ᠭᠦᠭᠡᠬᠤᠳᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 | ᠣᠨ ᠤ ᠰᠢᠨ᠎ᠡ ᠣᠨ ᠤ ᠠᠮᠠᠷᠠᠯᠲᠠ ᠶᠢᠨ 3 ᠡᠳᠦᠷ ᠲᠤ ᠭᠦᠭᠡᠬᠤᠳᠠ ᠤᠯᠤᠰ ᠤᠨ ᠳᠣᠲᠣᠭᠠᠳᠤ ᠶᠢᠨ | ᠵᠢᠭᠤᠯᠴᠢᠯᠠᠭᠴᠢ ᠶᠢ 135.35 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ 2023 ᠣᠨ ᠤ ᠠᠳᠠᠯᠢ | ᠬᠤᠭᠤᠴᠠᠭᠠᠨ ᠤ ᠬᠢ ᠠᠴᠠ 205.70% ᠪᠠᠷ ᠨᠡᠮᠡᠭᠳᠡᠵᠦ᠂ 8.91 ᠳ᠋ᠦᠩᠰᠢᠭᠤᠷ ᠲᠥᠭᠦᠷᠢᠭ ᠤᠨ ᠵᠢᠭᠤᠯᠴᠢᠯᠠᠯ | ᠤᠨ ᠤᠷᠤᠯᠭ᠎ᠠ ᠡᠭᠦᠳᠴᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 336.06% ᠪᠠᠷ ᠨᠡᠮᠡᠭᠳᠡᠭᠰᠡᠨ | ᠪᠠᠶᠢᠨ᠎ᠠ᠃ | 2023 ᠣᠨ ᠤ 12 ᠰᠠᠷ᠎ᠠ ᠶᠢᠨ 31 ᠤ ᠡᠳᠦᠷ᠂ ᠭᠦᠭᠡᠬᠤᠲᠠ ᠶᠢᠨ ᠬᠤᠲᠠ ᠲᠣᠭᠤᠷᠢᠭ ᠤᠨ ᠰᠢᠨ᠎ᠡ | ᠣᠨ ᠢᠶᠠᠨ ᠤᠭᠲᠤᠬᠤ ᠠᠵᠢᠯᠯᠠᠭ᠎ᠠ ᠳᠤ ᠨᠡᠶᠢᠳᠡ 165 ᠲᠦᠮᠡᠨ ᠬᠥᠮᠥᠨ ᠤᠳᠠᠭ᠎ᠠ ᠣᠷᠣᠯᠴᠠᠵᠦ᠂ ᠭᠦᠭᠡᠬᠤᠳᠠ ᠶᠢᠨ | ᠡᠯ᠎ᠡ ᠠᠭᠤᠳᠠᠮ ᠳᠠᠯᠠᠪᠠᠢ᠂ ᠵᠡᠭᠡᠯᠢ ᠭᠤᠳᠤᠮᠵᠢ ᠪᠠ ᠬᠤᠳᠠᠯᠳᠤᠭᠠᠨ ᠤ ᠠᠰᠠᠷ ᠲᠤ ᠬᠥᠮᠥᠨ ᠬᠠᠷ᠎ᠠ ᠪᠠᠭᠰᠢᠷᠠᠯᠳᠤᠨ | ᠣᠨᠴᠠ ᠶᠢᠨ ᠬᠥᠭᠵᠢᠶᠡᠨᠲᠡᠢ ᠪᠠᠶᠢᠳᠠᠯ ᠢᠯᠡᠷᠡᠭᠰᠡᠨ ᠢᠶᠠᠷ ᠰᠦᠯᠵᠢᠶᠡᠨ ᠤ ᠬᠠᠯᠠᠮᠰᠢᠯ ᠵᠣᠭᠤᠭ ᠪᠣᠯᠤᠭᠰᠠᠨ ᠶᠤᠮ᠃ | 2023 ᠣᠨ ᠤ 12 ᠰᠠᠷ᠎ᠠ ᠶᠢᠨ 31 ᠤ ᠣᠷᠣᠢ᠂ ᠰᠢᠨᠬᠤᠸᠠ ᠠᠭᠤᠳᠠᠮ ᠳᠠᠯᠠᠪᠠᠢ ᠳᠤ ︽ᠭᠢᠯᠪᠠᠭ᠎ᠠ ᠰᠠᠴᠤᠷᠠᠭᠰᠠᠨ | ᠤᠮᠠᠷᠠᠲᠤ ᠬᠢᠯᠢ·ᠰᠢᠨ᠎ᠡ ᠣᠨ ᠢᠶᠠᠨ ᠤᠭᠲᠤᠭᠰᠠᠨ ᠭᠦᠭᠡᠬᠤᠳᠠ- ᠰᠢᠨᠬᠤᠸᠠ ᠠᠭᠤᠳᠠᠮ ᠲᠠᠯᠠᠪᠠᠢ ᠶᠢᠨ | ᠪᠠᠶᠠᠰᠬᠤᠯᠠᠩᠲᠤ ᠦᠳᠡᠰᠢ︾ ᠭᠤᠣᠯ ᠰᠡᠳᠦᠪᠲᠦ ᠠᠵᠢᠯᠯᠠᠭ᠎ᠠ ᠭᠦᠷ ᠬᠥᠭᠵᠢᠶᠡᠨᠲᠡᠢ ᠶᠠᠪᠤᠭᠳᠠᠵᠤ᠂ ᠬᠥᠮᠥᠨ ᠬᠠᠷ᠎ᠠ | ᠬᠠᠮᠤᠭ ᠤᠨ ᠤᠯᠠᠨ ᠴᠤᠭᠯᠠᠷᠠᠭᠰᠠᠨ ᠭᠠᠵᠠᠷ ᠪᠣᠯᠵᠠᠢ᠃ ᠡᠭᠦᠨ ᠠᠴᠠ ᠭᠠᠳᠠᠨ᠎ᠠ ᠪᠣᠭᠤᠮᠲᠠ ᠶᠢᠨ ᠬᠠᠭᠤᠴᠢᠨ ᠵᠡᠭᠡᠯᠢ | ᠶᠢᠨ ︽ᠵᠤᠤ ᠵᠢᠶᠦ᠋ᠨ ᠠᠷᠤ ᠭᠠᠵᠠᠷ ᠮᠣᠷᠳᠠᠭᠰᠠᠨ ᠨᠢ︾ ᠭᠡᠬᠦ ᠵᠡᠭᠡᠯᠢ ᠶᠢᠨ ᠦᠵᠡᠭᠳᠡᠯᠲᠦ ᠵᠦᠴᠦᠭᠡ᠂ ᠲᠠᠯ᠎ᠠ ᠨᠤᠲᠤᠭ | ᠤᠨ ᠲᠣᠷᠭᠠᠨ ᠵᠠᠮ ᠤᠨ ᠴᠡᠴᠡᠷᠯᠢᠭ ᠤᠨ ᠥᠩᠭᠡᠲᠦ ᠳ᠋ᠧᠩ ᠤᠨ ᠦᠵᠡᠭᠦᠯᠭᠡ᠂ ᠭᠦᠭᠡᠬᠤᠳᠠ ᠶᠢᠨ ᠤᠷᠠᠨ ᠵᠢᠷᠤᠭ ᠤᠨ | ᠣᠷᠳᠣᠨ ᠤ ᠰᠢᠷᠢᠰ ᠭᠤᠸ᠎ᠠ ᠰᠠᠶᠢᠬᠠᠨ ᠤ ᠬᠥᠮᠦᠵᠢᠯ ᠤᠨ ᠠᠵᠢᠯᠯᠠᠭ᠎ᠠ᠂ ᠭᠦᠭᠡᠬᠤᠳᠠ ᠶᠢᠨ ᠱᠤᠭᠤᠮᠠᠯ ᠤᠷᠠᠯᠢᠭ ᠤᠨ | ᠣᠷᠳᠣᠨ ᠤ ᠰᠢᠨ᠎ᠡ ᠣᠨ ᠢᠶᠠᠨ ᠤᠭᠲᠤᠬᠤ ᠠᠵᠢᠯᠯᠠᠭ᠎ᠠ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ | ᠬᠦᠷᠢᠶᠡᠯᠡᠩ ᠤᠨ ᠲᠤᠰᠬᠠᠢ ᠳᠠᠯᠠᠪᠠᠢ ᠲᠤᠬᠯᠠᠯᠳᠠ᠂ ᠥᠪᠥᠷ ᠮᠣᠩᠭᠤᠯ ᠤᠨ ᠮᠦᠽᠧᠢ ᠶᠢᠨ ᠰᠢᠨ᠎ᠡ ᠣᠨ ᠳᠤ | ᠵᠣᠷᠢᠭᠤᠯᠤᠭᠰᠠᠨ ᠦᠵᠡᠭᠦᠯᠭᠡ᠂ ᠥᠪᠥᠷ ᠮᠣᠩᠭᠤᠯ ᠤᠨ ᠦᠵᠡᠰᠭᠦᠯᠡᠩ ᠤᠨ ᠣᠷᠳᠣᠨ ᠤ ᠭᠤᠣᠯ ᠰᠡᠳᠦᠪᠲᠦ | ᠦᠵᠡᠭᠦᠯᠭᠡ ᠮᠡᠲᠦ ᠶᠢᠨ ᠤᠯᠠᠨ ᠵᠦᠢᠯ ᠤᠨ ᠰᠣᠶᠣᠯ ᠠᠵᠢᠯᠯᠠᠭ᠎ᠠ ᠨᠢ ᠭᠦᠭᠡᠬᠤᠳᠠ ᠶᠢᠨ ᠰᠣᠶᠣᠯ ᠲᠡᠦᠬᠡ᠂ ᠤᠳᠬ᠎ᠠ | ᠤᠷᠠᠯᠢᠭ᠂ ᠠᠮᠲᠠᠲᠤ ᠢᠳᠡᠭᠡᠨ ᠪᠠ ᠵᠠᠩ ᠦᠢᠯᠡ ᠵᠡᠷᠭᠡ ᠤᠯᠠᠨ ᠲᠠᠯ᠎ᠠ ᠶᠢᠨ ᠥᠪᠡᠷᠮᠢᠴᠡ ᠰᠢᠨᠵᠢ ᠶᠢ ᠭᠦᠢᠴᠡᠳ | ᠬᠠᠷᠠᠭᠤᠯᠵᠤ᠂ ᠰᠣᠶᠣᠯ ᠵᠢᠭᠤᠯᠴᠢᠯᠠᠯ ᠤᠨ ᠬᠠᠯᠠᠭᠤᠨ ᠥᠷᠨᠢᠯᠲᠡ ᠶᠢ ᠪᠤᠢ ᠪᠤᠯᠭᠠᠬᠰᠠᠨ ᠪᠠᠶᠢᠨ᠎ᠠ᠃ | | | |