ᠦᠴᠦᠸᠠᠨ ᠰᠢᠶᠠᠨ ᠤ 70 ᠰᠤᠷᠤᠭᠴᠢ ᠶᠢᠨ ᠪᠡᠭᠡᠵᠢᠩ ᠳᠤ ᠬᠦᠷᠴᠦ ᠰᠤᠳᠤᠯᠤᠨ ᠰᠤᠷᠤᠯᠴᠠᠬᠤ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2024/1/30
     ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠪᠠ ᠦᠴᠦᠸᠠᠨ ᠰᠢᠶᠠᠨ ᠤ ᠵᠠᠰᠠᠭ ᠤᠨ ᠣᠷᠳᠣᠨ ᠤ ᠣᠷᠣᠢ ᠶᠢᠨ ᠳᠠᠪᠬᠤᠷᠭ᠎ᠠ ᠶᠢᠨ ᠵᠢᠷᠤᠭ ᠲᠥᠯᠥᠪᠯᠡᠭᠡ ᠪᠠ ᠬᠦᠴᠦᠲᠡᠢ ᠳᠡᠮᠵᠢᠯᠭᠡ ᠳᠣᠣᠷ᠎ᠠ᠂ 1 ᠰᠠᠷ᠎ᠠ ᠶᠢᠨ 20 ᠤ ᠡᠳᠦᠷ ᠠᠴᠠ 1 ᠰᠠᠷ᠎ᠠ ᠶᠢᠨ 24 ᠤ ᠡᠳᠦᠷ ᠪᠣᠯᠲᠠᠯ᠎ᠠ᠂ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ 70 ᠰᠣᠷᠣᠭᠴᠢ ᠶᠢ ᠵᠣᠬᠢᠶᠠᠨ ᠪᠠᠶᠢᠭᠤᠯᠤᠨ ᠰᠤᠷᠭᠠᠭᠤᠯᠢ ᠶᠢᠨ ᠬᠦᠷᠢᠶᠡᠨ ᠠᠴᠠ ᠭᠠᠷᠭᠠᠵᠤ᠂ ᠨᠡᠶᠢᠰᠯᠡᠯ ᠪᠡᠭᠡᠵᠢᠩ ᠤᠨ ᠦᠵᠡᠰᠬᠦᠯᠡᠩᠲᠦ ᠰᠠᠶᠢᠬᠠᠨ ᠲᠠᠢ ᠪᠣᠯᠵᠣᠵᠤ᠂ ᠪᠡᠭᠡᠵᠢᠩ ᠤᠨ ᠡᠪᠦᠯ ᠤᠨ ᠤᠯᠠᠷᠢᠯ ᠤᠨ ᠬᠤᠸᠠᠷᠠᠨ ᠤ ᠰᠤᠳᠤᠯᠤᠨ ᠰᠤᠷᠤᠯᠴᠠᠬᠤ ᠵᠢᠭᠤᠯᠴᠢᠯᠠᠯ ᠢ ᠲᠠᠪᠤᠨ ᠡᠳᠦᠷ ᠤᠨ ᠬᠤᠭᠤᠴᠠᠭ᠎ᠠ ᠲᠠᠢ ᠥᠷᠨᠢᠭᠦᠯᠪᠡ᠃
     ᠠᠮᠢ ᠨᠠᠰᠤᠨ ᠤ ᠬᠦᠴᠦᠨ ᠴᠢᠳᠠᠯ ᠬᠥᠯ ᠳᠣᠣᠷ᠎ᠠ᠂ ᠬᠠᠮᠤᠭ ᠤᠨ ᠰᠠᠶᠢᠨ ᠬᠢᠴᠢᠶᠡᠯ ᠤᠨ ᠲᠠᠩᠬᠢᠮ ᠵᠠᠮ ᠳᠠᠭᠠᠨ ᠪᠠᠶᠢᠳᠠᠭ᠂ ᠪᠠᠭᠰᠢ ᠰᠤᠷᠤᠭᠴᠢᠳ ᠡᠨᠡ ᠲᠠᠪᠤᠨ ᠡᠳᠦᠷ ᠤᠨ ᠬᠤᠭᠤᠴᠠᠭᠠᠨ ᠳᠤ ᠤᠷᠳᠤ ᠴᠠᠭᠠᠨ ᠬᠡᠷᠡᠮ᠂ ᠴᠢᠩᠬᠤᠸᠠ ᠶᠡᠭᠡ ᠰᠤᠷᠭᠠᠭᠤᠯᠢ ᠶᠢ ᠲᠣᠭᠤᠷᠢᠨ ᠦᠵᠡᠵᠦ᠂ ᠪᠢᠩ ᠯᠢ ᠹᠠᠩ᠂ ᠱᠦᠢ ᠯᠢ ᠹᠠᠩ ᠵᠡᠷᠭᠡ ᠤᠳᠤ ᠦᠶ᠎ᠡ ᠶᠢᠨ ᠪᠠᠷᠢᠯᠭ᠎ᠠ ᠪᠠᠷ ᠶᠠᠪᠤᠵᠤ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠣᠷᠳᠣᠨ᠂ ᠳᠤᠮᠳᠠᠳᠤ ᠤᠯᠤᠰ ᠤᠨ ᠠᠷᠠᠳ ᠤᠨ ᠬᠤᠪᠢᠰᠬᠠᠯᠲᠤ ᠴᠡᠷᠢᠭ ᠤᠨ ᠶᠠᠪᠤᠳᠠᠯ ᠤᠨ ᠮᠦᠽᠧᠢ ᠵᠡᠷᠭᠡ ᠰᠢᠨᠵᠢᠯᠡᠬᠦ ᠤᠬᠠᠭᠠᠨ ᠤ ᠠᠷᠢᠭᠤᠨ ᠣᠷᠣᠨ ᠢ ᠬᠠᠶᠢᠵᠤ᠂ ᠵᠠᠮ ᠳᠡᠭᠡᠷ᠎ᠡ ᠶᠠᠪᠤᠵᠤ ᠪᠠᠶᠢᠭ᠎ᠠ ᠬᠠᠮᠤᠭ ᠤᠨ ᠭᠤᠶᠤ ᠬᠢᠴᠢᠶᠡᠯ ᠤᠨ ᠲᠠᠩᠬᠢᠮ ᠢ ᠣᠶᠢᠯᠠᠭᠠᠵᠤ᠂ ᠰᠤᠳᠤᠯᠤᠨ ᠰᠤᠷᠤᠯᠴᠠᠬᠤ ᠠᠶᠠᠯᠠᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠪᠡ᠃
     ᠲᠣᠰ ᠤᠳᠠᠭᠠᠨ ᠤ ᠡᠪᠦᠯ ᠤᠨ ᠤᠯᠠᠷᠢᠯ ᠤᠨ ᠰᠤᠳᠤᠯᠤᠨ ᠰᠤᠷᠤᠯᠴᠠᠬᠤ ᠠᠵᠢᠯᠯᠠᠭ᠎ᠠ ᠨᠢ ᠰᠤᠷᠤᠭᠴᠢᠳ ᠲᠤ ᠰᠣᠯᠢᠯᠴᠠᠨ ᠰᠤᠷᠪᠤᠯᠵᠢᠯᠠᠬᠤ ᠳᠤᠮᠳᠠ ᠪᠠᠨ ᠰᠢᠯᠢᠳᠡᠭ ᠤᠯᠠᠮᠵᠢᠯᠠᠯᠲᠤ ᠰᠣᠶᠣᠯ ᠢ ᠣᠶᠢᠯᠠᠭᠠᠭᠤᠯᠵᠤ᠂ ᠰᠤᠳᠤᠯᠤᠨ ᠰᠤᠷᠤᠯᠴᠠᠬᠤ ᠦᠢᠯᠡᠳᠦᠯᠭᠡ ᠶᠢᠨ ᠳᠤᠮᠳᠠ ᠮᠡᠳᠡᠯᠭᠡ ᠪᠠᠨ ᠨᠡᠮᠡᠭᠳᠡᠭᠦᠯᠵᠦ᠂ ᠬᠠᠷᠠᠭ᠎ᠠ ᠪᠠᠨ ᠥᠷᠭᠡᠳᠬᠡᠭᠰᠡᠨ ᠢᠶᠠᠷ ᠪᠠᠷᠠᠬᠤ ᠦᠭᠡᠢ ᠪᠠᠰᠠ ᠬᠥᠮᠥᠨ ᠤ ᠠᠮᠢᠳᠤᠷᠠᠯ ᠤᠨ ᠬᠦᠰᠡᠯᠡᠩ ᠢᠶᠠᠨ ᠬᠥᠭᠵᠢᠭᠡᠵᠦ᠂ ᠭᠡᠷ ᠤᠨ ᠠᠬᠠᠮᠠᠳ ᠪᠠᠭᠰᠢ ᠰᠣᠷᠣᠭᠴᠢ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠥᠷᠭᠡᠨ ᠳᠡᠯᠭᠡᠷ ᠰᠠᠶᠢᠨ ᠦᠨᠡᠯᠡᠯᠲᠡ ᠶᠢ ᠣᠯᠬᠤ ᠶᠢᠨ ᠬᠠᠮᠲᠤ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠬᠠᠷᠢᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠯᠤᠭ᠎ᠠ ᠶᠢᠨ ᠭᠦᠨ ᠵᠤᠵᠠᠭᠠᠨ ᠬᠠᠶᠢᠷ᠎ᠠ ᠰᠡᠳᠬᠢᠯᠭᠡ ᠪᠠᠨ ᠢᠯᠡᠷᠡᠭᠦᠯᠦᠭᠰᠡᠨ ᠪᠠᠶᠢᠨ᠎ᠠ᠃
     ᠵᠠᠯᠭᠠᠭᠠᠳ ᠦᠴᠦᠸᠠᠨ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ ᠦᠷᠭᠦᠯᠵᠢᠯᠡᠨ ᠬᠠᠮᠲᠤᠷᠠᠨ ᠰᠤᠷᠭᠠᠭᠤᠯᠢ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠨᠡᠶᠢᠰᠯᠡᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠲᠤᠷᠰᠢᠯᠲᠠ ᠶᠢᠨ ᠰᠤᠷᠭᠠᠭᠤᠯᠢ ᠶᠢᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠰᠤᠳᠤᠯᠤᠨ ᠰᠤᠷᠤᠯᠴᠠᠬᠤ ᠠᠵᠢᠯᠯᠠᠭ᠎ᠠ ᠶᠢ ᠢᠳᠡᠪᠬᠢᠲᠡᠢ ᠵᠣᠬᠢᠶᠠᠨ ᠪᠠᠶᠢᠭᠤᠯᠵᠤ᠂ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠨᠡᠶᠢᠭᠡᠮ ᠳᠤ ᠵᠣᠬᠢᠴᠠᠵᠤ᠂ ᠨᠣᠮ ᠪᠢᠴᠢᠭ ᠤᠨ ᠮᠡᠳᠡᠯᠭᠡ ᠪᠣᠯᠣᠨ ᠠᠮᠢᠳᠤᠷᠠᠯ ᠤᠨ ᠲᠤᠷᠰᠢᠯᠭ᠎ᠠ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠵᠠᠯᠠᠭᠤᠴᠤᠳ ᠪᠠᠭᠠᠴᠤᠳ ᠢ ᠦᠨᠡᠨᠬᠦ ︽ᠲᠦᠷᠪᠡᠨ ᠢᠲᠡᠭᠡᠯ︾ ᠲᠠᠢ ᠬᠡᠦᠬᠡᠳ ᠪᠣᠯᠭᠠᠨ ᠬᠥᠮᠥᠵᠢᠭᠦᠯᠵᠦ᠂ ᠦᠴᠦᠸᠠᠨ ᠤ ᠰᠤᠷᠭᠠᠨ ᠬᠥᠮᠦᠵᠢᠯ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号