ᠦᠴᠦᠸᠠᠨ ᠰᠢᠶᠠᠨ ᠲᠦᠷᠦᠯ ᠵᠦᠢᠯ ᠳᠤ ᠭᠠᠷ ᠤᠨ ᠦᠰᠦᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/1/3
     12 ᠳ᠋ᠤᠭᠠᠷ ᠰᠠᠷ᠎ᠠ ᠶᠢᠨ 31 ᠤ ᠡᠳᠦᠷ᠂ ᠥᠪᠥᠷ ᠮᠣᠩᠭᠤᠯ ᠤᠨ ︽ᠰᠢᠶᠠᠩ ᠹᠧᠢ ᠵᠢᠦ ᠹᠧᠢ︾ ᠳᠣᠣᠷ᠎ᠠ ᠣᠭᠲᠠᠷᠭᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠬᠡᠯᠡᠯᠴᠡᠭᠡᠷ ᠲᠤ ᠭᠠᠷ ᠤᠨ ᠥᠰᠥᠭ ᠵᠢᠷᠤᠬᠤ ᠶᠣᠰᠣᠯᠠᠯ ᠦᠴᠦᠸᠠᠨ ᠳᠤ ᠶᠠᠪᠤᠭᠳᠠᠪᠠ᠃      ᠭᠠᠷ ᠤᠨ ᠦᠰᠦᠭ ᠵᠢᠷᠤᠬᠤ ᠶᠣᠰᠣᠯᠠᠯ ᠠᠴᠠ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠨᠠᠷ ᠲᠦᠷᠦᠯ ᠵᠦᠢᠯ ᠤᠨ ᠬᠠᠷᠢᠭᠤᠴᠠᠯᠭᠠᠲᠠᠨ ᠲᠠᠢ ᠳᠣᠣᠷ᠎ᠠ ᠣᠭᠲᠠᠷᠭᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠤᠨ ᠲᠤᠬᠠᠢ ᠶᠠᠷᠢᠯᠴᠠᠨ ᠰᠣᠯᠢᠯᠴᠠᠪᠠ᠃ ᠥᠪᠥᠷ ᠮᠣᠩᠭᠤᠯ ᠤᠨ ︽ᠰᠢᠶᠠᠩ ᠹᠧᠢ ᠵᠢᠦ ᠹᠧᠢ︾ ᠳᠣᠣᠷ᠎ᠠ ᠣᠭᠲᠠᠷᠭᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠬᠠᠷᠢᠭᠤᠴᠠᠯᠭᠠᠲᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠨᠥᠬᠦᠴᠡᠯ᠂ ᠡᠭᠦᠳᠦᠨ ᠪᠦᠲᠦᠭᠡᠭᠰᠡᠨ ᠥᠷᠲᠡᠭ᠂ ᠪᠡᠶᠡᠯᠡᠭᠦᠯᠬᠦ ᠠᠷᠭ᠎ᠠ ᠵᠠᠮ᠂ ᠠᠬᠢᠭᠤᠯᠬᠤ ᠠᠷᠭ᠎ᠠ ᠮᠠᠶ᠋ᠢᠭ ᠵᠢᠴᠢ ᠲᠥᠷᠥᠯ ᠵᠦᠢᠯ ᠤᠨ ᠤᠯᠠᠮ ᠨᠢᠭᠡ ᠠᠯᠬᠤᠮ ᠬᠥᠭᠵᠢᠭᠦᠯᠬᠦ ᠲᠥᠯᠦᠪᠵᠢᠭᠦᠯᠭᠡ ᠶᠢᠨ ᠲᠣᠭᠤᠷᠢᠨ ᠳᠤ ᠪᠥᠬᠦ ᠲᠠᠯ᠎ᠠ ᠪᠠᠷ ᠲᠠᠨᠢᠯᠴᠠᠭᠤᠯᠪᠠ᠃ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ︽ᠰᠢᠶᠠᠩ ᠹᠧᠢ ᠵᠢᠦ ᠹᠧᠢ︾ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ ᠪᠣᠯ ᠣᠯᠠᠨ ᠨᠡᠶᠢᠲᠡ ᠶᠢᠨ ᠠᠭᠠᠷ ᠤᠨ ᠠᠶᠠᠯᠠᠯ ᠤᠨ ᠠᠮᠤᠷ ᠲᠦᠪᠰᠢᠨ ᠵᠤᠭ᠎ᠠ ᠴᠡᠩᠭᠡᠯ ᠤᠨ ᠨᠢᠰᠦᠯᠲᠡ ᠶᠢᠨ ᠬᠠᠯᠠᠭᠤᠨ ᠰᠡᠳᠬᠢᠯᠭᠡ ᠶᠢ ᠳᠠᠶᠢᠴᠢᠯᠠᠬᠤ᠂ ᠣᠯᠠᠨ ᠨᠡᠶᠢᠲᠡ ᠶᠢᠨ ᠠᠭᠠᠷ ᠤᠨ ᠠᠶᠠᠯᠠᠯ ᠤᠨ ᠰᠣᠶᠣᠯ ᠤᠨ ᠣᠶᠢᠯᠠᠭᠠᠭᠳᠠᠬᠤᠨ ᠢ ᠤᠬᠠᠭᠤᠯᠬᠤ᠂ ᠣᠯᠠᠨ ᠨᠡᠶᠢᠲᠡ ᠶᠢᠨ ᠠᠭᠠᠷ ᠤᠨ ᠠᠶᠠᠯᠠᠯ ᠤᠨ ᠲᠡᠭᠡᠭᠡᠪᠦᠷᠢ᠂ ᠠᠷᠠᠳ ᠤᠨ ᠬᠡᠷᠡᠭᠯᠡᠭᠡᠨ ᠤ ᠠᠭᠠᠷ ᠤᠨ ᠠᠶᠠᠯᠠᠯ ᠤᠨ ᠪᠠᠭᠠᠵᠢ ᠬᠡᠷᠡᠭᠰᠡᠯ ᠢ ᠰᠡᠯᠪᠢᠨ ᠵᠠᠰᠠᠬᠤ ᠵᠡᠷᠭᠡ ᠦᠢᠯᠡᠴᠢᠯᠡᠭᠡ ᠬᠠᠩᠭᠠᠬᠤ ᠪᠥᠬᠦ ᠤᠯᠤᠰ ᠤᠨ ᠴᠢᠨᠠᠷᠲᠠᠢ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠺᠯᠦ᠋ᠪ ᠪᠣᠯᠣᠨ᠎ᠠ᠃      ᠶᠠᠩ ᠰᠢᠩ ᠱᠧᠩ ᠥᠪᠥᠷ ᠮᠣᠩᠭᠤᠯ ᠤᠨ ︽ᠰᠢᠶᠠᠩ ᠹᠧᠢ ᠵᠢᠦ ᠹᠧᠢ︾ ᠨᠡᠶᠢᠳᠡᠮ ᠬᠡᠷᠡᠭᠯᠡᠭᠡᠨ ᠤ ᠠᠭᠠᠷ ᠤᠨ ᠠᠶᠠᠯᠠᠯ ᠤᠨ ᠬᠢᠵᠠᠭᠠᠷᠲᠤ ᠺᠣᠮᠫᠠᠨᠢ ᠶᠢᠨ ᠮᠠᠨ ᠤ ᠰᠢᠶᠠᠨ ᠳᠤ ᠲᠦᠷᠦᠯ ᠵᠦᠢᠯ ᠤᠨ ᠬᠠᠮᠲᠤᠷᠠᠯᠴᠠᠭ᠎ᠠ ᠶᠢᠨ ᠵᠥᠪᠳᠡᠯᠴᠡᠭᠡ ᠬᠢᠬᠦ ᠪᠠᠷ ᠢᠷᠡᠭᠰᠡᠨ ᠢ ᠴᠢᠩ ᠰᠡᠳᠬᠢᠯ ᠠᠴᠠ ᠪᠠᠨ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠠᠭᠠᠷ ᠤᠨ ᠠᠶᠠᠯᠠᠯ ᠤᠨ ᠪᠠᠭᠤᠴᠠ ᠪᠠᠶᠢᠭᠤᠯᠤᠭᠳᠠᠬᠤ ᠨᠢ ᠮᠠᠨ ᠤ ᠰᠢᠶᠠᠨ ᠤ ︿ᠲᠦᠷᠪᠡᠨ ᠠᠵᠤ ᠦᠢᠯᠡᠰ ᠤᠨ ᠰᠠᠭᠤᠷᠢᠨ ᠭᠠᠵᠠᠷ﹀ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠬᠤ ᠳᠤ ᠲᠤᠶᠢᠯ ᠤᠨ ᠶᠡᠭᠡ ᠬᠡᠮᠵᠢᠶ᠎ᠡ ᠪᠠᠷ ᠬᠦᠴᠦᠨ ᠨᠡᠮᠡᠷᠢᠯᠡᠨ᠎ᠡ᠂ ᠳᠠᠷᠠᠭᠠᠴᠢ ᠶᠢᠨ ᠠᠯᠬᠤᠮ ᠳᠤ᠂ ᠪᠦᠬᠦ ᠰᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠵᠣᠬᠢᠴᠠᠭᠤᠯᠤᠨ ᠦᠢᠯᠡᠴᠢᠯᠡᠬᠦ ᠠᠵᠢᠯ ᠢ ᠴᠢᠷᠮᠠᠶᠢᠨ ᠰᠠᠶᠢᠲᠤᠷ ᠬᠢᠵᠦ᠂ ᠢᠳᠡᠪᠬᠢᠲᠡᠢ ᠪᠠᠷ ᠵᠣᠯᠭᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠣᠷᠣᠰᠢᠵᠤ ᠪᠠᠶᠢᠭ᠎ᠠ ᠡᠯ᠎ᠡ ᠵᠦᠢᠯ ᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠳᠣᠣᠷ᠎ᠠ ᠣᠭᠲᠠᠷᠭᠤᠢ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠲᠦᠷᠦᠯ ᠵᠦᠢᠯ ᠢ ᠮᠠᠨ ᠤ ᠰᠢᠶᠠᠨ ᠳᠤ ᠨᠠᠶᠢᠳᠠᠪᠤᠷᠢᠵᠢᠭᠤᠯᠤᠨ ᠠᠰᠢᠭᠯᠠᠯᠲᠠ ᠳᠤ ᠣᠷᠣᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠡᠭᠦᠨ ᠤ ᠬᠠᠮᠲᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢ ᠠᠬᠢᠭᠤᠯᠬᠤ ᠵᠠᠩᠭᠢᠯᠠᠭ᠎ᠠ ᠶᠢᠨ ᠵᠢᠯ ᠳᠤ᠂ ᠮᠠᠨ ᠤ ᠰᠢᠶᠠᠨ ᠤ  ᠬᠢᠨ ᠲᠤᠰ ᠤᠳᠠᠭ᠎ᠠ ᠶᠢᠨ ᠬᠠᠮᠲᠤᠷᠠᠯᠴᠠᠭ᠎ᠠ ᠪᠠᠷ ᠠᠵᠠ ᠲᠣᠬᠢᠶᠠᠯ ᠪᠣᠯᠭᠠᠵᠤ᠂ ᠺᠣᠮᠫᠠᠨᠢ ᠲᠠᠢ ᠨᠡᠩ ᠨᠢᠭᠲᠠ ᠬᠠᠮᠲᠤᠷᠠᠯᠴᠠᠭᠠᠨ ᠤ ᠬᠠᠷᠢᠯᠴᠠᠭ᠎ᠠ ᠪᠠᠶᠢᠭᠤᠯᠵᠤ᠂ ᠬᠠᠮᠲᠤᠷᠠᠯᠴᠠᠭᠠᠨ ᠤ ᠬᠦᠷᠢᠶ᠎ᠡ ᠪᠠᠨ ᠴᠢᠨᠠᠭᠰᠢᠳᠠ ᠥᠷᠭᠡᠳᠬᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠬᠤ ᠪᠣᠯᠣᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号