ᠦᠴᠦᠸᠠᠨ ᠰᠢᠶᠠᠨ ᠤ 2023 ᠣᠨ ᠤ ᠳᠥᠷᠪᠡᠳᠦᠭᠡᠷ ᠤᠯᠠᠷᠢᠯ ᠤᠨ ᠬᠤᠶᠠᠷ ᠨᠤᠷᠮ᠎ᠠ ᠶᠢ ᠪᠡᠶᠡᠯᠡᠭᠦᠯᠦᠭᠰᠡᠨ ᠪᠠᠶᠢᠳᠠᠯ ᠤᠨ ᠲᠤᠬᠠᠢ ᠦᠴᠦᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠡᠯᠡᠯ
ᠨᠡᠶᠢᠲᠡᠯᠡᠭᠰᠡᠨ ᠴᠠᠭ᠄
2024/1/29
ᠦᠴᠦᠸᠠᠨ ᠤ ᠴᠠᠬᠢᠯᠭᠠᠨ ᠬᠠᠩᠭᠠᠬᠤ ᠺᠣᠮᠫᠠᠨᠢ ᠳᠤ᠄      2023 ᠣᠨ ᠤ ᠳᠥᠷᠪᠡᠳᠦᠭᠡᠷ ᠤᠯᠠᠷᠢᠯ ᠳᠤ᠂ ᠲᠠᠨ ᠤ ᠨᠢᠭᠡᠴᠢ ᠶᠢᠨ ᠪᠥᠬᠦ ᠰᠢᠰᠲ᠋ᠧᠮ ᠤᠨ ᠬᠡᠷᠡᠭᠯᠡᠭᠴᠢ ᠶᠢᠨ ᠳᠤᠮᠳᠠᠴᠢ ᠴᠠᠬᠢᠯᠭᠠᠨ ᠵᠣᠭᠰᠣᠭᠰᠠᠨ ᠴᠠᠭ ᠨᠢ 0.8986h/ᠡᠷᠦᠬᠡ ︵ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠣᠷᠮ᠎ᠠ 99.9593%︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.5842h/ᠡᠷᠦᠬᠡ ᠨᠡᠮᠡᠭᠳᠡᠪᠡ᠃ ᠡᠭᠦᠨ ᠳᠤ ᠬᠤᠲᠠ ᠶᠢᠨ ᠬᠡᠷᠡᠭᠯᠡᠭᠴᠢ ᠶᠢᠨ ᠳᠤᠮᠳᠠᠴᠢ ᠴᠠᠬᠢᠯᠭᠠᠨ ᠵᠣᠭᠰᠣᠭᠰᠠᠨ ᠴᠠᠭ ᠨᠢ 0.024h/ᠡᠷᠦᠬᠡ ︵ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠣᠷᠮ᠎ᠠ ᠨᠢ 99.9989%︶ ᠪᠠᠶᠢᠵᠤ᠂ ᠠᠳᠠᠯᠢ ᠬᠤᠭᠤᠴᠠᠭᠠᠨ ᠤ  ᠬᠢ ᠠᠴᠠ 0.0177 h/ᠡᠷᠦᠬᠡ ᠨᠡᠮᠡᠭᠳᠡᠪᠡ︔ ᠬᠥᠳᠡᠭᠡ ᠲᠣᠰᠬᠤᠨ ᠤ ᠬᠡᠷᠡᠭᠯᠡᠭᠴᠢ ᠶᠢᠨ ᠳᠤᠮᠳᠠᠴᠢ ᠴᠠᠬᠢᠯᠭᠠᠨ ᠵᠣᠭᠰᠣᠭᠰᠠᠨ ᠴᠠᠭ ᠨᠢ 0.9645h/ᠡᠷᠦᠬᠡ ︵ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠣᠷᠮ᠎ᠠ 99.9563%︶ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 0.6267h/ᠡᠷᠦᠬᠡ ᠨᠡᠮᠡᠭᠳᠡᠪᠡ᠃ ᠶᠡᠷᠦᠩᠬᠡᠶᠢᠯᠡᠭᠰᠡᠨ ᠴᠠᠬᠢᠯᠭᠠᠨ ᠬᠦᠴᠦᠳᠡᠯ ᠤᠨ ᠬᠢᠷᠢ ᠲᠡᠩᠴᠡᠭᠰᠡᠨ ᠨᠣᠷᠮ᠎ᠠ 99.922% ᠢ ᠪᠡᠶᠡᠯᠡᠭᠦᠯᠵᠦ᠂ ᠠᠳᠠᠯᠢ ᠬᠤᠭᠤᠴᠠᠭᠠᠨ ᠤ  ᠬᠢ ᠠᠴᠠ 0.014%  ᠳᠡᠭᠡᠭᠰᠢᠯᠡᠪᠡ᠃      ︽ᠴᠠᠬᠢᠯᠭᠠᠨ ᠬᠦᠴᠦᠨ ᠣᠯᠬᠤ︾ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠲᠠᠨ ᠤ ᠨᠢᠭᠡᠴᠢ ᠶᠢᠨ ᠬᠢᠨ ᠲᠤᠷᠰᠢᠯᠭ᠎ᠠ ᠪᠠᠨ ᠳ᠋ᠦᠩᠨᠡᠵᠦ᠂ ᠴᠢᠷᠮᠠᠶᠢᠭᠰᠠᠨ ᠳᠡᠭᠡᠷ᠎ᠡ ᠪᠠᠨ ᠴᠢᠷᠮᠠᠶᠢᠵᠤ᠂ ᠴᠠᠬᠢᠯᠭᠠᠨ ᠬᠡᠷᠡᠭᠯᠡᠬᠦ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠴᠠᠬᠢᠯᠭᠠᠨ ᠬᠠᠩᠭᠠᠯᠲᠠ ᠶᠢᠨ ᠨᠠᠶᠢᠳᠠᠪᠤᠷᠢᠲᠤ ᠨᠣᠷᠮ᠎ᠠ ᠪᠠ ᠴᠠᠬᠢᠯᠭᠠᠨ ᠬᠦᠴᠦᠳᠡᠯ ᠤᠨ ᠬᠢᠷᠢ ᠲᠡᠩᠴᠡᠬᠦ ᠨᠣᠷᠮ᠎ᠠ ᠶᠢ ᠳᠡᠭᠡᠭᠰᠢᠯᠡᠭᠦᠯᠬᠦ ᠶᠢ ᠬᠦᠰᠡᠵᠦ ᠪᠠᠶᠢᠨ᠎ᠠ᠃                          ᠦᠴᠦᠸᠠᠨ ᠰᠢᠶᠠᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ                                     2024 ᠣᠨ ᠤ 1 ᠰᠠᠷ᠎ᠠ ᠶᠢᠨ 29 ᠤ ᠡᠳᠦᠷ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号