ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠴᠠᠭᠠᠨ ᠰᠠᠷ᠎ᠠ ᠠᠴᠠ ᠡᠮᠦᠨᠡᠬᠢ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2024/1/30
     ᠪᠥᠬᠦ ᠰᠢᠶᠠᠨ ᠤ ᠭᠡᠷ ᠤᠨ ᠴᠠᠬᠢᠯᠭᠠᠨ ᠬᠡᠷᠡᠭᠰᠡᠯ ᠤᠨ ᠲᠥᠷᠥᠯ ᠤᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠦᠨᠡᠨ ᠬᠦ ᠴᠢᠩᠭᠠᠳᠬᠠᠵᠤ᠂ ᠣᠯᠠᠨ ᠲᠦᠮᠡᠨ ᠤ ᠴᠠᠬᠢᠯᠭᠠᠨ ᠬᠡᠷᠡᠭᠯᠡᠬᠦ ᠠᠮᠤᠷ ᠲᠦᠪᠰᠢᠨ ᠤ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠬᠤ ᠶᠢᠨ ᠲᠥᠯᠥᠭᠡ᠂ 1 ᠰᠠᠷ᠎ᠠ ᠶᠢᠨ 28 ᠤ ᠡᠳᠦᠷ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ ᠬᠠᠮᠢᠶᠠᠷᠬᠤ ᠠᠵᠢᠯᠲᠠᠨ ᠢ ᠵᠣᠬᠢᠶᠠᠨ ᠪᠠᠶᠢᠭᠤᠯᠵᠤ᠂ ᠬᠠᠷᠢᠶᠠᠲᠤ ᠣᠷᠣᠨ ᠤ ᠪᠠᠨ ᠴᠠᠬᠢᠯᠭᠠᠨ ᠲᠤᠯᠠᠭᠠᠯᠠᠭᠤᠷ᠂ ᠴᠠᠬᠢᠯᠭᠠᠨ ᠬᠠᠯᠠᠭᠠᠯᠲᠠ ᠶᠢᠨ ᠬᠡᠪᠢᠰ᠂ ᠴᠠᠬᠢᠯᠭᠠᠨ ᠡᠭᠦᠰᠬᠡᠭᠴᠢ ᠶᠢᠨ ᠤᠭᠯᠠᠭᠤᠷᠭ᠎ᠠ ᠵᠡᠷᠭᠡ ᠦᠢᠯᠡᠳᠬᠦᠨ ᠢ ᠬᠤᠳᠠᠯᠳᠤᠵᠤ ᠪᠠᠶᠢᠭ᠎ᠠ ᠲᠡᠮᠦᠷᠯᠢᠭ ᠪᠠ ᠨᠤᠲᠤᠭ ᠤᠨ ᠭᠠᠷᠤᠯᠲᠠ ᠶᠢᠨ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ ᠵᠡᠷᠭᠡ ᠳᠤ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠥᠷᠨᠢᠭᠦᠯᠪᠡ᠃
     ᠪᠠᠶᠢᠴᠠᠭᠠᠬᠤ ᠶᠠᠪᠤᠴᠠ ᠳᠤ᠂ ᠮᠠᠨ ᠤ ᠲᠣᠪᠴᠢᠶ᠎ᠠ ᠶᠢᠨ ᠠᠵᠢᠯᠲᠠᠨ ᠬᠤᠯᠪᠣᠭᠳᠠᠯ ᠪᠦᠬᠦᠢ ᠦᠢᠯᠡᠳᠬᠦᠨ ᠳᠤ 3C ᠭᠡᠷᠡᠴᠢᠯᠡᠯ ᠪᠠᠶᠢᠬᠤ ᠡᠰᠡᠬᠦ᠂ ᠭᠤᠷᠪᠠ ᠦᠭᠡᠢ ᠦᠢᠯᠡᠳᠬᠦᠨ ᠪᠠᠶᠢᠬᠤ ᠡᠰᠡᠬᠦ᠂ ᠪᠠᠷᠠᠭ᠎ᠠ ᠣᠷᠣᠭᠤᠯᠬᠤ ᠫᠢᠶᠣᠣ ᠪᠠᠷᠢᠮᠲᠠ ᠬᠠᠩᠭᠠᠵᠤ ᠳᠡᠶᠢᠯᠬᠦ ᠡᠰᠡᠬᠦ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠡᠰᠡᠬᠦ ᠵᠡᠷᠭᠡ ᠪᠠᠶᠢᠳᠠᠯ ᠤᠨ ᠲᠤᠬᠠᠢ ᠨᠠᠷᠢᠨ ᠪᠠᠶᠢᠴᠠᠭᠠᠯᠲᠠ ᠬᠢᠭᠰᠡᠨ ᠤ ᠬᠠᠮᠲᠤ ᠬᠤᠳᠠᠯᠳᠤᠭᠠᠴᠢᠳ ᠢ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠦᠨᠡᠨ ᠬᠦ ᠳᠡᠭᠡᠭᠰᠢᠯᠡᠭᠦᠯᠬᠦ ᠶᠢᠨ ᠬᠠᠮᠲᠤ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠬᠡᠷᠡᠭᠲᠡᠢ ᠭᠡᠵᠦ ᠱᠠᠭᠠᠷᠳᠠᠪᠠ᠃ ᠲᠤᠬᠠᠢ ᠶᠢᠨ ᠡᠳᠦᠷ ᠤᠨ ᠪᠠᠶᠢᠴᠠᠭᠠᠯᠲᠠ ᠶᠢᠨ ᠶᠠᠪᠤᠴᠠ ᠳᠤ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠲᠣᠪᠴᠢᠶ᠎ᠠ ᠬᠢᠨᠠᠨ ᠬᠠᠮᠢᠶᠠᠷᠬᠤ ᠠᠵᠢᠯᠲᠠᠨ ᠢ ᠨᠡᠶᠢᠲᠡ 12 ᠬᠥᠮᠥᠨ ᠤᠳᠠᠭ᠎ᠠ ᠬᠥᠳᠡᠯᠭᠡᠵᠦ᠂ ᠬᠠᠷᠢᠶ᠎ᠠ ᠣᠷᠣᠨ ᠤ ᠪᠠᠨ 21 ᠡᠷᠦᠬᠡ ᠤᠳᠠᠭ᠎ᠠ ᠶᠢᠨ ᠪᠣᠷᠣᠯᠠᠭᠤᠯᠤᠭᠴᠢ ᠶᠢ ᠪᠠᠶᠢᠴᠠᠭᠠᠵᠤ᠂ 1 ᠬᠡᠷᠡᠭ ᠢ ᠴᠡᠭᠴᠡᠯᠡᠨ ᠥᠭᠡᠷᠡᠴᠢᠯᠡᠭᠦᠯᠬᠦ ᠪᠠᠷ ᠵᠠᠷᠯᠢᠭᠳᠠᠪᠠ᠃      ᠴᠠᠭᠠᠨ ᠰᠠᠷ᠎ᠠ ᠠᠴᠠ ᠡᠮᠦᠨ᠎ᠡ᠂ ᠦᠴᠦᠸᠠᠨ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠵᠤ ᠦᠢᠯᠡᠳᠪᠦᠷᠢ ᠶᠢᠨ ᠦᠢᠯᠡᠳᠬᠦᠨ ᠤ ᠶᠠᠰᠤ ᠴᠢᠨᠠᠷ ᠤᠨ ᠠᠮᠤᠷ ᠲᠦᠪᠰᠢᠨ᠂ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠲᠤᠰᠬᠠᠢ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠦᠬᠦ ᠲᠠᠯ᠎ᠠ ᠪᠠᠷ ᠪᠠᠶᠢᠴᠠᠭᠠᠵᠤ᠂ ᠪᠦᠬᠦ ᠰᠢᠶᠠᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠮᠤᠷ ᠲᠠᠶᠢᠪᠤᠩ ᠨᠢᠭᠡ ᠵᠢᠯ ᠥᠩᠭᠡᠷᠡᠭᠦᠯᠬᠦ ᠶᠢ ᠦᠨᠡᠨᠬᠦ ᠪᠠᠲᠤᠯᠠᠬᠤ ᠪᠣᠯᠣᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号