︽ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠳᠦᠷᠢᠮ︾ ᠢ 1 ᠰᠠᠷ᠎ᠠ  ᠶᠢᠨ 1 ᠠᠴᠠ ᠡᠬᠢᠯᠡᠨ ᠬᠡᠷᠡᠭᠵᠢᠭᠦᠯᠪᠡ
ᠨᠡᠶᠢᠲᠡᠯᠡᠭᠰᠡᠨ ᠴᠠᠭ᠄
2024/1/3
     ︽ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠳᠦᠷᠢᠮ︾ ᠢ 2024 ᠣᠨ ᠤ 1 ᠰᠠᠷ᠎ᠠ ᠶᠢᠨ 1 ᠠᠴᠠ ᠡᠬᠢᠯᠡᠵᠦ ᠵᠢᠩᠬᠢᠨᠢ ᠪᠠᠷ ᠬᠡᠷᠡᠭᠵᠢᠭᠦᠯᠪᠡ᠃ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠠᠩᠬᠠᠳᠠᠭᠴᠢ ᠶᠡᠷᠦᠩᠬᠡᠶᠢᠯᠡᠭᠰᠡᠨ ᠬᠠᠤᠯᠢ ᠲᠣᠭᠲᠠᠭᠠᠭᠰᠠᠨ ᠶᠠᠪᠤᠳᠠᠯ ᠪᠣᠯᠤᠭᠰᠠᠨ ᠤ ᠬᠤᠪᠢ ᠳᠤ᠂ ᠲᠣᠰ ᠳᠦᠷᠢᠮ ᠢ ᠬᠡᠷᠡᠭᠵᠢᠭᠦᠯᠦᠭᠰᠡᠨ ᠨᠢ ᠮᠠᠨ ᠤ ᠤᠯᠤᠰ ᠤᠨ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠬᠠᠤᠯᠢᠵᠢᠯ ᠤᠨ ᠪᠠᠶᠢᠭᠤᠯᠤᠯᠲᠠ ᠰᠢᠨ᠎ᠡ ᠱᠠᠲᠤᠨ ᠳᠤ ᠣᠷᠣᠭᠰᠠᠨ ᠢ ᠬᠠᠷᠠᠭᠤᠯᠵᠤ ᠪᠠᠶᠢᠨ᠎ᠠ᠃      ᠳᠦᠷᠢᠮ ᠳᠤ ᠲᠣᠪᠣᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠪᠠᠶᠢᠭᠤᠯᠤᠮᠵᠢ ᠲᠣᠭᠲᠠᠴᠠ ᠶᠢ ᠪᠦᠷᠢᠨᠰᠢᠭᠦᠯᠬᠦ᠂ ᠨᠠᠰᠤᠨ ᠳᠤ ᠥᠯᠥ ᠭᠦᠷᠦᠭᠰᠡᠳ ᠤᠨ ᠰᠦᠯᠵᠢᠶᠡᠨ ᠤ ᠬᠡᠪ ᠪᠣᠯᠪᠠᠰᠤᠷᠠᠯ ᠢ ᠠᠬᠢᠭᠤᠯᠬᠤ᠂ ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠪᠠᠶᠢᠭᠤᠯᠤᠯᠲᠠ ᠶᠢ ᠴᠢᠩᠭᠠᠳᠬᠠᠬᠤ᠂ ᠨᠠᠰᠤᠨ ᠳᠤ ᠥᠯᠥ ᠭᠦᠷᠦᠭᠰᠡᠳ ᠤᠨ ᠬᠤᠪᠢ ᠬᠥᠮᠥᠨ ᠤ ᠮᠡᠳᠡᠭᠡ ᠵᠠᠩᠭᠢ ᠶᠢ ᠬᠠᠮᠠᠭᠠᠯᠠᠬᠤ ᠵᠢᠴᠢ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠳᠤ ᠰᠢᠨᠤᠬᠤ ᠶᠢ ᠰᠡᠷᠭᠡᠶᠢᠯᠡᠨ ᠵᠠᠰᠠᠬᠤ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ ᠲᠣᠭᠲᠠᠭᠠᠵᠤ᠂ ᠨᠡᠯᠢᠶᠡᠳ ᠴᠢᠩᠭ᠎ᠠ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠵᠠᠢ᠃      ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠤᠯᠢ ᠶᠢᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠶᠤᠸᠠᠨ ᡁᠢ ᠵᠢᠶᠧ᠄ ︽ᠳᠦᠷᠢᠮ ᠨᠢ ᠨᠡᠶᠢᠭᠡᠮ ᠨᠡᠶᠢᠲᠡ ᠪᠠᠷ ᠢᠶᠠᠨ ᠬᠠᠮᠲᠤ ᠪᠠᠷ ᠵᠠᠰᠠᠬᠤ ᠶᠢ ᠪᠠᠷᠢᠮᠲᠠᠯᠠᠵᠤ᠂ ᠨᠠᠰᠤᠨ ᠳᠤ ᠥᠯᠥ ᠭᠦᠷᠦᠭᠰᠡᠳ ᠲᠠᠢ ᠨᠢᠭᠲᠠ ᠬᠤᠯᠪᠤᠭ᠎ᠠ ᠲᠠᠢ ᠡᠯ᠎ᠡ ᠲᠠᠯ᠎ᠠ ᠶᠢᠨ ᠭᠤᠣᠯ ᠴᠣᠭᠴᠠ ᠶᠢᠨ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠠᠵᠢᠯ ᠳᠠᠬᠢ ᠬᠠᠷᠢᠭᠤᠴᠠᠯᠭ᠎ᠠ ᠡᠭᠦᠷᠭᠡ ᠶᠢ ᠲᠣᠭᠲᠠᠭᠠᠵᠤ᠂ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ  ᠱᠤᠭᠤᠮ ᠢ ᠪᠦᠭᠦ ᠲᠠᠯ᠎ᠠ ᠪᠠᠷ ᠪᠠᠶᠢᠭᠤᠯᠵᠤ᠂ ᠨᠠᠰᠤᠨ ᠳᠤ ᠥᠯᠥ ᠭᠦᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠶᠢ ᠠᠬᠢᠭᠤᠯᠬᠤ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ︾ ᠭᠡᠪᠡ᠃      ᠪᠡᠭᠡᠵᠢᠩ ᠤᠨ ᠬᠠᠢ ᠳ᠋ᠢᠶᠠᠨ ᠲᠣᠭᠤᠷᠢᠭ ᠤᠨ ᠨᠢᠭᠡᠨ ᠬᠤᠲᠠ ᠶᠢᠨ ᠠᠷᠠᠳ ᠤᠨ ᠠᠵᠢᠯᠯᠠᠭᠠᠨ ᠤ ᠲᠥᠪ ᠤᠨ ᠠᠵᠢᠯᠲᠠᠨ ᠬᠠᠷᠢᠶᠠᠲᠤ ᠲᠣᠭᠤᠷᠢᠭ ᠤᠨ ᠢᠶᠠᠨ ᠰᠠᠭᠤᠭᠠᠯᠢ ᠠᠷᠠᠳ ᠲᠤ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠬᠥᠮᠦᠵᠢᠯ ᠥᠷᠨᠢᠭᠦᠯᠵᠦ᠂ ᠭᠡᠷ ᠤᠨ ᠠᠬᠠᠮᠠᠳ ᠲᠤ ᠬᠠᠷᠠᠭᠠᠯᠵᠠᠨ ᠬᠠᠮᠠᠭᠠᠯᠠᠭᠴᠢ ᠶᠢᠨ ᠰᠦᠯᠵᠢᠶᠡᠨ ᠤ ᠬᠡᠪ ᠪᠣᠯᠪᠠᠰᠤᠷᠠᠯ ᠤᠨ ᠬᠥᠮᠦᠵᠢᠯ ᠤᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ ᠭᠡᠵᠦ ᠰᠠᠨᠠᠭᠤᠯᠪᠠ᠃ ᠲᠢᠶᠠᠨᠵᠢᠨ ᠤ ᠨᠠᠨᠺᠠᠢ ᠲᠣᠭᠤᠷᠢᠭ᠂ ᠾᠧᠪᠧᠢ ᠲᠣᠭᠤᠷᠢᠭ ᠵᠡᠷᠭᠡ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠨᠠᠰᠤᠨ ᠳᠤ ᠥᠯᠥ ᠭᠦᠷᠦᠭᠰᠡᠳ ᠢ ᠪᠠᠶᠢᠴᠠᠭᠠᠬᠤ ᠠᠵᠢᠯ ᠤᠨ ᠲᠠᠰᠤᠭ ᠲᠠᠢ ᠬᠤᠯᠪᠤᠭᠠᠯᠠᠨ᠂ ᠬᠠᠤᠯᠢᠵᠢᠯ ᠤᠨ ᠤᠬᠠᠭᠤᠯᠤᠨ ᠲᠠᠶᠢᠯᠪᠤᠷᠢᠯᠠᠬᠤ ᠲᠠᠪᠴᠠᠩ ᠢ ︽ᠲᠤᠬᠠᠢ ᠶᠢᠨ ᠲᠠᠯᠠᠪᠤᠷ︾ ᠠᠴᠠ ︽ᠰᠦᠯᠵᠢᠶᠡᠨ ᠳᠡᠭᠡᠷ᠎ᠡ︾ ᠰᠢᠯᠵᠢᠭᠦᠯᠪᠡ᠃ ᠴᠦᠩᠴᠢᠩ ᠤᠨ ᠹᠧᠩ ᠳ᠋ᠦ᠋ ᠰᠢᠶᠠᠨ ᠤ ᠰᠤᠷᠭᠠᠨ ᠬᠥᠮᠦᠵᠢᠯ ᠤᠨ ᠵᠥᠪᠯᠡᠯ ︽ᠰᠦᠯᠵᠢᠶᠡᠨ ᠳᠤ ᠰᠢᠨᠤᠬᠤ ᠶᠢ ᠰᠡᠷᠭᠡᠶᠢᠯᠡᠬᠦ ᠪᠠ ᠵᠠᠰᠠᠬᠤ︾ ᠰᠢᠯᠢᠳᠡᠭ ᠬᠢᠴᠢᠶᠡᠯ ᠤᠨ ᠵᠢᠱᠢᠶ᠎ᠡ ᠶᠢ ᠰᠢᠯᠭᠠᠷᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ ᠁ ᠲᠣᠰ ᠲᠣᠰ ᠤᠨ ᠣᠨᠴᠠᠯᠢᠭ ᠲᠠᠢ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠡᠯ᠎ᠡ ᠲᠠᠯ᠎ᠠ ᠶᠢᠨ ᠭᠤᠣᠯ ᠴᠣᠭᠴᠠ ᠳᠤ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠶᠢ ᠨᠢ ᠭᠦᠢᠴᠡᠳ ᠣᠶᠢᠯᠠᠭᠠᠭᠤᠯᠪᠠ᠃      ᠰᠦᠯᠵᠢᠶᠡᠨ ᠳᠤ ᠰᠢᠨᠤᠬᠤ ᠶᠢ ᠰᠡᠷᠭᠡᠶᠢᠯᠡᠨ ᠵᠠᠰᠠᠬᠤ ᠲᠠᠯ᠎ᠠ ᠪᠠᠷ᠂ ᠳᠦᠷᠢᠮ ᠳᠤ ᠪᠠᠭᠰᠢ ᠨᠠᠷ ᠤᠨ ᠨᠠᠰᠤᠨ ᠳᠤ ᠥᠯᠥ ᠬᠦᠷᠬᠦ ᠰᠤᠷᠤᠬᠴᠢᠳ ᠤᠨ ᠰᠦᠯᠵᠢᠶᠡᠨ ᠳᠤ ᠰᠢᠨᠤᠬᠤ ᠶᠢ ᠡᠷᠲᠡ ᠠᠴᠠ ᠢᠯᠭᠠᠨ ᠲᠠᠨᠢᠬᠤ ᠪᠠ ᠨᠥᠯᠥᠭᠡᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠶᠢ ᠠᠮᠤᠷ ᠲᠦᠪᠰᠢᠨ ᠵᠦᠢ ᠵᠣᠬᠢᠰᠲᠠᠢ ᠬᠡᠷᠡᠭᠯᠡᠬᠦ ᠲᠤᠬᠠᠢ ᠪᠠᠭᠰᠢ ᠨᠠᠷ ᠲᠤ ᠬᠠᠨᠳᠤᠭᠤᠯᠤᠭᠰᠠᠨ ᠵᠢᠯᠣᠭᠤᠳᠤᠯᠭ᠎ᠠ ᠶᠢ ᠴᠢᠩᠭᠠᠳᠬᠠᠬᠤ ᠭᠡᠷᠡᠭᠲᠡᠶ᠃ ᠰᠦᠯᠵᠢᠶᠡᠨ ᠤ ᠦᠢᠯᠡᠴᠢᠯᠡᠭᠡ ᠬᠠᠩᠭᠠᠭᠴᠢ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠬᠡᠮᠵᠢᠶ᠎ᠡ ᠶᠢ ᠵᠦᠢ ᠵᠣᠬᠢᠰᠲᠠᠢ ᠬᠢᠵᠠᠭᠠᠷᠯᠠᠵᠤ᠂ ᠤᠷᠤᠰᠴᠠ ᠶᠢ ᠳᠡᠭᠡᠳᠦᠯᠡᠬᠦ ᠵᠡᠷᠭᠡ ᠡᠷᠡᠭᠦᠯ ᠪᠤᠰᠤ ᠥᠷᠲᠡᠭ ᠤᠨ ᠬᠠᠨᠳᠤᠰᠢ ᠶᠢ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠱᠠᠭᠠᠷᠳᠠᠪᠠ᠃      ᠮᠠᠰᠢ ᠣᠯᠠᠨ ᠪᠠᠭᠰᠢ ᠨᠠᠷ᠂ ᠳᠦᠷᠢᠮ ᠨᠢ ᠨᠠᠰᠤᠨ ᠳᠤ ᠥᠯᠥ ᠭᠦᠷᠦᠭᠰᠡᠳ ᠤᠨ ᠰᠦᠯᠵᠢᠶ᠎ᠡ ᠬᠡᠷᠡᠭᠯᠡᠬᠦ ᠶᠢ ᠬᠠᠮᠠᠭᠠᠯᠠᠬᠤ ᠠᠵᠢᠯ ᠤᠨ ᠳᠤᠮᠳᠠᠬᠢ ᠰᠤᠷᠭᠠᠭᠤᠯᠢ ᠶᠢᠨ ᠲᠤᠰᠢᠶᠠᠯ ᠬᠠᠷᠢᠭᠤᠴᠠᠯᠭ᠎ᠠ ᠶᠢ ᠴᠢᠩᠭᠠᠳᠬᠠᠵᠤ᠂ ᠡᠮᠦᠨ᠎ᠡ ᠹᠷᠣᠨᠲ ᠤᠨ ᠪᠠᠭᠰᠢ ᠨᠠᠷ ᠲᠤ ᠨᠠᠩ ᠥᠨᠳᠥᠷ ᠱᠠᠭᠠᠷᠳᠠᠯᠭ᠎ᠠ ᠳᠤᠷᠠᠳᠴᠠᠢ᠃ ᠬᠤᠶᠢᠰᠢᠳᠠ ᠶᠢᠨ ᠠᠵᠢᠯ ᠤᠨ ᠳᠤᠮᠳᠠ  ᠪᠠᠨ ᠰᠤᠷᠭᠠᠨ ᠬᠥᠮᠥᠵᠢᠭᠦᠯᠬᠦ ᠪᠠ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ᠂ ᠰᠦᠯᠵᠢᠶᠡᠨ ᠤ ᠬᠡᠪ ᠪᠣᠯᠪᠠᠰᠤᠷᠠᠯ ᠤᠨ ᠰᠤᠷᠭᠠᠨ ᠬᠥᠮᠦᠵᠢᠯ ᠢ ᠰᠤᠷᠭᠠᠭᠤᠯᠢ ᠶᠢᠨ ᠬᠡᠪ ᠴᠢᠨᠠᠷ ᠤᠨ ᠰᠤᠷᠭᠠᠨ ᠬᠥᠮᠦᠵᠢᠯ ᠤᠨ ᠠᠭᠤᠯᠭ᠎ᠠ ᠳᠤ ᠣᠷᠣᠭᠤᠯᠤᠨ᠎ᠠ ᠭᠡᠵᠦ ᠢᠯᠡᠳᠬᠡᠵᠡᠭᠡᠪᠡ᠃      ᠣᠶᠢᠯᠠᠭᠠᠭᠰᠠᠨ ᠢᠶᠠᠷ᠂ ᠲᠠᠷᠠᠭᠠᠴᠢ ᠶᠢᠨ ᠠᠯᠬᠤᠮ ᠳᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠬᠠᠤᠯᠢ ᠶᠢ ᠵᠥᠷᠢᠴᠡᠭᠰᠡᠨ ᠪᠠ ᠡᠷᠡᠭᠦᠯ ᠪᠤᠰᠤ ᠮᠡᠳᠡᠭᠡ ᠵᠠᠩᠭᠢ ᠶᠢ ᠳᠠᠮᠵᠢᠭᠤᠯᠤᠨ ᠲᠠᠷᠬᠠᠭᠠᠬᠤ᠂ ᠰᠢᠨ᠎ᠡ ᠮᠡᠷᠭᠡᠵᠢᠯ ᠰᠢᠨ᠎ᠡ ᠬᠡᠷᠡᠭᠯᠡᠯᠲᠡ ᠶᠢ ᠠᠰᠢᠭᠯᠠᠨ ᠪᠣᠯᠬᠢ ᠪᠦᠳᠦᠭᠦᠯᠢᠭ ᠠᠭᠤᠯᠭ᠎ᠠ ᠦᠢᠯᠡᠳᠬᠦ ᠵᠡᠷᠭᠡ ᠲᠣᠪᠣᠶᠢᠮ᠎ᠠ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠰᠦᠯᠵᠢᠶᠡᠨ ᠤ ᠣᠷᠴᠢᠨ ᠨᠥᠬᠦᠴᠡᠯ ᠢ ᠦᠷᠭᠦᠯᠵᠢᠯᠡᠨ ᠴᠡᠪᠡᠷᠰᠢᠭᠦᠯᠦᠨ᠎ᠡ᠃ ᠪᠠᠶᠢᠴᠠᠭᠠᠬᠤ ᠪᠠᠶᠢᠭᠤᠯᠭ᠎ᠠ ᠳᠦᠷᠢᠮ ᠤᠨ ᠲᠣᠭᠲᠠᠭᠠᠯ ᠠᠴᠠ ᠵᠥᠷᠢᠴᠡᠭᠰᠡᠨ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠦᠶᠯᠡ ᠠᠵᠢᠯᠯᠠᠭ᠎ᠠ ᠳᠤ ᠬᠠᠨᠳᠤᠭᠤᠯᠤᠨ᠂ ᠪᠠᠶᠢᠴᠠᠭᠠᠵᠤ ᠬᠠᠤᠯᠢ ᠬᠡᠷᠡᠭᠵᠢᠭᠦᠯᠵᠦ ᠬᠠᠮᠠᠭᠠᠯᠠᠬᠤ ᠪᠠᠨ ᠴᠢᠨᠠᠭᠰᠢᠳᠠ ᠴᠢᠩᠭᠠᠳᠬᠠᠵᠤ᠂ ᠨᠠᠰᠤᠨ ᠳᠤ ᠥᠯᠥ ᠭᠦᠷᠦᠭᠰᠡᠳ ᠲᠤ ᠠᠷᠢᠭᠤᠨ ᠴᠢᠬᠡᠴᠢ ᠠᠮᠤᠷ ᠲᠦᠪᠰᠢᠨ ᠰᠦᠯᠵᠢᠶᠡᠨ ᠤ ᠣᠷᠴᠢᠨ ᠨᠥᠬᠦᠴᠡᠯ ᠢ ᠪᠤᠶ ᠪᠤᠯᠭᠠᠵᠤ ᠥᠭᠬᠦ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号