠦᠨ ᠢᠶᠠᠷ ᠪᠢᠯᠬᠠᠨ᠎ᠠ᠃ ᠬᠢᠯᠢ ᠶᠢᠨ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠠᠭᠠᠷᠠᠯᠲᠠᠢ | ᠶᠠᠪᠤᠭᠳᠠᠵᠤ᠂ ᠬᠢᠯᠢ ᠠᠯᠤᠰᠯᠠᠭᠰᠠᠨ ᠠᠷᠠᠯᠵᠢᠶ᠎ᠠ ᠥᠷᠨᠢᠩᠭᠦᠢ ᠬᠥᠭᠵᠢᠵᠦ ᠪᠠᠶᠢᠨ᠎ᠡ᠃ ᠦᠢᠯᠡᠳᠪᠦᠷᠢ ᠶᠢᠨ ᠲᠠᠰᠤᠭ ᠲᠤ | ᠦᠢᠯᠡᠳᠪᠦᠷᠢᠯᠡᠯ ᠥᠨᠳᠥᠷ ᠪᠦᠲᠦᠮᠵᠢᠲᠡᠢ ᠶᠠᠪᠤᠭᠳᠠᠵᠤ᠂ ᠭᠠᠳᠠᠭᠠᠳᠤ ᠪᠡᠯᠡ ᠶᠢᠨ ᠳᠡᠭᠡᠳᠦ ᠮᠡᠷᠭᠡᠵᠢᠯ ᠤᠨ ᠠᠵᠤ | ᠦᠢᠯᠡᠰ ᠤᠨ ᠲᠦᠷᠦᠯ ᠵᠦᠢᠯ ᠢ ᠨᠠᠶᠢᠳᠠᠪᠤᠷᠢᠵᠢᠭᠤᠯᠤᠨ᠎ᠠ᠃ ︽ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ | ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠡᠬᠢᠯᠡᠬᠦ ᠲᠠᠰᠢᠷᠠᠮ ᠢᠶᠠᠷ᠂ ᠲᠠᠮᠢᠷᠴᠢᠳ | ᠤᠷᠤᠯᠳᠤᠭᠠᠨ ᠤ ᠲᠠᠯᠠᠪᠠᠢ ᠳᠤ ᠡᠷᠡᠮᠡᠬᠡᠶᠢᠯᠡᠨ ᠲᠡᠮᠡᠴᠡᠨ᠎ᠡ ᠁ ᠥᠪᠥᠷ ᠮᠣᠩᠭᠤᠯ ᠤᠨ ᠭᠠᠵᠠᠷ ᠪᠣᠯᠭᠠᠨ ᠳᠤ | ᠠᠮᠢᠵᠢᠷᠠᠯ ᠤᠨ ᠬᠦᠴᠦᠨ ᠢᠶᠠᠷ ᠪᠢᠯᠬᠠᠵᠤ᠂ ᠡᠷᠡᠮᠡᠬᠡᠶᠢᠯᠡᠨ ᠤᠷᠤᠭᠰᠢᠯᠠᠵᠠᠭᠠᠨᠠ᠃ | ︽ᠥᠨᠥᠳᠥᠷ ᠤᠨ ᠥᠪᠥᠷ ᠮᠣᠩᠭᠤᠯ ᠤᠨ ᠴᠢᠬᠤᠯᠠ ᠡᠯᠧᠮᠧᠨ᠋ᠲ ᠤᠨ ᠡᠬᠢ ᠪᠠᠶᠠᠯᠢᠭ ᠡᠯᠪᠡᠭ ᠳᠡᠯᠪᠡᠭ᠂ | ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠨᠡᠩ ᠰᠢᠯᠢᠳᠡᠭ᠂ ᠬᠥᠭᠵᠢᠯᠲᠡ ᠶᠢᠨ ᠬᠠᠨᠳᠤᠰᠢ ᠡᠷᠴᠢᠮᠲᠡᠢ ᠪᠠᠶᠢᠨ᠎ᠠ᠃ | ᠥᠪᠥᠷ ᠮᠣᠩᠭᠤᠯ ᠤᠨ ᠭᠠᠳᠠᠭᠠᠳᠤ ᠪᠡᠯᠡ ᠶᠢᠨ ᠠᠵᠢᠯ ᠤᠨ ᠡᠩᠨᠡᠭᠡ ᠶᠢᠨ ᠬᠢᠨ ᠭᠠᠳᠠᠭᠠᠳᠤ ᠪᠡᠯᠡ ᠶᠢ ᠠᠰᠢᠭᠯᠠᠬᠤ ᠶᠢ | ᠠᠬᠢᠭᠤᠯᠬᠤ ᠠᠵᠢᠯ ᠢ ᠪᠦᠭᠦ ᠬᠦᠴᠦᠨ ᠢᠶᠠᠷ ᠢᠶᠠᠨ ᠡᠷᠴᠢᠮᠲᠡᠢ ᠥᠷᠨᠢᠭᠦᠯᠵᠦ᠂ ᠨᠡᠩ ᠥᠨᠳᠥᠷ ᠲᠦᠪᠰᠢᠨ ᠪᠦᠬᠦᠢ | ᠭᠠᠳᠠᠭᠠᠳᠤ ᠨᠡᠭᠡᠭᠡᠯᠲᠡ ᠪᠠᠷ ᠭᠠᠳᠠᠭᠠᠳᠤ ᠪᠡᠯᠡ ᠶᠢ ᠠᠰᠢᠭᠯᠠᠬᠤ ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠵᠦ᠂ | ᠤᠯᠠᠨ ᠤᠯᠤᠰ ᠤᠨ ᠪᠡᠯᠡ ᠣᠷᠣᠭᠤᠯᠤᠭᠴᠢᠳ ᠲᠤ ᠨᠡᠩ ᠰᠠᠶᠢᠨ ᠨᠡᠩ ᠰᠢᠯᠢᠳᠡᠭ ᠪᠦᠭᠦ ᠲᠠᠯ᠎ᠠ ᠶᠢᠨ᠂ ᠪᠦᠭᠦ | ᠬᠡᠯᠬᠢᠶ᠎ᠡ ᠶᠢᠨ ᠦᠢᠯᠡᠴᠢᠯᠡᠭᠡ ᠬᠠᠩᠭᠠᠵᠤ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠢ ᠤᠮᠠᠷᠠᠲᠤ ᠬᠢᠯᠢ ᠶᠢᠨ ᠡᠬᠡ | ᠭᠠᠵᠠᠷ ᠲᠤ ᠰᠠᠨᠠᠭ᠎ᠠ ᠠᠮᠤᠷ ᠠᠵᠢᠯ ᠬᠢᠵᠦ ᠦᠢᠯᠡᠰ ᠪᠣᠰᠬᠠᠵᠤ᠂ ᠦᠷᠭᠦᠯᠵᠢᠯᠡᠨ ᠬᠥᠭᠵᠢᠭᠦᠯᠦᠨ ᠪᠤᠵᠠᠭᠠᠶᠢᠷᠠᠭᠤᠯᠤᠨ᠎ᠠ︾ | ᠭᠡᠵᠦ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ᠂ ᠳᠡᠳ᠋ ᠲᠢᠩᠬᠢᠮ ᠤᠨ ᠳᠠᠷᠤᠭ᠎ᠠ ᠭᠦᠸᠧ ᠵᠧᠦ ᠮᠢᠩ ᠬᠡᠯᠡᠪᠡ᠃ | | |