ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠪᠦᠭᠦ ᠣᠷᠣᠨ ᠤ ᠣᠷᠣᠨ ᠪᠦᠰᠡ ᠠᠯᠤᠰᠯᠠᠨ ᠵᠣᠷᠴᠢᠬᠤ ᠠᠶᠠᠨᠴᠢᠨ 4400 ᠲᠦᠮᠡᠨ ᠬᠥᠮᠥᠨ ᠤᠳᠠᠭ᠎ᠠ ᠳᠤ ᠬᠦᠷᠬᠦ ᠪᠣᠯᠣᠨ᠎ᠠ
ᠨᠡᠶᠢᠲᠡᠯᠡᠭᠰᠡᠨ ᠴᠠᠭ᠄
2024/1/30
     ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠢᠱᠢᠯᠲᠡ ᠪᠠᠷ᠂ 2024 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠮᠠᠨ ᠤ ᠣᠷᠣᠨ ᠳᠤ 3 ᠤᠳᠠᠭ᠎ᠠ ᠠᠶᠠᠨᠴᠢᠳ ᠤᠨ ᠣᠷᠭᠢᠯ ᠤᠨ ᠬᠤᠭᠤᠴᠠᠭ᠎ᠠ ᠢᠯᠡᠷᠡᠵᠦ᠂ ᠪᠦᠭᠦ ᠣᠷᠣᠨ ᠤ ᠣᠷᠣᠨ ᠪᠦᠰᠡ ᠠᠯᠤᠰᠯᠠᠨ ᠵᠣᠷᠴᠢᠬᠤ ᠠᠶᠠᠨᠴᠢᠨ 4400 ᠲᠦᠮᠡᠨ ᠬᠥᠮᠥᠨ ᠤᠳᠠᠭ᠎ᠠ ᠳᠤ ᠬᠦᠷᠬᠦ ᠪᠣᠯᠣᠨ᠎ᠠ᠃      ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠵᠢᠱᠢᠯᠲᠡ ᠪᠠᠷ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠤ ᠪᠦᠭᠦ ᠣᠷᠣᠨ ᠤ ᠣᠷᠣᠨ ᠪᠦᠰᠡ ᠠᠯᠤᠰᠯᠠᠨ ᠵᠣᠷᠴᠢᠬᠤ ᠠᠶᠠᠨᠴᠢᠨ  ᠤ ᠳᠣᠲᠣᠷ᠎ᠠ ᠥᠪᠡᠷ ᠤᠨ ᠲᠡᠷᠭᠡ ᠪᠠᠷ ᠵᠣᠷᠴᠢᠬᠤ ᠠᠶᠠᠨᠴᠢᠨ 80% ᠶᠢ ᠨᠢ ᠡᠵᠡᠯᠡᠬᠦ ᠪᠣᠯᠣᠨ᠎ᠠ᠃ ᠪᠦᠭᠦ ᠣᠷᠣᠨ ᠤ ᠡᠵᠡᠩᠨᠡᠯᠲᠡ ᠶᠢᠨ ᠴᠢᠨᠠᠷᠲᠠᠢ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ 880 ᠲᠦᠮᠡᠨ ᠬᠥᠮᠥᠨ ᠤᠳᠠᠭ᠎ᠠ ᠳᠤ ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 62% ᠢᠶᠠᠷ ᠨᠡᠮᠡᠭᠳᠡᠨ᠎ᠡ᠃ ᠡᠭᠦᠨ ᠳᠤ ᠵᠠᠰᠠᠮᠠᠯ ᠵᠠᠮ᠂ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠨ ᠲᠤᠰ ᠲᠤᠰ 175 ᠲᠦᠮᠡᠨ ᠬᠥᠮᠥᠨ ᠤᠳᠠᠭ᠎ᠠ᠂ 410 ᠲᠦᠮᠡᠨ ᠬᠥᠮᠥᠨ ᠤᠳᠠᠭ᠎ᠠ᠂ 295 ᠲᠦᠮᠡᠨ ᠬᠥᠮᠥᠨ ᠤᠳᠠᠭ᠎ᠠ ᠳᠤ ᠬᠦᠷᠬᠦ ᠪᠣᠯᠣᠨ᠎ᠠ᠃ ᠠᠶᠠᠨᠴᠢᠳ  ᠤᠨ ᠤᠷᠭᠢᠯ ᠤᠨ ᠬᠤᠭᠤᠴᠠᠭ᠎ᠠ ᠯᠡ ᠰᠠᠷ᠎ᠠ ᠶᠢᠨ ᠬᠤᠷᠢᠨ ᠨᠠᠢᠮᠠᠨ ᠪᠠ ᠬᠤᠷᠢ ᠶᠢᠰᠦᠨ᠂ ᠴᠠᠭᠠᠨ ᠰᠠᠷ᠎ᠠ ᠶᠢᠨ ᠰᠢᠨ᠎ᠡ  ᠶᠢᠨ ᠲᠤᠯᠤᠭᠠᠨ ᠪᠠ ᠰᠢᠨ᠎ᠡ ᠶᠢᠨ ᠨᠠᠢᠮᠠᠨ᠂ ᠴᠠᠭᠠᠨ ᠰᠠᠷ᠎ᠠ ᠶᠢᠨ ᠠᠷᠪᠠᠨ ᠵᠢᠷᠭᠤᠭᠠᠨ ᠤ ᠡᠳᠦᠷ ᠲᠣᠬᠢᠶᠠᠬᠤ ᠪᠣᠯᠣᠨ᠎ᠠ᠃      ᠣᠶᠢᠯᠠᠭᠠᠭᠰᠠᠨ ᠢᠶᠠᠷ᠂ 2024 ᠣᠨ ᠤ ᠴᠠᠭᠠᠨ ᠰᠠᠷ᠎ᠠ ᠶᠢᠨ ᠵᠥᠭᠡᠭᠡᠪᠦᠷᠢ 1 ᠰᠠᠷ᠎ᠠ ᠶᠢᠨ 26 ᠤ ᠡᠳᠦᠷ  ᠠᠴᠠ ᠡᠬᠢᠯᠡᠵᠦ᠂ 3 ᠰᠠᠷ᠎ᠠ ᠶᠢᠨ 5 ᠤ ᠡᠳᠦᠷ ᠪᠤᠯᠳᠠᠯ᠎ᠠ ᠦᠷᠭᠦᠯᠵᠢᠯᠡᠨ᠎ᠡ᠃ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠶᠤᠯᠭᠦᠢ ᠦᠢᠯᠡᠳᠪᠦᠷᠢᠯᠡᠯ ᠪᠠ ᠦᠢᠯᠡᠴᠢᠯᠡᠭᠡᠨ ᠤ ᠪᠠᠲᠤᠯᠠᠭ᠎ᠠ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ 11 ᠰᠠᠯᠠᠭ᠎ᠠ ᠮᠥᠴᠢᠷ ᠲᠠᠢ ᠬᠠᠮᠲᠤᠷᠠᠨ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠲᠣᠭᠲᠠᠴᠠ ᠶᠢ ᠪᠠᠶᠢᠭᠤᠯᠤᠨ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠠᠵᠢᠯ ᠤᠨ ᠲᠤᠰᠬᠠᠢ ᠠᠩᠭᠢ ᠪᠠᠶᠢᠭᠤᠯᠵᠤ᠂ ᠭᠡᠲᠦ ᠶᠡᠭᠡ ᠠᠶᠠᠨᠴᠢᠳ ᠤᠨ ᠤᠷᠤᠰᠬᠠᠯ᠂ ᠣᠨᠴᠠᠭᠠᠶ ᠴᠠᠭ ᠠᠭᠤᠷ ᠤᠨ ᠨᠥᠯᠥᠭᠡ ᠶᠢ ᠠᠷᠭᠠᠴᠠᠭᠠᠬᠤ ᠵᠡᠷᠭᠡ ᠡᠯ᠎ᠡ ᠵᠦᠢᠯ ᠤᠨ ᠪᠡᠯᠡᠳᠬᠡᠯ ᠠᠵᠢᠯ ᠢ ᠰᠠᠶᠢᠲᠤᠷ ᠬᠢᠬᠦ ᠶᠢᠨ ᠬᠠᠮᠲᠤ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠢᠨᠠᠨ ᠵᠢᠯᠤᠭᠤᠳᠴᠤ ᠪᠠᠶᠢᠴᠠᠭᠠᠬᠤ ᠠᠵᠢᠯ ᠢ ᠥᠷᠨᠢᠭᠦᠯᠵᠦ᠂ ᠵᠠᠮ ᠤᠨ ᠲᠣᠣᠷ ᠤᠨ ᠠᠵᠢᠯᠯᠠᠭᠠᠨ ᠤ ᠠᠮᠤᠷ ᠲᠦᠪᠰᠢᠨ ᠤ ᠭᠡᠮ ᠰᠣᠭᠤᠭ ᠢ ᠪᠦᠭᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠭᠤᠣᠯᠳᠠᠯᠭ᠎ᠠ ᠲᠠᠢ ᠵᠠᠮ ᠤᠨ ᠬᠡᠰᠡᠭ᠂ ᠭᠤᠣᠯᠳᠠᠯᠭ᠎ᠠ ᠲᠠᠢ ᠬᠦᠢᠰᠦ ᠴᠡᠭ ᠢ ᠪᠠᠲᠤᠯᠠᠨ ᠨᠡᠪᠲᠡᠷᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ᠃ ᠪᠠᠰᠠ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠠᠷᠠᠳ ᠲᠤ ᠳᠥᠭᠦᠮ ᠦᠵᠡᠭᠦᠯᠭᠦ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠦᠨ᠂ ᠠᠶᠠᠨᠴᠢᠳ ᠤᠨ ᠠᠮᠤᠷ ᠲᠦᠪᠰᠢᠨ᠂ ᠳᠥᠭᠦᠮ ᠳᠥᠲᠡ ᠶᠠᠪᠤᠵᠤ ᠰᠠᠭᠤᠬᠤ ᠶᠢ ᠪᠠᠲᠤᠯᠠᠵᠤ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号