ᠦᠴᠦᠸᠠᠨ ᠰᠢᠶᠠᠨ ᠤ 2023 ᠣᠨ ᠤ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠤᠷᠮ᠎ᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠦᠴᠦᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠡᠯᠡᠯ
ᠨᠡᠶᠢᠲᠡᠯᠡᠭᠰᠡᠨ ᠴᠠᠭ᠄
2024/1/29
ᠦᠴᠦᠸᠠᠨ ᠤ ᠴᠠᠬᠢᠯᠭᠠᠨ ᠬᠠᠩᠭᠠᠬᠤ ᠺᠣᠮᠫᠠᠨᠢ ᠳᠤ᠄      2023 ᠣᠨ ᠤ ᠪᠥᠬᠦ ᠵᠢᠯ ᠳᠤ᠂ ᠲᠠᠨ ᠤ ᠨᠢᠭᠡᠴᠢ ᠶᠢᠨ ᠪᠥᠬᠦ ᠰᠢᠰᠲ᠋ᠧᠮ ᠤᠨ ᠬᠡᠷᠡᠭᠯᠡᠭᠴᠢ ᠶᠢᠨ ᠳᠤᠮᠳᠠᠴᠢ ᠴᠠᠬᠢᠯᠭᠠᠨ ᠵᠣᠭᠰᠣᠭᠰᠠᠨ ᠴᠠᠭ ᠨᠢ 9.588h/ᠡᠷᠦᠬᠡ ︵ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠣᠷᠮ᠎ᠠ 99.8905%︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.0915h/ᠡᠷᠦᠬᠡ ᠨᠡᠮᠡᠭᠳᠡᠪᠡ᠃ ᠡᠭᠦᠨ ᠳᠤ ᠬᠤᠲᠠ ᠶᠢᠨ ᠬᠡᠷᠡᠭᠯᠡᠭᠴᠢ ᠶᠢᠨ ᠳᠤᠮᠳᠠᠴᠢ ᠴᠠᠬᠢᠯᠭᠠᠨ ᠵᠣᠭᠰᠣᠭᠰᠠᠨ ᠴᠠᠭ ᠨᠢ 4.2465h/ᠡᠷᠦᠬᠡ ︵ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠣᠷᠮ᠎ᠠ ᠨᠢ 99.9515%︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.5574 h/ᠡᠷᠦᠬᠡ ᠪᠠᠭᠠᠰᠪᠠ︔ ᠬᠥᠳᠡᠭᠡ ᠲᠣᠰᠬᠤᠨ ᠤ ᠬᠡᠷᠡᠭᠯᠡᠭᠴᠢ ᠶᠢᠨ ᠳᠤᠮᠳᠠᠴᠢ ᠴᠠᠬᠢᠯᠭᠠᠨ ᠵᠣᠭᠰᠣᠭᠰᠠᠨ ᠴᠠᠭ  ᠨᠢ 9.9976h/ᠡᠷᠦᠬᠡ ︵ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠣᠷᠮ᠎ᠠ 99.8859%︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 4.4472h/ᠡᠷᠦᠬᠡ ᠨᠡᠮᠡᠭᠳᠡᠪᠡ᠃ ︽2023 ᠣᠨ ᠤ ᠬᠥᠬᠡᠬᠤᠲᠠ ᠶᠢᠨ ᠴᠠᠬᠢᠯᠭᠠᠨ ᠬᠠᠩᠭᠠᠬᠤ ᠺᠣᠮᠫᠠᠨᠢ ᠶᠢᠨ ᠦᠴᠦᠸᠠᠨ ᠤ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ ᠶᠢᠨ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠬᠠᠮᠢᠶᠠᠷᠤᠯᠲᠠ ᠶᠢᠨ ᠲᠥᠯᠥᠪᠯᠡᠭᠡ ︵ᠲᠤᠷᠰᠢᠨ ᠬᠡᠷᠡᠭᠵᠢᠭᠦᠯᠬᠦ︶︾ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ ᠶᠣᠰᠣᠭᠠᠷ᠂ ᠪᠥᠬᠦ ᠰᠢᠰᠲ᠋ᠧᠮ ᠤᠨ ᠬᠡᠷᠡᠭᠯᠡᠭᠴᠢ ᠶᠢᠨ ᠳᠤᠮᠳᠠᠴᠢ ᠴᠠᠬᠢᠯᠭᠠᠨ ᠵᠣᠭᠰᠣᠬᠤ ᠴᠠᠭ ︵SADIA ᠬᠡᠮᠵᠢᠭᠳᠡᠯ︶ ᠤᠨ ᠬᠠᠷᠠᠯᠲᠠ ᠶᠢᠨ ᠬᠡᠮᠵᠢᠭᠳᠡᠯ ᠢ ᠪᠡᠶᠡᠯᠡᠭᠦᠯᠵᠦ᠂ ᠲᠠᠨ ᠤ ᠨᠢᠭᠡᠴᠢ ᠶᠢ ᠪᠥᠬᠦ ᠰᠢᠶᠠᠨ ᠳᠤ ᠵᠠᠷᠯᠠᠨ ᠰᠠᠶᠢᠰᠢᠶᠠᠨ᠎ᠠ᠃      ︽ᠴᠠᠬᠢᠯᠭᠠᠨ ᠬᠦᠴᠦᠨ ᠣᠯᠬᠤ︾ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠲᠠᠨ ᠤ ᠨᠢᠭᠡᠴᠢ ᠶᠢᠨ ᠬᠢᠨ ᠲᠤᠷᠰᠢᠯᠭ᠎ᠠ ᠪᠠᠨ ᠳ᠋ᠦᠩᠨᠡᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠠᠬᠢᠯᠭᠠᠨ ᠬᠡᠷᠡᠭᠯᠡᠬᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠴᠠᠬᠢᠯᠭᠠᠨ ᠬᠠᠩᠭᠠᠯᠭ᠎ᠠ ᠶᠢᠨ ᠨᠠᠶᠢᠳᠠᠪᠤᠷᠢᠲᠤ ᠨᠣᠷᠮ᠎ᠠ ᠶᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃                         ᠦᠴᠦᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                                    2024 ᠣᠨ ᠤ 1 ᠰᠠᠷ᠎ᠠ ᠶᠢᠨ 29 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号