| | | ᠬᠤᠪᠢᠰᠬᠠᠯ ᠤᠨ ᠰᠣᠩᠭᠤᠳᠠᠭ ᠪᠦᠲᠦᠭᠡᠯ ᠢ ᠤᠯᠠᠮᠵᠢᠯᠠᠨ ᠪᠠᠳᠠᠷᠠᠭᠤᠯᠵᠤ᠂ ᠨᠡᠩ ᠤᠯᠠᠨ ᠠᠷᠠᠳ ᠤᠯᠠᠨ ᠢ | ᠳᠠᠶᠢᠴᠢᠯᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠠᠭᠠᠲᠤᠷᠯᠢᠭ ᠦᠢᠯᠡ ᠠᠵᠢᠯᠯᠠᠭ᠎ᠠ ᠶᠢ | ᠡᠷᠭᠢᠴᠡᠭᠦᠯᠬᠦ ᠶᠢᠨ ᠲᠥᠯᠥᠭᠡ᠂ 12 ᠰᠠᠷ᠎ᠠ ᠶᠢᠨ 30 ᠤ ᠡᠳᠦᠷ ᠠᠴᠠ 1 ᠰᠠᠷ᠎ᠠ ᠶᠢᠨ 5 ᠤ ᠡᠳᠦᠷ ᠪᠣᠯᠲᠠᠯ᠎ᠠ᠂ | ᠦᠴᠦᠸᠠᠨ ᠰᠢᠶᠠᠨ ᠤ ᠰᠣᠶᠣᠯ ᠵᠤᠭᠠᠴᠠᠯ ᠪᠡᠶ᠎ᠡ ᠶᠢᠨ ᠲᠠᠮᠢᠷ ᠤᠨ ᠲᠣᠪᠴᠢᠶ᠎ᠠ ᠰᠣᠶᠣᠯ ᠵᠤᠭᠠᠴᠠᠯ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠬᠤᠶᠠᠳᠤᠭᠠᠷ ᠳᠠᠪᠬᠤᠷᠯᠢᠭ ᠤᠨ ᠦᠵᠡᠭᠦᠯᠦᠯᠭᠡ ᠶᠢᠨ ᠲᠢᠩᠬᠢᠮ ᠳᠤ ︽ᠤᠮᠠᠷᠠᠲᠤ | ᠬᠢᠯᠢ ᠶᠢᠨ ᠰᠣᠶᠣᠯ ᠬᠤᠪᠢᠰᠬᠠᠯ ᠤᠨ ᠤᠯᠠ ᠮᠥᠷ ︱ ᠳᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠭᠦᠴᠡᠬᠦ | ᠫᠠᠷᠲ᠋ᠢᠽᠠᠨ ᠤ ᠰᠠᠭᠤᠷᠢᠨ ᠭᠠᠵᠠᠷ ᠤᠨ ᠬᠤᠪᠢᠰᠬᠠᠯ ᠤᠨ ᠦᠯᠢᠭᠡᠷ ᠤᠨ ᠦᠷᠭᠦᠯᠵᠢᠯᠡᠭᠰᠡᠨ ᠵᠢᠷᠤᠭ︾ ᠤᠨ | ᠦᠵᠡᠭᠦᠯᠦᠯᠭᠡ ᠶᠢ ᠡᠷᠬᠢᠯᠡᠨ᠎ᠡ᠃ ᠤᠷᠠᠯᠢᠭ ᠤᠨ ᠭᠤᠸ᠎ᠠ ᠲᠠᠭᠠᠰᠢᠶᠠᠯ ᠲᠠᠢ ᠦᠴᠦᠸᠠᠨ ᠰᠢᠶᠠᠨ ᠤ ᠰᠣᠩᠭᠤᠳᠠᠭ | ᠬᠤᠪᠢᠰᠬᠠᠯ ᠤᠨ ᠲᠡᠦᠬᠡᠨ ᠥᠯᠢᠭᠡᠷ ᠢᠶᠠᠷ ᠪᠦᠲᠦᠭᠡᠭᠰᠡᠨ ᠦᠷᠭᠦᠯᠵᠢᠯᠡᠭᠰᠡᠨ ᠵᠢᠷᠤᠭ ᠢ ᠨᠠᠷᠢᠨ | ᠰᠣᠩᠭᠤᠵᠤ ᠦᠵᠡᠭᠦᠯᠦᠯᠭᠡ ᠶᠢᠨ ᠪᠦᠲᠦᠭᠡᠯ ᠪᠣᠯᠭᠠᠪᠠ᠃ ᠬᠤᠪᠢᠰᠬᠠᠯ ᠤᠨ ᠲᠡᠦᠬᠡ ᠶᠢᠨ ᠦᠯᠢᠭᠡᠷ ᠲᠠᠬᠢ ᠬᠥᠮᠥᠰ ᠤᠨ | ᠰᠡᠳᠬᠢᠯ ᠢ ᠬᠥᠳᠡᠯᠭᠡᠮ᠎ᠡ ᠦᠯᠢᠬᠡᠷ ᠪᠣᠯᠣᠨ ᠠᠮᠢᠳᠤᠯᠢᠭ ᠰᠠᠶᠢᠬᠠᠨ ᠦᠵᠡᠭᠳᠡᠯ ᠤᠳ ᠢᠶᠠᠷ ᠬᠤᠪᠢᠰᠬᠠᠯ ᠤᠨ | ᠦᠷᠡᠭᠳᠡᠭᠰᠡᠨ ᠪᠠᠭᠠᠲᠤᠷᠴᠤᠳ ᠤᠨ ᠪᠠᠷᠢᠮᠲᠠᠯᠠᠯ᠂ ᠰᠥᠰᠥ ᠵᠣᠷᠢᠭ᠂ ᠤᠶᠤᠨ ᠤᠬᠠᠭᠠᠨ ᠪᠣᠯᠣᠨ ᠡᠷᠡᠯᠬᠡᠭᠯᠡᠨ | ᠤᠷᠤᠭᠰᠢᠯᠠᠬᠤ ᠶᠢ ᠭᠦᠨᠵᠡᠭᠡᠢ ᠢᠯᠡᠷᠡᠭᠦᠯᠵᠦ᠂ ᠠᠷᠠᠳ ᠤᠯᠠᠨ ᠢ ᠳᠠᠭᠠᠭᠤᠯᠤᠨ ᠬᠤᠪᠢᠰᠬᠠᠯ ᠤᠨ ᠲᠡᠦᠬᠡᠨ ᠳᠤ | ᠣᠷᠣᠯᠴᠠᠵᠤ᠂ ᠪᠠᠭᠠᠲᠤᠷ ᠤᠨ ᠳᠦᠷᠢ ᠨᠦᠭᠦᠳ ᠢ ᠳᠤᠷᠠᠰᠤᠨ ᠰᠠᠨᠠᠭᠠᠯᠵᠠᠵᠤ᠂ ᠪᠠᠭᠠᠲᠤᠷᠴᠤᠳ ᠤᠨ ᠡᠷᠡᠰ ᠪᠠᠲᠤ | ᠢᠲᠡᠭᠡᠯ ᠪᠢᠰᠢᠷᠡᠯ ᠪᠣᠯᠣᠨ ᠡᠷᠬᠢᠮ ᠳᠡᠭᠡᠳᠦ ᠬᠠᠶᠢᠷ᠎ᠠ ᠰᠡᠳᠬᠢᠯᠭᠡ ᠶᠢ ᠮᠡᠳᠡᠷᠡᠭᠦᠯᠦᠨ᠎ᠡ᠃ | | | ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ | | |