ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠨᠢᠭᠡᠳᠦᠭᠡᠷ ᠤᠯᠠᠷᠢᠯ ᠤᠨ ᠠᠵᠢᠯ ᠤᠨ ᠲᠣᠬᠢᠷᠠᠭᠤᠯᠤᠯᠲᠠ ᠶᠢᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠣᠨᠣᠰᠪᠠ︔ ᠣᠶᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠰᠢᠶᠠᠨ ᠤ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠪᠡᠯᠡ ᠣᠷᠣᠭᠤᠯᠤᠯᠲᠠ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠲᠥᠷᠥᠯ ᠵᠦᠢᠯ ᠢ ᠨᠢᠭᠡᠳᠦᠯᠲᠡᠢ ᠲᠥᠯᠥᠪᠵᠢᠭᠦᠯᠵᠦ᠂ ᠨᠢᠭᠡᠨᠲᠡ ᠬᠡᠷᠡᠭᠵᠢᠭᠦᠯᠦᠭᠰᠡᠨ ᠲᠥᠷᠥᠯ ᠵᠦᠢᠯ ᠢ ᠴᠢᠩᠭ᠎ᠠ ᠠᠩᠬᠠᠷᠴᠤ᠂ ᠬᠠᠮᠢᠶ᠎ᠠ ᠪᠦᠬᠦᠢ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠣᠭᠲᠠᠮᠠᠯ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠪᠡᠯᠡ ᠮᠥᠩᠭᠦ ᠶᠢ ᠬᠥᠮᠥᠷᠭᠡ ᠳᠤ ᠣᠷᠣᠭᠤᠯᠬᠤ ᠶᠢ ᠨᠡᠮᠡᠭᠳᠡᠭᠦᠯᠦᠨ᠂ ᠲᠥᠰᠥᠯ ᠢᠶᠠᠨ ᠲᠡᠭᠦᠯᠳᠡᠷᠵᠢᠭᠦᠯᠦᠨ ᠠᠬᠢᠴᠠ ᠶᠢ ᠠᠳᠬᠤᠵᠤ᠂ ᠡᠯ᠎ᠡ ᠵᠦᠢᠯ ᠤᠨ ᠠᠵᠢᠯ ᠢ ᠲᠦᠷᠭᠡᠳᠬᠡᠨ ᠠᠬᠢᠭᠤᠯᠬᠤ ᠪᠠᠷ ᠴᠢᠷᠮᠠᠶᠢᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠵᠤ ᠠᠬᠤᠶᠢᠯᠠᠯ ᠳᠤ ᠭᠦᠨᠵᠡᠭᠡᠶᠢᠷᠡᠨ᠂ ᠠᠵᠤ ᠠᠬᠤᠶᠢᠯᠠᠯ ᠢ ᠬᠠᠪᠰᠤᠷᠤᠨ ᠠᠰᠠᠭᠤᠳᠠᠯ ᠢ ᠰᠢᠢᠳᠪᠦᠷᠢᠯᠡᠵᠦ᠂ ᠰᠠᠶᠢᠨ ᠰᠠᠶᠢᠬᠠᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠨᠢᠭᠡᠳᠦᠭᠡᠷ ᠤᠯᠠᠷᠢᠯ ᠳᠤ ︽ᠰᠠᠶᠢᠨ ᠡᠬᠢᠯᠡᠯᠲᠡ ᠲᠠᠢ︾ ᠪᠠᠶᠢᠬᠤ ᠶᠢ ᠪᠡᠶᠡᠯᠡᠭᠦᠯᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠵᠦ᠂ ︽ᠰᠠᠶᠢᠨ ᠡᠬᠢᠯᠡᠯᠲᠡ ᠲᠠᠢ︾ ᠪᠠᠶᠢᠬᠤ ᠰᠠᠶᠢᠨ ᠰᠠᠶᠢᠬᠠᠨ ᠪᠠᠶᠢᠳᠠᠯ ᠢᠶᠠᠷ ︽ᠪᠥᠬᠦ ᠵᠢᠯ ᠳᠤ ᠰᠠᠶᠢᠨ ᠡᠬᠢᠯᠡᠯᠲᠡ ᠲᠠᠢ︾ ᠪᠠᠶᠢᠳᠠᠯ ᠢ ᠬᠥᠲᠥᠯᠥᠨ ᠳᠠᠭᠠᠭᠤᠯᠵᠤ ᠪᠡᠶᠡᠯᠡᠭᠦᠯᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠲᠤᠯᠭᠠᠮ᠎ᠠ ᠰᠡᠳᠬᠢᠯᠭᠡ ᠪᠣᠯᠣᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠠᠶᠢᠳᠠᠯ ᠢ ᠭᠦᠨᠵᠡᠭᠡᠢ ᠵᠠᠳᠠᠯᠵᠤ᠂ ᠠᠶᠤᠯ ᠲᠦᠭᠰᠢᠭᠦᠷᠢ ᠶᠢ ᠤᠨᠢᠨ ᠳᠡᠭᠡᠷ᠎ᠡ  ᠨᠢ ᠰᠤᠳᠤᠯᠤᠨ ᠮᠠᠭᠠᠳᠯᠠᠵᠤ᠂ ᠬᠢᠨᠠᠨ ᠵᠢᠯᠤᠭᠤᠳᠴᠤ ᠪᠠᠶᠢᠴᠠᠭᠠᠬᠤ ᠶᠢ ᠰᠠᠶᠢᠲᠤᠷ ᠠᠳᠬᠤᠵᠤ᠂ ᠬᠦᠨᠳᠦ ᠶᠡᠭᠡ ᠠᠳᠡᠯ ᠤᠨ ᠭᠡᠮ ᠰᠣᠭᠤᠭ ᠢ ᠲᠤᠰᠬᠠᠢ ᠪᠠᠶᠢᠴᠠᠭᠠᠵᠤ ᠴᠡᠭᠴᠡᠯᠡᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠮᠤᠷ ᠲᠦᠪᠰᠢᠨ ᠤ ᠠᠰᠠᠭᠤᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠬᠦ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠥᠮᠥᠨ ᠣᠯᠠᠨ ᠴᠤᠭᠯᠠᠷᠠᠬᠤ ᠭᠠᠵᠠᠷ ᠲᠠᠯᠠᠪᠤᠷ ᠪᠠ ᠭᠤᠣᠯᠳᠠᠯᠭ᠎ᠠ ᠲᠠᠢ ᠬᠡᠰᠡᠭ ᠤᠨ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ ᠵᠠᠬ᠎ᠠ ᠳᠡᠯᠭᠡᠭᠦᠷ᠂ ᠵᠣᠴᠢᠳ ᠤᠨ ᠪᠠᠭᠤᠳᠠᠯ ᠬᠤᠭᠤᠯᠠᠨ ᠭᠡᠷ᠂ ᠰᠤᠷᠭᠠᠭᠤᠯᠢ ᠵᠡᠷᠭᠡ ᠭᠤᠣᠯᠳᠠᠯᠭ᠎ᠠ ᠲᠠᠢ ᠨᠢᠭᠡᠴᠢ ᠶᠢ ᠴᠢᠩᠭ᠎ᠠ ᠠᠩᠬᠠᠷᠴᠤ᠂ ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠡᠷᠡᠭᠲᠡᠢ᠃ ᠨᠠᠮ ᠵᠠᠰᠠᠭ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠬᠠᠷᠢᠭᠤᠴᠠᠯᠭ᠎ᠠ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠢᠨᠠᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠬᠦ ᠦᠭᠡᠢ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠦᠭᠡᠢ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠣᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠠᠳᠡᠯ ᠲᠠᠢ ᠬᠠᠷᠢᠴᠠᠭᠤᠯᠤᠨ ᠴᠢᠩᠭ᠎ᠠ ᠰᠢᠢᠳᠪᠦᠷᠢᠯᠡᠬᠦ ᠬᠡᠷᠡᠭᠲᠡᠢ᠃ 24 ᠴᠠᠭ ᠢᠶᠠᠷ ᠵᠢᠵᠢᠭᠦᠷᠯᠡᠬᠦ ᠪᠠ ᠤᠳᠤᠷᠢᠳᠬᠤ ᠺᠠᠳ᠋ᠷ ᠠᠵᠢᠯ ᠤᠨ ᠪᠠᠶᠢᠷᠢ ᠳᠠᠭᠠᠨ ᠵᠢᠵᠢᠭᠦᠷᠯᠡᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠬᠠᠢ ᠶᠢᠨ ᠲᠠᠯᠠᠪᠤᠷ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ ᠠᠮᠤᠷ ᠲᠦᠪᠰᠢᠨ ᠤ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠬᠦᠴᠦᠨ ᠪᠠ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠶᠢᠨ ᠪᠡᠯᠡᠳᠬᠡᠯ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠲᠦᠭᠰᠢᠭᠦᠷᠢ ᠶᠢᠨ ᠪᠠᠶᠢᠳᠠᠯ ᠢ ᠴᠠᠭ ᠲᠤᠬᠠᠢ ᠳᠤᠨᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠬᠡᠷᠡᠭᠲᠡᠢ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠪᠠ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号