ᠦᠴᠦᠸᠠᠨ ᠰᠢᠶᠠᠨ ᠤ ᠰᠢᠨ᠎ᠡ ᠣᠨ ᠢᠶᠠᠨ ᠤᠭᠲᠤᠬᠤ ᠠᠵᠢᠯᠯᠠᠭ᠎ᠠ ᠦᠪᠡᠳᠡᠭᠰᠢ ᠶᠡᠭᠡ ᠪᠠᠷ ᠶᠠᠪᠤᠭᠳᠠᠪᠠ
ᠨᠡᠶᠢᠲᠡᠯᠡᠭᠰᠡᠨ ᠴᠠᠭ᠄
2024/1/3
     12 ᠰᠠᠷ᠎ᠠ ᠶᠢᠨ 31 ᠤ ᠣᠷᠣᠢ᠂ ᠦᠴᠦᠸᠠᠨ ᠰᠢᠶᠠᠨ ᠤ ᠰᠢᠨ᠎ᠡ ᠣᠨ ᠢᠶᠠᠨ ᠤᠭᠲᠤᠬᠤ ᠠᠵᠢᠯᠯᠠᠭ᠎ᠠ ᠦᠪᠡᠳᠡᠭᠰᠢ ᠶᠡᠭᠡ ᠪᠠᠷ ᠶᠠᠪᠤᠭᠳᠠᠪᠠ᠃ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠥᠩᠭᠡᠲᠦ ᠳ᠋ᠧᠩ ᠳᠤᠸᠠᠯᠠᠵᠤ᠂ ᠭᠡᠷᠡᠯ ᠭᠢᠯᠪᠠᠭ᠎ᠠ ᠰᠠᠴᠤᠷᠠᠵᠤ᠂ ᠭᠠᠵᠠᠷ ᠪᠣᠯᠭᠠᠨ ᠳᠤ ᠦᠴᠦᠸᠠᠨ ᠤ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ ᠪᠠᠶᠠᠷ ᠪᠠᠭ᠋ᠠᠳᠤᠯ ᠪᠠ ᠰᠢᠨ᠎ᠡ ᠵᠢᠯ ᠤᠨ ᠰᠠᠶᠢᠨ ᠰᠠᠶᠢᠬᠠᠨ ᠬᠦᠰᠡᠯ ᠵᠥᠩᠨᠡᠯ ᠢᠶᠠᠷ ᠪᠢᠯᠬᠠᠨ᠎ᠠ᠃
     ᠰᠢᠨ᠎ᠡ ᠣᠨ ᠢᠶᠠᠨ ᠤᠭᠲᠤᠬᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠤᠮᠠᠷᠠᠲᠤ ᠸᠧᠢ ᠤᠯᠤᠰ ᠤᠨ ᠴᠢᠬᠤᠯᠠ ᠪᠠᠯᠭᠠᠰᠤ᠂ ᠨᠣᠬᠠᠢ ᠶᠢᠨ ᠬᠤᠰᠢᠭᠤ ᠶᠢᠨ ᠬᠤᠳᠠ᠂ ᠦᠵᠡᠰᠬᠦᠯᠡᠩᠲᠦ ᠰᠠᠶᠢᠬᠠᠨ ᠦᠴᠦᠸᠠᠨ ᠭᠡᠬᠦ ᠭᠤᠷᠪᠠᠨ ᠪᠦᠯᠦᠭ ᠤᠨ ᠳᠠᠭᠤ ᠭᠡᠷᠡᠯ ᠴᠠᠬᠢᠯᠭᠠᠨ ᠤ ᠤᠶᠠᠯᠳᠤᠯ ᠤᠨ ᠫᠷᠣᠭ᠍ᠷᠠᠮ ᠳᠤ᠂ ᠲᠤᠶᠢᠯ ᠤᠨ ᠲᠤᠶᠠᠭ᠎ᠠ ᠶᠢᠨ ᠦᠵᠡᠭᠦᠯᠦᠯᠭᠡ᠂ ᠲᠤᠶᠢᠯ ᠤᠨ ᠲᠤᠶᠠᠭ᠎ᠠ ᠶᠢᠨ ᠰᠡᠶᠢᠯᠦᠮᠡᠯ᠂ ᠴᠠᠭ ᠦᠶ᠎ᠡ ᠶᠢᠨ ᠨᠦᠭᠡᠨ ᠵᠠᠮ ᠰᠣᠯᠪᠢᠴᠠᠨ ᠭᠡᠷᠡᠯᠳᠦᠵᠦ᠂ ᠪᠦᠬᠦ ᠰᠢᠶᠠᠨ ᠤ ᠠᠷᠠᠳ ᠲᠦᠮᠡᠨ ᠳᠤ ᠬᠠᠷᠠᠭᠠᠨ ᠰᠡᠷᠡᠯ ᠪᠣᠯᠣᠨ ᠰᠣᠨᠣᠷ ᠤᠨ ᠰᠡᠷᠡᠯ ᠤᠨ ᠬᠤᠣᠰ ᠦᠪᠡᠳᠡᠭᠰᠢ ᠨᠠᠶᠢᠷ ᠢ ᠴᠣᠭᠴᠠᠯᠠᠨ ᠥᠭᠭᠦᠭᠰᠡᠨ ᠪᠠᠶᠢᠨ᠎ᠠ᠃ ᠲᠦᠳᠡᠭ ᠭᠠᠯ ᠤᠨ ᠲᠣᠭᠯᠠᠯᠲᠠ᠂ ᠠᠮᠲᠠᠲᠤ ᠢᠳᠡᠭᠡᠨ᠂ ᠣᠯᠠᠨ ᠲᠦᠮᠡᠨ ᠤ ᠺᠠᠷᠠ OK᠂ ᠮᠥᠰᠥ ᠴᠠᠰᠤᠨ ᠤ ᠰᠣᠨᠢᠷᠬᠠᠯ ᠤᠨ ᠠᠵᠢᠯᠯᠠᠭ᠎ᠠ ᠵᠡᠷᠭᠡ ᠨᠢ ᠰᠢᠨ᠎ᠡ ᠵᠢᠯ ᠤᠨ ᠬᠥᠷ ᠬᠥᠭᠵᠢᠶᠡᠨ ᠲᠠᠢ᠂ ᠥᠯᠵᠡᠢ ᠪᠡᠯᠭᠡ ᠲᠠᠢ ᠶᠢ ᠪᠡᠯᠭᠡᠳᠡᠵᠦ᠂ ᠨᠠᠩ ᠴᠤ ᠲᠣᠰ ᠤᠳᠠᠭᠠᠨ ᠤ ᠰᠢᠨ᠎ᠡ ᠣᠨ ᠢᠶᠠᠨ ᠤᠭᠲᠤᠬᠤ ᠠᠵᠢᠯᠯᠠᠭ᠎ᠠ ᠶᠢ ᠣᠷᠭᠢᠯ ᠳᠤᠨᠢ ᠬᠦᠷᠭᠡᠭᠰᠡᠨ ᠪᠠᠶᠢᠨ᠎ᠠ᠃
     ᠲᠣᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠦᠴᠦᠸᠠᠨ ᠰᠢᠶᠠᠨ ᠤ ᠰᠥᠨᠢ ᠶᠢᠨ ᠠᠵᠤ ᠠᠬᠤᠢ ᠶᠢ ᠭᠦᠨᠵᠡᠭᠡᠢ ᠨᠡᠭᠡᠭᠡᠨ ᠬᠥᠭᠵᠢᠭᠦᠯᠵᠦ᠂ ᠰᠥᠨᠢ ᠶᠢᠨ ᠬᠥᠰᠢᠭᠡ ᠪᠠᠷ ᠠᠷᠤ ᠦᠵᠡᠭᠳᠡᠯ ᠪᠣᠯᠭᠠᠨ᠂ ᠣᠲᠣ ᠦᠶ᠎ᠡ ᠶᠢᠨ ᠳ᠋ᠧᠩ ᠤᠨ ᠬᠡᠷᠡᠯ ᠤᠨ ᠮᠡᠷᠭᠡᠵᠢᠯ ᠲᠠᠢ ᠤᠶᠠᠯᠳᠤᠭᠤᠯᠤᠨ᠂ ᠰᠥᠨᠢ ᠶᠢᠨ ᠦᠵᠡᠮᠵᠢ ᠶᠢ ᠪᠣᠶ ᠪᠣᠯᠭᠠᠵᠤ᠂ ᠬᠤᠲᠠ ᠶᠢ ᠰᠥᠨᠢ ᠪᠠᠷ ᠭᠡᠷᠡᠯᠲᠦᠭᠦᠯᠦᠨ᠂ ᠬᠥᠮᠥᠰ ᠤᠨ ᠬᠦᠷᠢᠶᠡᠯᠡᠯ ᠢ ᠣᠯᠵᠤ᠂ ᠰᠥᠨᠢ ᠶᠢᠨ ᠬᠡᠷᠡᠭᠯᠡᠭᠡ ᠶᠢ ᠬᠥᠭᠵᠢᠭᠡᠨ᠂ ᠣᠯᠠᠨ ᠲᠦᠮᠡᠨ ᠤ ᠠᠮᠢᠳᠤᠷᠠᠯ ᠢ ︽ᠪᠠᠶᠠᠷ ᠬᠥᠷ ᠲᠠᠢ︾ ᠪᠣᠯᠭᠠᠵᠤ᠂ ᠦᠴᠦᠸᠠᠨ ᠰᠢᠶᠠᠨ ᠤ ᠠᠵᠤ ᠠᠬᠤᠢ ᠨᠡᠶᠢᠭᠡᠮ ᠤᠨ ᠥᠷᠨᠢᠩᠭᠦᠢ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠠᠶᠢᠴᠢᠯᠠᠭᠰᠠᠨ ᠪᠠᠶᠢᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号