ᠮᠠᠨ ᠤ ᠣᠷᠣᠨ ᠤ ᠠᠶᠢᠮᠠᠭ ᠬᠤᠲᠠ ᠪᠣᠯᠭᠠᠨ ᠬᠠᠮ ᠵᠠᠭᠤᠴᠢᠯᠠᠭᠤᠷ ᠤᠨ ᠲᠥᠪ ᠪᠠᠶᠢᠭᠤᠯᠪᠠ
ᠨᠡᠶᠢᠲᠡᠯᠡᠭᠰᠡᠨ ᠴᠠᠭ᠄
2024/1/3
     2023 ᠣᠨ ᠤ 12 ᠰᠠᠷ᠎ᠠ ᠶᠢᠨ 29 ᠤ ᠡᠳᠦᠷ᠂ ᠤᠯᠠᠭᠠᠨᠬᠠᠳᠠ ᠬᠤᠳᠠ ᠶᠢᠨ ᠬᠠᠮ ᠵᠠᠭᠤᠴᠢᠯᠠᠭᠤᠷ ᠤᠨ ᠲᠥᠪ ᠵᠢᠩᠬᠢᠨᠢ ᠪᠠᠷ ᠪᠠᠶᠢᠭᠤᠯᠤᠭᠳᠠᠪᠠ᠃ ᠡᠶᠢᠨᠬᠦ ᠮᠠᠨ ᠤ ᠣᠷᠣᠨ ᠤ 12 ᠠᠶᠢᠮᠠᠭ ᠬᠤᠲᠠ ᠪᠦᠭᠦᠨ ᠢᠶᠠᠷ ᠢᠶᠠᠨ ᠰᠣᠨᠢᠨ ᠪᠠ ᠷᠠᠳᠢᠣ᠋ ᠲᠧᠯᠸᠢᠰ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠦᠭᠰᠡᠨ ᠪᠠᠶᠢᠨ᠎ᠠ᠃      ᠠᠶᠢᠮᠠᠭ ᠬᠤᠲᠠ ᠶᠢᠨ ᠱᠠᠲᠤᠨ ᠤ ᠵᠠᠭᠤᠴᠢᠯᠠᠭᠤᠷ ᠨᠢ ᠳᠥᠷᠪᠡᠨ ᠱᠠᠲᠤᠨ ᠤ ᠵᠠᠭᠤᠴᠢᠯᠠᠭᠤᠷ ᠤᠨ ᠪᠦᠲᠦᠴᠡ ᠶᠢᠨ ︽ᠨᠢᠷᠤᠭᠤᠨ︾ ᠳᠤ ᠣᠷᠣᠰᠢᠵᠤ᠂ ᠪᠦᠷᠢᠨ ᠵᠠᠭᠤᠴᠢᠯᠠᠭᠤᠷ ᠤᠨ ᠳᠠᠮᠵᠢᠭᠤᠯᠭ᠎ᠠ ᠶᠢᠨ ᠰᠢᠰᠲ᠋ᠧᠮ ᠳᠠᠬᠢ ᠲᠤᠲᠠᠭᠳᠠᠵᠤ ᠪᠣᠯᠣᠰᠢ ᠦᠭᠡᠢ ᠨᠢᠭᠡ ᠭᠤᠭᠴᠤᠭ᠎ᠠ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠣᠨ ᠨᠠᠮ ᠤᠨ ᠲᠥᠪ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠠᠶᠢᠮᠠᠭ ᠬᠤᠳᠠ ᠶᠢᠨ ᠱᠠᠲᠤᠨ ᠤ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠨ ᠬᠥᠭᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ ᠵᠡᠷᠭᠡ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠵᠠᠭᠤᠴᠢᠯᠠᠭᠤᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠠᠭᠤᠰᠤᠯᠴᠠᠨ ᠬᠥᠭᠵᠢᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠪᠠ᠃      2022 ᠣᠨ ᠤ 9 ᠰᠠᠷ᠎ᠠ ᠠᠴᠠ ᠨᠠᠭᠠᠰᠢ ᠭᠦᠭᠡᠬᠤᠲᠠ᠂ ᠣᠷᠳᠣᠰ ᠬᠤᠲᠠ ᠵᠡᠷᠭᠡ 12 ᠠᠶᠢᠮᠠᠭ ᠬᠤᠲᠠ ᠶᠢᠨ ᠬᠠᠮ ᠵᠠᠭᠤᠴᠢᠯᠠᠭᠤᠷ ᠤᠨ ᠲᠥᠪ ᠵᠠᠯᠭᠠᠭ᠎ᠠ ᠪᠠᠷ ᠲᠥᠪ ᠤᠨ ᠤᠬᠠᠭᠤᠯᠬᠤ ᠬᠡᠯᠲᠡᠰ ᠠᠴᠠ ᠲᠣᠭᠲᠠᠭᠠᠭᠰᠠᠨ ᠪᠦᠭᠦ ᠤᠯᠤᠰ ᠤᠨ ᠲᠤᠷᠰᠢᠯᠲᠠ ᠶᠢᠨ ᠴᠡᠭ ᠪᠣᠯᠵᠤ᠂ ᠠᠶᠢᠮᠠᠭ ᠬᠤᠲᠠ ᠶᠢᠨ ᠵᠠᠭᠤᠴᠢᠯᠠᠭᠤᠷ ᠤᠨ ᠭᠦᠨᠵᠡᠭᠡᠢ ᠠᠭᠤᠰᠤᠯᠴᠠᠯ ᠢ ᠲᠦᠷᠭᠡᠳᠬᠡᠨ ᠠᠬᠢᠭᠤᠯᠵᠤ᠂ ᠡᠬᠢ ᠪᠠᠶᠠᠯᠢᠭ ᠤᠨ ᠳᠠᠪᠠᠭᠤᠯᠢᠭ ᠢ ᠲᠥᠪᠯᠡᠷᠡᠭᠦᠯᠦᠨ᠂ ᠲᠠᠪᠴᠠᠩ ᠤᠨ ᠥᠨᠳᠦᠷᠯᠢᠭ ᠢ ᠴᠣᠭᠴᠠᠯᠠᠵᠤ᠂ ᠰᠤᠷᠪᠤᠯᠵᠢᠯᠠᠨ ᠨᠠᠶᠢᠷᠠᠭᠤᠯᠬᠤ ᠶᠠᠪᠤᠴᠠ ᠶᠢ ᠳᠠᠭᠢᠨ ᠲᠣᠬᠢᠷᠠᠭᠤᠯᠵᠤ᠂ ᠠᠭᠤᠯᠭ᠎ᠠ ᠶᠢᠨ ᠬᠠᠩᠭᠠᠯᠭ᠎ᠠ ᠶᠢ ᠰᠢᠯᠢᠳᠡᠭᠵᠢᠭᠦᠯᠵᠦ᠂ ᠵᠠᠭᠤᠴᠢᠯᠠᠭᠤᠷ ᠤᠨ ᠵᠢᠭᠰᠠᠭᠠᠯ ᠢ ᠬᠦᠴᠦᠷᠬᠡᠭᠵᠢᠭᠦᠯᠵᠦ᠂ ᠨᠢᠭᠡ ᠴᠣᠭᠴᠠᠵᠢᠭᠤᠯᠤᠨ ᠳᠠᠮᠵᠢᠭᠤᠯᠬᠤ ᠶᠢ ᠠᠬᠢᠭᠤᠯᠵᠤ᠂ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠵᠦ᠂ ᠶᠡᠷᠦᠩᠬᠡᠶᠢᠯᠡᠭᠰᠡᠨ ᠦᠷ᠎ᠡ ᠠᠰᠢᠭ ᠢ ᠨᠡᠮᠡᠭᠳᠡᠭᠦᠯᠵᠦ᠂ ᠤᠷᠮᠠᠰᠢᠭᠤᠯᠬᠤ ᠪᠠ ᠬᠢᠵᠠᠭᠠᠷᠯᠠᠬᠤ ᠶᠢ ᠴᠢᠩᠭᠠᠳᠬᠠᠵᠤ᠂ ᠠᠮᠢᠵᠢᠷᠠᠯ ᠤᠨ ᠬᠦᠴᠦᠨ ᠢ ᠬᠥᠭᠵᠢᠭᠡᠵᠦ᠂ ᠭᠤᠣᠯ ᠤᠷᠤᠰᠬᠠᠯ ᠤᠨ ᠦᠵᠡᠯ ᠰᠠᠨᠠᠭ᠎ᠠ ᠶᠠᠷᠢᠶ᠎ᠠ ᠬᠡᠯᠡᠯᠴᠡᠭᠡ ᠶᠢ ᠪᠠᠬᠢᠵᠢᠭᠦᠯᠦᠨ ᠪᠤᠵᠠᠭᠠᠶᠢᠷᠠᠭᠤᠯᠬᠤ᠂ ᠪᠦᠭᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠤᠬᠠᠭᠤᠯᠤᠨ ᠳᠠᠭᠠᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ  ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠪᠠᠲᠤ ᠪᠠᠬᠢ ᠠᠵᠢᠯ ᠤᠨ ᠰᠠᠭᠤᠷᠢ ᠶᠢ ᠲᠠᠯᠪᠢᠵᠤ᠂ ᠬᠦᠴᠦᠲᠡᠢ ᠶᠠᠷᠢᠶ᠎ᠠ ᠬᠡᠯᠡᠯᠴᠡᠭᠡᠨ ᠤ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃      ᠠᠭᠤᠰᠤᠯᠴᠠᠯ ᠤᠨ ᠥᠭᠡᠷᠡᠴᠢᠯᠡᠯᠲᠡ ᠭᠦᠨᠵᠡᠭᠡᠶᠢᠷᠡᠬᠦ ᠶᠢ ᠳᠠᠭᠠᠯᠳᠤᠨ᠂ ᠠᠶᠢᠮᠠᠭ ᠬᠤᠲᠠ ᠶᠢᠨ ᠱᠠᠲᠤᠨ ᠤ ᠵᠠᠭᠤᠴᠢᠯᠠᠭᠤᠷ ᠤᠨ ᠬᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠭᠤᠣᠯᠳᠠᠯᠭ᠎ᠠ ᠪᠠᠨ ᠢᠨᠲ᠋ᠧᠷ ᠰᠦᠯᠵᠢᠶ᠎ᠡ᠂ ᠢᠯᠠᠩᠭᠤᠶ᠎ᠠ ᠰᠢᠯᠵᠢᠮᠡᠯ ᠬᠤᠯᠪᠤᠭ᠎ᠠ ᠲᠡᠶᠢᠰᠢ ᠬᠡᠯᠪᠡᠶᠢᠯᠭᠡᠵᠦ᠂ ᠭᠤᠣᠯ ᠲᠡᠶᠢᠨ ᠤ ᠲᠠᠯᠠᠪᠤᠷ ᠲᠤ ᠪᠦᠭᠦ ᠲᠠᠯ᠎ᠠ ᠪᠠᠷ ᠭᠠᠪᠰᠢᠭᠠᠶᠢᠯᠠᠨ ᠣᠷᠣᠵᠤ᠂ ᠰᠢᠨ᠎ᠡ ᠵᠢᠭᠰᠠᠭᠠᠯ ᠤᠨ ᠭᠠᠵᠠᠷ ᠢ ᠡᠵᠡᠯᠡᠨ᠂ ᠬᠠᠯᠠᠮᠰᠢᠯ ᠲᠠᠪᠴᠠᠩ ᠲᠠᠰᠤᠷᠠᠯᠲᠠ ᠦᠭᠡᠢ ᠢᠯᠡᠷᠡᠨ ᠭᠠᠷᠴᠤ ᠪᠠᠶᠢᠨ᠎ᠠ᠃ ᠭᠦᠭᠡᠬᠤᠲᠠ ᠶᠢᠨ ᠬᠠᠮ ᠵᠠᠭᠤᠴᠢᠯᠠᠭᠤᠷ ᠤᠨ ᠬᠡᠷᠡᠭᠯᠡᠭᠴᠢ ᠵᠢᠯ ᠭᠠᠷᠤᠢ ᠶᠢᠨ ᠬᠤᠭᠤᠴᠠᠭᠠᠨ ᠳᠤ 400 ᠲᠦᠮᠡ ᠶᠢ ᠳᠠᠪᠠᠵᠤ᠂ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ ᠨᠢ ᠪᠦᠭᠦ ᠤᠯᠤᠰ ᠤᠨ ᠬᠠᠮ ᠵᠠᠭᠤᠴᠢᠯᠠᠭᠤᠷ ᠤᠨ ᠲᠥᠪ ᠤᠨ ᠴᠢᠳᠠᠪᠤᠷᠢ ᠶᠢᠨ ᠪᠠᠶᠢᠭᠤᠯᠤᠯᠲᠠ ᠶᠢᠨ ︽ᠠᠷᠪᠠᠨ ᠰᠢᠯᠢᠳᠡᠭ︾ ᠤᠨ ᠨᠡᠶᠢᠲᠡᠯᠢᠭ ᠵᠢᠱᠢᠶ᠎ᠡ ᠳᠤ ᠰᠣᠩᠭᠤᠭᠳᠠᠪᠠ᠃      ᠠᠶᠢᠮᠠᠭ ᠬᠤᠲᠠ ᠶᠢᠨ ᠱᠠᠲᠤᠨ ᠤ ᠵᠠᠭᠤᠴᠢᠯᠠᠭᠤᠷ ᠤᠨ ᠬᠢᠨ ᠲᠠᠪᠠᠯᠳᠠᠳᠤ ᠮᠠᠶ᠋ᠢᠭ ᠤᠨ ᠳᠠᠪᠰᠢᠯᠲᠠ ᠲᠠᠢ ᠪᠣᠯᠵᠤ᠂ ᠦᠢᠯᠡᠳᠪᠦᠷᠢᠯᠡᠯ ᠤᠨ ᠦᠷ᠎ᠡ ᠪᠦᠲᠦᠮᠵᠢ ᠶᠡᠭᠡ ᠪᠠᠷ ᠳᠡᠭᠡᠭᠰᠢᠯᠡᠭᠰᠡᠨ ᠢᠶᠠᠷ ᠪᠠᠷᠠᠬᠤ ᠦᠭᠡᠢ᠂ ᠳᠠᠮᠵᠢᠭᠤᠯᠬᠤ ᠬᠦᠴᠦᠨ᠂ ᠬᠥᠲᠥᠯᠥᠨ ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ᠂ ᠢᠲᠡᠭᠡᠭᠦᠯᠬᠦ ᠬᠦᠴᠦᠨ ᠴᠦ ᠢᠯᠡᠳᠲᠡ ᠴᠢᠩᠭᠠᠷᠠᠭᠰᠠᠨ ᠪᠠᠶᠢᠨ᠎ᠠ᠃ ᠲᠦᠩᠯᠢᠶᠣᠣ ᠬᠤᠳᠠ ᠶᠢᠨ ᠬᠠᠮ ᠵᠠᠭᠤᠴᠢᠯᠠᠭᠤᠷ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ᠂ ᠬᠤᠷᠴᠢᠨ ᠤ ᠡᠯᠡᠰᠦᠷᠬᠡᠭ ᠭᠠᠵᠠᠷ ᠢ ᠵᠠᠰᠠᠬᠤ᠂ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ ᠲᠤᠰᠬᠠᠢ ᠪᠤᠯᠤᠩ ᠭᠠᠷᠭᠠᠵᠤ᠂ 700 ᠭᠠᠷᠤᠢ ᠡᠬᠡ ᠪᠢᠴᠢᠭ ︵ᠵᠤᠷᠪᠤᠰ︶ ᠢ ᠨᠡᠶᠢᠲᠡᠯᠡᠨ ᠨᠠᠪᠲᠠᠷᠡᠭᠦᠯᠵᠦ᠂ 400 ᠭᠠᠷᠤᠢ ᠵᠢᠷᠤᠭ ᠦᠰᠦᠭ᠂ ᠪᠢᠴᠢᠯ ᠸᠢᠳᠢᠤ᠋᠂ H5 ᠵᠡᠷᠭᠡ ᠦᠢᠯᠡᠳᠬᠦᠨ ᠢ ᠦᠢᠯᠡᠳᠪᠡ᠃ ᠦᠬᠠᠢ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠬᠢᠨ ᠰᠢᠨ᠎ᠡ ᠶᠢ ᠡᠭᠦᠳᠬᠦ ᠶᠢ ᠰᠡᠳᠬᠢᠯ ᠲᠠᠯᠪᠢᠨ ᠠᠳᠬᠤᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠬᠤᠭᠤᠴᠠᠭᠠᠨ ᠤ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ︽ᠲᠠᠪᠤᠨ ᠨᠢᠭᠡ ᠶᠢᠨ ᠢᠨᠵᠧᠨᠧᠷᠢᠩ︾ ᠤᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠷᠠᠳᠢᠣ᠋ ᠲᠧᠯᠸᠢᠰ ᠤᠨ ᠲᠣᠪᠴᠢᠶ᠎ᠠ ᠶᠢᠨ ᠰᠢᠯᠢᠳᠡᠭ ᠪᠠᠷᠢᠮᠲᠠᠲᠤ ᠺᠢᠨᠣ᠋ ᠶᠢᠨ ᠱᠠᠩᠨᠠᠯ ᠢ ᠭᠦᠷᠲᠡᠪᠡ᠃ ᠬᠡᠰᠡᠭ ᠠᠶᠢᠮᠠᠭ ᠬᠤᠲᠠ ᠶᠢᠨ ᠱᠠᠲᠤᠨ ᠤ ᠵᠠᠭᠤᠴᠢᠯᠠᠭᠤᠷ ᠤᠳ ᠪᠠᠶᠢᠭᠤᠯᠤᠮᠵᠢ ᠶᠢᠨ ︽ᠬᠦᠯᠢᠶᠡᠰᠦ ᠶᠢ ᠰᠤᠯᠠᠷᠠᠭᠤᠯᠬᠤ︾ ᠶᠢ ᠤᠯᠠᠮ ᠨᠢᠭᠡ ᠠᠯᠬᠤᠮ ᠡᠷᠢᠯᠬᠢᠯᠡᠵᠦ᠂ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠢᠶᠠᠨ ᠡᠮᠬᠢᠯᠡᠨ ᠨᠡᠶᠢᠯᠡᠭᠦᠯᠵᠦ᠂ ᠠᠵᠤ ᠠᠬᠤᠶᠢᠴᠢᠯᠠᠭᠰᠠᠨ ᠡᠵᠡᠩᠨᠡᠯᠲᠡ ᠶᠢ ᠬᠠᠶᠢᠨ ᠰᠦᠪᠡᠭᠴᠢᠯᠡᠭᠡᠳ ᠢᠯᠡᠳᠲᠡ ᠦᠷ᠎ᠡ ᠪᠦᠲᠦᠮᠵᠢ ᠣᠯᠪᠠ᠃ ᠵᠢᠱᠢᠶᠡᠯᠡᠪᠡᠯ ᠣᠷᠳᠣᠰ ᠬᠤᠲᠠ ︽ᠲᠥᠪ + ᠺᠤᠮᠫᠠᠨᠢ︾ ᠶᠢᠨ ᠥᠭᠡᠷᠡᠴᠢᠯᠡᠯᠲᠡ ᠶᠢᠨ ᠵᠠᠭᠪᠤᠷ ᠢᠶᠠᠷ ᠡᠵᠡᠩᠨᠡᠵᠦ᠂ ᠣᠷᠳᠣᠰ ᠬᠤᠲᠠ ᠶᠢᠨ ᠷᠠᠳᠢᠣ᠋ ᠲᠧᠯᠸᠢᠰ ᠤᠨ ᠵᠠᠭᠤᠴᠢᠯᠠᠭᠤᠷ ᠤᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠤᠮᠫᠠᠨᠢ ᠨᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠰᠢᠨᠵᠢ ᠴᠢᠨᠠᠷ ᠢᠶᠠᠷ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ ᠤᠨ ᠵᠠᠷ ᠮᠡᠳᠡᠭᠡᠨ ᠤ ᠲᠤᠬᠠᠶᠢᠯᠠᠭᠰᠠᠨ ᠠᠵᠢᠯ ᠢ ᠪᠦᠷᠢᠨ ᠡᠷᠬᠡ ᠲᠠᠢ ᠪᠠᠷ ᠣᠷᠣᠯᠠᠨ ᠭᠦᠢᠴᠡᠳᠬᠡᠵᠦ ᠪᠠᠶᠢᠨ᠎ᠠ᠃      12 ᠠᠶᠢᠮᠠᠭ ᠬᠤᠳᠠ ᠶᠢᠨ ᠬᠠᠮ ᠵᠠᠭᠤᠴᠢᠯᠠᠭᠤᠷ ᠤᠨ ᠲᠥᠪ ᠪᠠᠶᠢᠭᠤᠯᠤᠭᠳᠠᠬᠤ ᠶᠢ ᠳᠠᠭᠠᠯᠳᠤᠨ᠂ ᠮᠠᠨ ᠤ ᠣᠷᠣᠨ ᠤ ᠵᠠᠭᠤᠴᠢᠯᠠᠭᠤᠷ ᠤᠨ ᠠᠭᠤᠰᠤᠯᠴᠠᠯ ᠨᠢ ᠪᠠᠶᠢᠭᠤᠯᠤᠮᠵᠢ ᠶᠢ ᠬᠠᠰᠤᠵᠤ ᠨᠡᠶᠢᠯᠡᠭᠦᠯᠦᠨ ᠠᠮᠢᠵᠢᠷᠠᠯ ᠤᠨ ᠬᠦᠴᠦᠨ ᠢ ᠪᠠᠳᠠᠷᠠᠭᠤᠯᠵᠤ᠂ ᠬᠠᠯᠠᠮᠰᠢᠯ ᠲᠠᠪᠴᠠᠩ ᠲᠠᠰᠤᠷᠠᠯᠳᠡ ᠦᠭᠡᠢ ᠴᠣᠯᠭᠤᠷᠠᠨ ᠭᠠᠷᠴᠤ᠂ ᠠᠭᠤᠯᠭ᠎ᠠ ᠶᠢᠨ ᠬᠡᠮᠵᠢᠶ᠎ᠡ ᠪᠠ ᠶᠠᠰᠤ ᠴᠢᠨᠠᠷ ᠵᠡᠷᠭᠡᠪᠡᠷ ᠳᠡᠭᠡᠭᠰᠢᠯᠡᠵᠦ᠂ ᠳᠠᠮᠵᠢᠭᠤᠯᠭ᠎ᠠ ᠶᠢᠨ ᠰᠦᠷ ᠬᠦᠴᠦᠨ ᠮᠡᠳᠡᠭᠳᠡᠮ᠎ᠡ ᠳᠡᠭᠡᠭᠰᠢᠯᠡᠵᠦ᠂ ᠴᠠᠭ ᠤᠨ ᠪᠠᠶᠢᠳᠠᠯ ᠤᠯᠤᠰ ᠲᠦᠷᠦ ᠶᠢᠨ ᠮᠡᠳᠡᠭᠡᠯᠡᠯ ᠤᠨ ᠲᠠᠯ᠎ᠠ ᠪᠠᠷ ᠰᠢᠨ᠎ᠡ ᠶᠢ ᠡᠭᠦᠳᠴᠦ᠂ ᠭᠤᠣᠯ ᠰᠡᠳᠦᠪᠲᠦ ᠤᠬᠠᠭᠤᠯᠭ᠎ᠠ ᠰᠦᠷ ᠳᠠᠯᠠᠶᠢᠴᠠᠲᠠᠢ ᠪᠣᠯᠵᠤ᠂ ᠶᠡᠷᠦᠩᠬᠡᠶᠢᠯᠡᠭᠰᠡᠨ ᠦᠢᠯᠡᠴᠢᠯᠡᠭᠡ ᠪᠦᠲᠦᠮᠵᠢᠲᠡᠢ ᠴᠢᠩᠭᠠᠷᠠᠵᠤ᠂ ᠬᠥᠭᠵᠢᠯᠲᠡ ᠶᠢᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠭᠰᠡᠨ ᠵᠡᠷᠭᠡ ᠤᠯᠠᠠ ᠲᠠᠯ᠎ᠠ ᠪᠠᠷ ᠠᠮᠵᠢᠯᠲᠠ ᠲᠠᠢ ᠪᠣᠯᠤᠭᠰᠠᠨ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号