ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/29
     1 ᠰᠠᠷ᠎ᠠ ᠶᠢᠨ 25 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠰᠢᠶᠠᠨ ᠤ ᠳᠠᠷᠤᠭ᠎ᠠ ᠬᠠᠳᠠ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠭᠤᠷᠪᠠᠳᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽︿ᠮᠢᠩᠭᠠᠨ ᠲᠣᠰᠬᠤᠨ ᠢᠶᠠᠷ ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢᠶᠠᠷ ᠴᠡᠭᠴᠡᠯᠡᠨ ᠵᠠᠰᠠᠬᠤ﹀ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠦᠨᠡᠨᠬᠦ ᠨᠢᠭᠡᠳᠬᠡᠵᠦ᠂ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠮᠥᠩᠭᠦᠨ ᠭᠦᠢᠯᠭᠡᠭᠡᠨ ᠤ ᠠᠵᠢᠯ ᠤᠨ ᠤᠯᠤᠰ ᠲᠥᠷᠥᠴᠢ ᠴᠢᠨᠠᠷ ᠢ ᠪᠠᠷᠢᠮᠲᠠᠯᠠᠬᠤ ᠪᠠᠷ ᠭᠤᠣᠯᠳᠠᠭᠤᠯᠵᠤ᠂ ᠨᠠᠮ ᠤᠨ ᠤᠳᠤᠷᠢᠳᠤᠯᠭ᠎ᠠ ᠶᠢ ᠮᠥᠩᠭᠦᠨ ᠭᠦᠢᠯᠭᠡᠭᠡᠨ ᠤ ᠠᠵᠢᠯ ᠤᠨ ᠡᠯ᠎ᠡ ᠲᠠᠯ᠎ᠠ ᠳᠤ ᠲᠤᠭᠤᠰᠢᠯᠠᠭᠤᠯᠵᠤ᠂ ᠮᠥᠩᠭᠦᠨ ᠭᠦᠢᠯᠭᠡᠭᠡ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠮᠥᠩᠭᠦᠨ ᠭᠦᠢᠯᠭᠡᠭᠡᠨ ᠤ ᠰᠡᠳᠬᠢᠬᠦᠢ ᠶᠢ ᠤᠬᠠᠮᠰᠠᠷ ᠠᠴᠠ ᠪᠠᠨ ᠴᠢᠩᠭᠠᠳᠬᠠᠵᠤ᠂ ᠮᠥᠩᠭᠦᠨ ᠭᠦᠢᠯᠭᠡᠭᠡᠨ ᠤ ᠠᠵᠢᠯ ᠤᠨ ᠢᠮᠠᠭᠲᠠ ᠵᠥᠪ ᠴᠢᠭᠯᠡᠯ ᠢᠶᠠᠷ ᠶᠠᠪᠤᠭᠳᠠᠬᠤ ᠶᠢ ᠪᠠᠲᠤᠯᠠᠬᠤ ᠬᠡᠷᠡᠭᠲᠡᠢ︔ ᠮᠥᠩᠭᠦᠨ ᠭᠦᠢᠯᠭᠡᠭᠡᠨ ᠤ ᠠᠵᠢᠯ ᠤᠨ ᠠᠷᠠᠳᠴᠢ ᠴᠢᠨᠠᠷ ᠢ ᠪᠠᠷᠢᠮᠲᠠᠯᠠᠵᠤ᠂ ᠮᠥᠩᠭᠦᠨ ᠭᠦᠢᠯᠭᠡᠭᠡᠨ ᠤ ᠠᠵᠢᠯ ᠤᠨ ᠲᠦᠭᠡᠮᠡᠯ ᠬᠠᠷᠠᠭᠠᠯᠵᠠᠯ ᠤᠨ ᠴᠢᠨᠠᠷ ᠢ ᠨᠡᠩ ᠴᠢᠬᠤᠯᠠᠴᠢᠯᠠᠵᠤ᠂ ᠪᠡᠯᠡ ᠲᠣᠬᠢᠷᠠᠭᠤᠯᠭ᠎ᠠ ᠶᠢᠨ ᠵᠣᠯᠭᠠᠯᠴᠠᠭ᠎ᠠ ᠪᠠ ᠢᠵᠢ ᠪᠦᠷᠢᠳᠦᠭᠰᠡᠨ ᠪᠠᠲᠤᠯᠠᠭ᠎ᠠ ᠶᠢᠨ ᠦᠢᠯᠡᠴᠢᠯᠡᠭᠡ ᠶᠢ ᠦᠷᠭᠦᠯᠵᠢᠯᠡᠨ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠲᠣᠣᠷ ᠢ ᠥᠷᠭᠡᠨ ᠢᠶᠠᠷ ᠪᠦᠷᠬᠦᠭᠰᠡᠨ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠦᠷᠢᠯᠳᠦᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢ ᠠᠮᠢᠳᠤᠯᠢᠭ ᠪᠣᠯᠭᠠᠵᠤ᠂ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠴᠤᠭᠯᠠᠷᠠᠯ ᠤᠨ ᠣᠷᠴᠢᠨ ᠲᠣᠭᠤᠷᠢᠨ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠮᠠᠨ ᠤ ᠰᠢᠶᠠᠨ ᠤ ᠠᠵᠤ ᠠᠬᠤᠢ ᠶᠢᠨ ᠬᠥᠭᠵᠢᠯᠲᠡ ᠲᠠᠢ ᠵᠣᠬᠢᠴᠠᠯᠳᠤᠭᠰᠠᠨ ᠤᠳᠤ ᠦᠶ᠎ᠡ ᠶᠢᠨ ᠮᠥᠩᠭᠦᠨ ᠭᠦᠢᠯᠭᠡᠭᠡᠨ ᠤ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠳᠡᠭᠡᠷᠡᠬᠢ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠶᠡᠷᠦᠩᠬᠡᠢ ᠭᠠᠷᠳᠠᠴᠠ ᠪᠣᠯᠭᠠᠨ᠂ ︽ᠮᠢᠩᠭᠠᠨ ᠲᠦᠮᠡᠨ ᠢᠨᠵᠧᠨᠧᠷᠢᠩ︾ ᠤᠨ ᠲᠤᠷᠰᠢᠯᠭ᠎ᠠ ᠶᠢ ᠰᠤᠷᠤᠯᠴᠠᠨ ᠬᠡᠷᠡᠭᠯᠡᠵᠦ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠠᠮᠤ ᠪᠤᠳᠠᠭᠠᠨ ᠤ ᠲᠠᠷᠢᠮᠠᠯ ᠤᠨ ᠲᠣᠭᠲᠠᠭᠤᠨ ᠲᠠᠯᠠᠪᠠᠢ ᠶᠢᠨ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠬᠤ ᠶᠢ ᠦᠨᠡᠨᠬᠦ ᠰᠠᠶᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠳᠡᠯᠭᠡᠭᠦᠷ ᠪᠣᠯᠭᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠰᠠᠶᠢᠲᠤᠷ ᠠᠳᠬᠤᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠵᠦ᠂ ᠬᠥᠳᠡᠭᠡ ᠲᠣᠰᠬᠤᠨ ᠤ ᠣᠨᠴᠠᠯᠢᠭᠲᠤ ᠠᠵᠤ ᠦᠢᠯᠡᠰ ᠢ ᠪᠤᠵᠠᠭᠠᠶᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠣᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠲᠦᠷᠭᠡᠳᠬᠡᠬᠦ ᠬᠡᠷᠡᠭᠲᠡᠢ᠃ ᠮᠠᠨ ᠤ ᠰᠢᠶᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠡᠭᠦᠷᠭᠡ ᠶᠢ ᠲᠣᠳᠣᠷᠬᠠᠶᠢᠯᠠᠬᠤ ᠳᠤ᠂ ᠲᠡᠷᠢᠭᠦᠨ ᠴᠢᠬᠤᠯᠠ ᠡᠭᠦᠷᠭᠡ ᠪᠣᠯ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠰᠠᠶᠢᠲᠤᠷ ᠠᠳᠬᠤᠵᠤ᠂ ᠠᠮᠤ ᠪᠤᠳᠠᠭ᠎ᠠ ᠲᠠᠷᠢᠬᠤ ᠲᠠᠯᠠᠪᠠᠢ ᠶᠢ ᠲᠣᠭᠲᠠᠪᠤᠷᠢᠵᠢᠭᠤᠯᠵᠤ᠂ 2024 ᠣᠨ ᠤ ᠠᠮᠤ ᠪᠤᠳᠠᠭᠠᠨ ᠤ ᠤᠨᠠᠯᠲᠠ ᠶᠢ ᠲᠣᠭᠲᠠᠭᠤᠨ ᠪᠠᠶᠢᠯᠭᠠᠬᠤ ᠶᠢ ᠪᠠᠲᠤᠯᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠠᠵᠤ ᠦᠢᠯᠡᠰ ᠵᠡᠷᠭᠡ ᠲᠠᠯ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠵᠤ ᠦᠢᠯᠡᠰ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ᠂ ᠶᠠᠰᠤ ᠴᠢᠨᠠᠷ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ᠂ ᠪᠣᠬᠢᠷᠲᠤᠯ ᠦᠭᠡᠢ ᠪᠠᠷ ᠬᠥᠳᠡᠭᠡ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ ᠤᠨᠢᠨ ᠳᠡᠭᠡᠷ᠎ᠡ ᠨᠢ ᠪᠣᠳᠠᠲᠠᠢ ᠶᠢ ᠡᠷᠬᠢᠮᠯᠡᠨ ᠬᠥᠳᠡᠭᠡ ᠲᠣᠰᠬᠤᠨ ᠤ ᠠᠵᠤ ᠦᠢᠯᠡᠰ ᠢ ᠪᠣᠶᠢᠵᠢᠭᠤᠯᠵᠤ᠂ ᠬᠥᠳᠡᠭᠡ ᠠᠵᠤ ᠠᠬᠤᠢ ᠲᠠᠢ ᠬᠤᠯᠪᠤᠭᠠᠯᠠᠨ ᠬᠥᠳᠡᠭᠡ ᠠᠵᠤ ᠠᠬᠤᠢ ᠶᠢ ᠳᠠᠶᠢᠴᠢᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠤ ᠪᠦᠬᠦ ᠲᠠᠯ᠎ᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠰᠢᠶᠠᠨ ᠤ ᠬᠡᠪᠴᠢᠶᠡᠨ ᠤ ᠶᠡᠷᠦᠩᠬᠡᠶᠢᠯᠡᠭᠰᠡᠨ ᠳᠠᠭᠠᠭᠠᠴᠠ ᠶᠢᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠤ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ᠃ ︵ᠰᠤᠷᠪᠤᠯᠵᠢᠯᠠᠭᠴᠢ᠄ ᠯᠢᠦ ᠪᠠᠢ ᠢᠦᠢ᠂ ᠶᠠᠩ ᠵᠢᠶ᠋ᠧ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号