ᠦᠴᠦᠸᠠᠨ ᠰᠢᠶᠠᠨ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 121 ᠳ᠋ᠦ᠋ᠭᠡᠷ ᠬᠤᠷᠠᠯᠳᠤᠭᠠᠨ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/1/3
     12 ᠰᠠᠷ᠎ᠠ ᠶᠢᠨ 29 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 121 ᠳ᠋ᠦ᠋ᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠥᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠣᠶᠢᠷ᠎ᠠ ᠶᠢᠨ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠱᠠᠭᠠᠷᠳᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠭᠤᠣᠯ ᠴᠢᠬᠤᠯᠠ ᠠᠭᠤᠯᠭ᠎ᠠ ᠶᠢ ᠣᠨᠣᠪᠴᠢᠲᠠᠢ ᠡᠵᠡᠮᠰᠢᠵᠦ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠪᠣᠳᠠᠲᠤ ᠠᠵᠢᠯᠯᠠᠭ᠎ᠠ ᠳᠠᠭᠠᠨ ᠨᠠᠶᠢᠳᠠᠪᠤᠷᠢᠵᠢᠭᠤᠯᠵᠤ᠂ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠠᠷᠢᠬᠢ ᠲᠣᠯᠣᠭᠠᠢ ᠳᠠᠭᠠᠨ ᠬᠠᠳᠠᠩᠰᠢᠭᠤᠯᠵᠤ᠂ ᠠᠵᠢᠯᠯᠠᠭ᠎ᠠ ᠳᠡᠭᠡᠷ᠎ᠡ ᠪᠠᠨ ᠦᠷ᠎ᠡ ᠪᠦᠲᠦᠮᠵᠢ ᠭᠠᠷᠭᠠᠬᠤ ᠶᠢ ᠬᠦᠴᠦᠯᠡᠨ ᠠᠬᠢᠭᠤᠯᠵᠤ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠮᠠᠨ ᠤ ᠰᠢᠶᠠᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠶᠢ ᠪᠠᠲᠤᠯᠠᠬᠤ ᠬᠡᠷᠡᠭᠲᠡᠢ᠃      ᠬᠤᠷᠠᠯ ᠠᠴᠠ ᠮᠠᠨ ᠤ ᠰᠢᠶᠠᠨ ᠤ 2023 ᠣᠨ ᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠪᠣᠯᠣᠨ 2024 ᠣᠨ ᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠵᠢᠱᠢᠯᠲᠡ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠰᠢᠶᠠᠨ ᠤ ᠨᠠᠮ ᠤᠨ ᠬᠤᠷᠢᠶ᠎ᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠤᠨ ᠲᠣᠬᠢᠷᠠᠭᠤᠯᠤᠯᠲᠠ ᠶᠢ ᠰᠤᠳᠤᠯᠪᠠ᠃      ᠬᠤᠷᠠᠯ ᠠᠴᠠ ᠲᠠᠪᠤᠨ ᠶᠡᠭᠡ ᠡᠭᠦᠷᠭᠡ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ  ᠪᠠᠷ ᠪᠦᠲᠦᠭᠡᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ ᠂ ᠪᠦᠬᠦ ᠰᠢᠶᠠᠨ ᠢᠶᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠵᠢᠭᠠᠪᠤᠷᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠤᠨ ᠲᠣᠭᠤᠷᠢᠨ ᠳᠤ᠂ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠳᠡᠭᠡᠭᠰᠢᠯᠡᠭᠦᠯᠵᠦ᠂ ᠤᠯᠤᠰ ᠲᠥᠷᠥ ᠶᠢᠨ ᠥᠨᠳᠥᠷᠴᠡ᠂ ᠪᠠᠶᠢᠯᠳᠤᠬᠤ ᠪᠣᠳᠣᠯᠭ᠎ᠠ ᠶᠢᠨ ᠥᠨᠳᠥᠷᠴᠡ᠂ ᠪᠦᠬᠦ ᠲᠠᠯ᠎ᠠ ᠶᠢᠨ ᠥᠨᠳᠥᠷᠴᠡ ᠠᠴᠠ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠢᠯ ᠤᠨ ᠭᠤᠣᠯᠳᠠᠯᠭ᠎ᠠ ᠪᠠᠨ ᠲᠥᠪᠯᠡᠷᠡᠭᠦᠯᠵᠦ᠂ ᠡᠭᠦᠷᠭᠡ ᠶᠢᠨ ᠨᠠᠷᠢᠨ ᠬᠠᠭᠤᠳᠠᠰᠤ ᠲᠠᠢ ᠬᠠᠷᠢᠴᠠᠭᠤᠯᠤᠨ ᠡᠭᠦᠷᠭᠡ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠤ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠵᠢᠯ ᠢ ᠠᠬᠢᠭᠤᠯᠬᠤ ᠳᠤᠮᠳᠠ ᠲᠤᠯᠭᠠᠷᠠᠭᠰᠠᠨ ᠲᠣᠪᠣᠶᠢᠮ᠎ᠠ ᠠᠰᠠᠭᠤᠳᠠᠯ ᠳᠤ ᠴᠢᠭᠯᠡᠭᠦᠯᠦᠨ᠂ ᠳᠡᠭᠡᠳᠦ ᠱᠠᠲᠤᠨ ᠤ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠵᠣᠯᠭᠠᠯᠴᠠᠭ᠎ᠠ ᠪᠠᠨ ᠴᠢᠩᠭᠠᠳᠬᠠᠵᠤ ᠂ ᠭᠠᠷᠳᠠᠬᠤ ᠴᠡᠭ ᠪᠠ ᠰᠢᠪᠲᠤᠯᠤᠯᠲᠠ ᠶᠢᠨ ᠴᠡᠭ ᠢᠶᠠᠨ ᠣᠨᠣᠪᠴᠢᠲᠠᠶ ᠣᠯᠵᠤ᠂ ᠴᠠᠭ ᠲᠤᠬᠠᠢ ᠳᠤᠨᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠲᠠᠪᠤᠨ ᠶᠡᠭᠡ ᠡᠭᠦᠷᠭᠡ ᠶᠢ ᠪᠥᠬᠦ ᠬᠦᠴᠦᠨ ᠢᠶᠠᠷ ᠢᠶᠠᠨ ᠠᠬᠢᠭᠤᠯᠤᠨ ᠨᠠᠶᠢᠳᠠᠪᠤᠷᠢᠵᠢᠭᠤᠯᠵᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠡᠯ᠎ᠡ ᠵᠦᠢᠯ ᠤᠨ ᠡᠭᠦᠷᠭᠡ ᠶᠢ ᠪᠡᠶᠡᠯᠡᠭᠦᠯᠵᠦ ᠦᠷ᠎ᠡ ᠪᠦᠲᠦᠮᠵᠢ ᠭᠠᠷᠭᠠᠨ᠎ᠠ᠃      ᠬᠤᠷᠠᠯ ᠠᠴᠠ ᠮᠠᠨ ᠤ ᠰᠢᠶᠠᠨ ᠤ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠰᠢᠶᠠᠨ ᠤ ᠪᠣᠳᠠᠲᠠᠢ ᠲᠠᠢ ᠤᠶᠠᠯᠳᠤᠭᠤᠯᠵᠤ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠤᠨ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠶᠢ ᠢᠳᠡᠪᠬᠢᠲᠡᠢ ᠰᠦᠪᠡᠭᠴᠢᠯᠡᠵᠦ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠤᠨ ︽ᠠᠷᠠᠳ ᠢ ᠣᠷᠣᠯᠠᠨ ᠭᠦᠶᠦᠬᠦ᠂ ᠠᠷᠠᠳ ᠤᠨ ᠵᠣᠪᠠᠨᠢᠯ ᠢ ᠠᠷᠢᠯᠭᠠᠬᠤ᠂ ᠠᠷᠠᠳ ᠤᠨ ᠰᠡᠳᠬᠢᠯ ᠢ ᠣᠯᠬᠤ︾ ᠦᠢᠯᠡᠳᠦᠯ ᠢ ᠦᠨᠡᠨᠬᠦ ᠪᠠᠳᠠᠷᠠᠭᠤᠯᠵᠤ᠂ ᠦᠨᠡᠨ ᠰᠡᠳᠬᠢᠯ ᠠᠴᠠ ᠪᠠᠨ ᠠᠷᠠᠳ ᠲᠦᠮᠡᠨ ᠳᠤ ᠦᠢᠯᠡᠴᠢᠯᠡᠵᠦ᠂ ᠤᠯᠠᠨ ᠲᠦᠮᠡᠨ ᠤ ᠲᠤᠰᠬᠠᠭᠰᠠᠨ ᠠᠰᠠᠭᠤᠳᠠᠯ ᠢ ᠦᠨᠳᠦᠰᠦᠨ ᠱᠠᠲᠤᠨ ᠳᠤ ᠬᠦᠯᠢᠶᠡᠨ ᠠᠪᠬᠤ ᠬᠥᠮᠥᠨ ᠲᠠᠢ᠂ ᠬᠠᠮᠢᠶᠠᠷᠬᠤ ᠬᠥᠮᠥᠨ ᠲᠠᠢ᠂ ᠰᠢᠢᠳᠪᠦᠷᠢᠯᠡᠬᠦ ᠬᠥᠮᠥᠨ ᠲᠠᠢ ᠪᠣᠯᠭᠠᠬᠤ ᠬᠡᠷᠡᠭᠲᠡᠢ᠃ ᠡᠯ᠎ᠡ ᠰᠢᠶᠠᠩ ᠪᠠᠯᠭᠠᠰᠤ᠂ ᠰᠠᠯᠠᠭ᠎ᠠ ᠮᠥᠴᠢᠷ ᠲᠤᠰ ᠲᠤᠰ ᠤᠨ ᠡᠭᠦᠷᠭᠡ ᠲᠤᠰᠢᠶᠠᠯ ᠂ ᠬᠠᠷᠢᠭᠤᠴᠠᠯᠭ᠎ᠠ ᠪᠠᠨ ᠭᠦᠢᠴᠡᠳᠬᠡᠵᠦ᠂ ᠲᠦᠯᠬᠢᠨ ᠠᠬᠢᠭᠤᠯᠬᠤ ᠶᠢᠨ ᠳᠠᠭᠠᠤ ᠳ᠋ᠦᠩᠨᠡᠬᠦ ᠶᠢᠨ ᠳᠠᠭᠠᠤ ᠲᠡᠭᠦᠯᠳᠡᠷᠵᠢᠭᠦᠯᠵᠦ᠂ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠦᠨᠡᠨᠬᠦ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠡᠭᠦᠨ ᠤ ᠤᠯᠠᠮ ᠠᠴᠠ ᠥᠪᠡᠷᠮᠢᠴᠡ ᠣᠨᠴᠠᠯᠢᠭ ᠲᠠᠢ᠂ ᠬᠢᠯᠠᠰ ᠴᠡᠭ ᠲᠠᠢ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠪᠦᠬᠦ ᠰᠢᠶᠠᠨ ᠤ ᠲᠡᠷᠢᠭᠦᠨ ᠤ ᠲᠤᠷᠰᠢᠯᠭ᠎ᠠ ᠶᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠥᠬᠡᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠳᠤ ᠲᠤᠰᠬᠠᠢ ᠲᠣᠭᠤᠷᠢᠨ ᠪᠠᠶᠢᠴᠠᠭᠠᠯᠲᠠ ᠥᠷᠨᠢᠭᠦᠯᠦᠭᠡᠳ ᠢᠯᠡᠷᠡᠭᠦᠯᠦᠭᠰᠡᠨ ᠠᠰᠠᠭᠤᠳᠠᠯ ᠤᠨ ᠨᠠᠷᠢᠨ ᠳᠠᠩᠰᠠ︾ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ ᠵᠢᠯ ᠤᠨ ᠡᠴᠦᠰ ᠵᠢᠯ ᠤᠨ ᠡᠬᠢ ᠪᠣᠯ ᠠᠶᠤᠯᠭᠦᠢ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭ᠎ᠠ ᠮᠥᠨ᠂ ᠪᠦᠬᠦ ᠰᠢᠶᠠᠨ ᠢᠶᠠᠷ ᠢᠶᠠᠨ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠠᠶᠤᠯᠭᠦᠢ ᠦᠢᠯᠡᠳᠪᠦᠷᠢᠯᠡᠯ ᠤᠨ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠴᠢᠩᠭ᠎ᠠ ᠡᠭᠦᠷᠭᠡᠯᠡᠵᠦ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠠᠳᠬᠤᠬᠤ ᠳᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠬᠤ ᠶᠢ ᠴᠠᠭ ᠢᠮᠠᠭᠲᠠ ᠪᠠᠲᠤᠯᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ︾ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠪᠥᠭᠡᠳ ᠨᠡᠩ ᠴᠢᠩᠭ᠎ᠠ᠂ ᠪᠣᠳᠠᠲᠠᠢ ᠪᠥᠭᠡᠳ ᠨᠡᠩ ᠪᠣᠳᠠᠲᠠᠢ᠂ ᠨᠠᠷᠢᠯᠢᠭ ᠪᠥᠭᠡᠳ ᠨᠡᠩ ᠨᠠᠷᠢᠯᠢᠭ ᠰᠤᠷᠲᠠᠯ ᠢᠶᠠᠷ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠵᠦ᠂ ᠠᠮᠤᠷ ᠲᠦᠪᠰᠢᠨ ᠲᠣᠭᠲᠠᠭᠤᠨ ᠢᠶᠠᠷ ᠬᠥᠭᠵᠢᠬᠦ ᠣᠷᠴᠢᠨ ᠲᠣᠭᠤᠷᠢᠨ ᠢ ᠦᠷᠭᠦᠯᠵᠢᠯᠡᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号