ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄
2024/1/31
     1 ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠱᠦᠵᠢ ᠶᠠᠩ ᠰᠢᠩ ᠱᠧᠩ ᠦᠴᠦᠸᠠᠨ ᠰᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ 124 ᠳ᠋ᠦ᠋ᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ᠂ ᠮᠤᠵᠢ ᠶᠠᠮᠤᠨ ᠤ ᠲᠡᠰ ᠤᠨ ᠭᠤᠣᠯ ᠤᠳᠤᠷᠢᠳᠬᠤ ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠣᠶᠢᠷ᠎ᠠ ᠶᠢᠨ ᠬᠤᠭᠤᠴᠠᠭᠠᠨ ᠤ ᠬᠤᠯᠪᠣᠭᠳᠠᠯ ᠪᠦᠬᠦᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠬᠤᠲᠠ ᠶᠢᠨ ᠬᠤᠶᠠᠷ ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠵᠢᠴᠢ ᠪᠤᠰᠤᠳ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠪᠠ᠃      ᠬᠤᠷᠠᠯ ᠠᠴᠠ᠂ ᠴᠢᠩᠭ᠎ᠠ ᠬᠦᠴᠦᠲᠡᠢ ᠤᠯᠤᠰ ᠲᠦᠷᠦ ᠶᠢᠨ ᠡᠭᠦᠷᠭᠡᠯᠡᠯ ᠢᠶᠠᠷ ᠲᠥᠪ ᠬᠤᠷᠢᠶᠠᠨ ᠤ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠤᠨ ᠠᠰᠠᠭᠤᠳᠠᠯ ᠢ ᠵᠠᠯᠠᠷᠠᠭᠤᠯᠤᠨ ᠵᠠᠰᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠤᠢ ᠪᠣᠯᠭᠠᠬᠤ ᠬᠡᠷᠡᠭᠲᠡᠢ᠃ ᠬᠡᠯᠪᠡᠷᠢᠴᠢ ᠦᠵᠡᠯ ᠢ ᠦᠷᠭᠦᠯᠵᠢᠯᠡᠨ ᠴᠡᠭᠴᠡᠯᠡᠨ ᠵᠠᠰᠠᠵᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠵᠦ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ︾ ᠤ ᠠᠰᠠᠭᠤᠳᠠᠯ ᠢ ᠰᠢᠢᠳᠪᠦᠷᠢᠯᠡᠬᠦ ᠪᠠ ︽ᠵᠢᠷᠤᠮᠵᠢᠭᠤᠯᠬᠤ᠂ ᠴᠣᠮᠬᠠᠳᠬᠠᠬᠤ᠂ ᠲᠦᠷᠭᠡᠳᠬᠡᠬᠦ︾ ᠠᠵᠢᠯ ᠢ ᠰᠠᠶᠢᠲᠤᠷ ᠬᠢᠬᠦ ᠪᠠᠷ ᠭᠠᠷᠳᠠᠴᠠ ᠪᠣᠯᠭᠠᠵᠤ᠂ ᠡᠯ᠎ᠡ ᠲᠠᠯ᠎ᠠ ᠶᠢᠨ ᠠᠵᠢᠯ ᠤᠨ ᠶᠠᠰᠤ ᠴᠢᠨᠠᠷ ᠦᠷ᠎ᠡ ᠠᠰᠢᠭ ᠢ ᠪᠦᠬᠦ ᠬᠦᠴᠦᠨ ᠢᠶᠠᠷ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠤ ᠭᠠᠷᠭᠠᠭᠰᠠᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠪᠠᠷ ᠭᠤᠣᠯᠳᠠᠭᠤᠯᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠦᠨᠡᠨᠬᠦ ᠬᠠᠮᠠᠭᠠᠯᠠᠵᠤ᠂ ᠠᠮᠤᠷ ᠠᠮᠤᠭᠤᠯᠠᠩ ᠦᠴᠦᠸᠠᠨ ᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠠᠰᠠᠭ ᠪᠠᠩᠬᠢ ᠠᠵᠤ ᠠᠬᠤᠶᠢᠯᠠᠯ ᠢ ᠵᠣᠯᠭᠠᠭᠤᠯᠬᠤ ᠶᠢ ᠴᠢᠩᠭᠠᠳᠬᠠᠵᠤ᠂ ᠪᠡᠯᠡ ᠮᠥᠩᠭᠦ ᠶᠢ ᠪᠣᠳᠠᠲᠤ ᠴᠣᠭᠴᠠ ᠶᠢᠨ ᠠᠵᠤ ᠠᠬᠤᠢ ᠶᠢᠨ ᠠᠷᠭ᠎ᠠ ᠵᠠᠮ ᠳᠤ ᠣᠷᠣᠭᠤᠯᠬᠤ ᠶᠢ ᠨᠠᠪᠲᠠᠷᠡᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠣᠳᠠᠲᠤ ᠴᠣᠭᠴᠠ ᠶᠢᠨ ᠠᠵᠤ ᠠᠬᠤᠢ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠬᠠᠮᠲᠤ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠥᠩᠭᠦᠨ ᠭᠦᠢᠯᠭᠡᠭᠡᠨ ᠤ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠬᠦ ᠪᠠ ᠠᠷᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠳᠤ ᠤᠯᠠᠨ ᠤᠳᠠᠭ᠎ᠠ ᠶᠢᠨ ᠠᠮᠤᠷ ᠲᠦᠪᠰᠢᠨ ᠤ ᠠᠳᠡᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ᠂ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠮᠢᠨᠴᠦᠭᠦᠷᠡᠬᠦ ᠦᠵᠡᠯ ᠰᠠᠨᠠᠭ᠎ᠠ ᠪᠣᠯᠣᠨ ᠠᠵᠠ ᠬᠠᠷᠠᠬᠤ ᠪᠤᠳᠤᠯ ᠢ ᠡᠷᠡᠰ ᠲᠡᠪᠴᠢᠵᠦ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃ ᠡᠯ᠎ᠡ ᠲᠥᠷᠥᠯ ᠤᠨ ᠣᠯᠠᠨ ᠨᠡᠶᠢᠲᠡ ᠶᠢᠨ ᠲᠠᠯᠠᠪᠤᠷ ᠤᠨ ᠠᠮᠤᠷ ᠲᠦᠪᠰᠢᠨ ᠢ ᠰᠠᠶᠢᠲᠤᠷ ᠠᠳᠬᠤᠵᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠬᠤ ᠬᠡᠷᠡᠭᠲᠡᠢ᠃ ᠭᠠᠯ ᠤᠨᠲᠠᠷᠠᠭᠠᠬᠤ᠂ ᠰᠢᠲᠠᠮᠠᠬᠠᠢ ᠬᠡᠢ᠂ ᠵᠠᠮ ᠬᠠᠷᠢᠯᠴᠠᠭᠠᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠳᠤᠯᠠᠭᠠᠯᠭ᠎ᠠ ᠶᠢᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠶᠢ ᠴᠢᠩᠭ᠎ᠠ ᠠᠩᠬᠠᠷᠴᠤ᠂ ᠬᠤᠸᠠᠷ ᠫᠤᠤᠵᠢᠩ ᠡᠵᠡᠩᠨᠡᠬᠦ᠂ ᠬᠠᠳᠠᠭᠠᠯᠠᠬᠤ᠂ ᠰᠢᠲᠠᠭᠠᠬᠤ ᠵᠡᠷᠭᠡ ᠵᠠᠩᠭᠢᠯᠠᠭ᠎ᠠ ᠶᠢᠨ ᠠᠮᠤᠷ ᠲᠦᠪᠰᠢᠨ ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠲᠥᠷᠥᠯ ᠤᠨ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠢ ᠲᠡᠭᠦᠯᠳᠡᠷᠵᠢᠭᠦᠯᠦᠨ᠂ ᠠᠵᠢᠯᠯᠠᠭ᠎ᠠ ᠶᠢᠨ ᠠᠮᠤᠷ ᠲᠦᠪᠰᠢᠨ ᠡᠮᠬᠢ ᠵᠢᠷᠤᠮ ᠲᠠᠢ ᠥᠷᠨᠢᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠪᠦᠬᠦ ᠰᠢᠶᠠᠨ ᠢᠶᠠᠷ ᠢᠶᠠᠨ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠰᠤᠷᠤᠯᠴᠠᠵᠤ ᠤᠬᠠᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠴᠢᠨᠠᠭᠰᠢᠳᠠ ᠨᠢᠭᠡᠳᠬᠡᠵᠦ᠂ ᠤᠶᠤᠨ ᠤᠬᠠᠭᠠᠨ ᠪᠣᠯᠣᠨ ᠬᠦᠴᠦᠨ ᠴᠢᠳᠠᠯ ᠢᠶᠠᠨ ᠨᠢᠭᠲᠠᠷᠠᠭᠤᠯᠵᠤ᠂ ᠬᠤᠶᠠᠷ ᠬᠤᠷᠠᠯ ᠤᠨ ᠵᠣᠷᠢᠭ ᠰᠠᠨᠠᠭ᠎ᠠ ᠶᠢ ᠮᠠᠨ ᠤ ᠰᠢᠶᠠᠨ ᠤ ᠠᠵᠢᠯ ᠢᠶᠠᠨ ᠲᠥᠯᠥᠪᠵᠢᠭᠦᠯᠬᠦ ᠰᠢᠨᠵᠢᠯᠡᠬᠦ ᠤᠬᠠᠭᠠᠨᠴᠢ ᠰᠡᠳᠬᠢᠴᠡ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠠᠢ ᠦᠢᠯᠡᠳᠦᠯᠭᠡ ᠪᠣᠯᠭᠠᠨ ᠬᠤᠪᠢᠷᠠᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠳᠡᠭᠡᠷ᠎ᠡ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ᠂ ᠰᠢᠶᠠᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠂ ᠡᠯ᠎ᠡ ᠨᠠᠮ ᠤᠨ ᠤᠳᠤᠷᠢᠳᠬᠤ ᠳᠤᠭᠤᠶᠢᠯᠠᠩ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡᠬᠦ ᠬᠠᠮᠤᠭ ᠤᠨ ᠳᠡᠭᠡᠳᠦ ᠤᠯᠤᠰ ᠲᠦᠷᠦ ᠶᠢᠨ ᠵᠠᠷᠴᠢᠮ ᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠮᠠᠨ ᠤ ᠰᠢᠶᠠᠨ ᠳᠤ ᠲᠡᠷᠡ ᠶᠣᠰᠣᠭᠠᠷ ᠨᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠣᠯᠭᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠢᠶᠠᠨ ᠤ ᠨᠠᠮ ᠤᠨ ᠬᠤᠷᠢᠶᠠᠨ ᠤ ᠠᠷᠪᠠᠨ ᠲᠠᠪᠤᠳᠤᠭᠠᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠵᠢᠴᠢ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠲᠦᠷᠦᠭᠦᠯᠡᠨ ᠰᠠᠶᠢᠲᠤᠷ ᠭᠦᠢᠴᠡᠳᠬᠡᠵᠦ᠂ ᠰᠤᠷᠲᠠᠯ ᠴᠢᠬᠡᠴᠢ ᠣᠪᠣᠷ ᠲᠥᠪ ᠪᠠᠶᠢᠬᠤ ᠤᠯᠤᠰ ᠲᠦᠷᠦ ᠶᠢᠨ ᠠᠮᠢ ᠠᠬᠤᠢ ᠪᠣᠯᠣᠨ ᠪᠣᠳᠠᠲᠠᠢ ᠠᠵᠢᠯᠯᠠᠨ ᠲᠡᠷᠢᠭᠦᠨ ᠳᠤ ᠣᠷᠣᠬᠤ ᠪᠠᠷ ᠲᠡᠮᠡᠴᠡᠬᠦ ᠭᠦᠨ ᠵᠤᠵᠠᠭᠠᠨ ᠠᠭᠤᠷ ᠠᠮᠢᠰᠬᠤᠯ ᠢ ᠬᠦᠴᠦᠯᠡᠨ ᠪᠤᠢ ᠪᠣᠯᠭᠠᠬᠤ ᠬᠡᠷᠡᠭᠲᠡᠢ᠃ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠠᠵᠢᠯ ᠤᠨ ᠰᠠᠨᠠᠭᠠᠴᠢᠯᠠᠭᠠᠲᠤ ᠴᠢᠨᠠᠷ᠂ ᠤᠶᠠᠨ ᠬᠠᠳᠠᠨ ᠴᠢᠨᠠᠷ ᠪᠠ ᠦᠷ᠎ᠡ ᠪᠦᠲᠦᠮᠵᠢᠲᠦ ᠴᠢᠨᠠᠷ ᠢ ᠦᠨᠡᠨ ᠬᠦ ᠴᠢᠩᠭᠠᠳᠬᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠪᠠᠶᠢᠷᠢᠯᠠᠭᠤᠯᠪᠠ᠃ ︵ᠰᠤᠷᠪᠤᠯᠵᠢᠯᠠᠭᠴᠢ᠄ ᠯᠢᠦᠢ ᠫᠢᠩ ᠫᠢᠩ  ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号