ᠰᠢᠶᠠᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/1/31
     1 ᠰᠠᠷ᠎ᠠ ᠶᠢᠨ 26  ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠠᠩ ᠰᠢᠩ ᠱᠧᠩ ᠰᠢᠶᠠᠨ ᠤ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠬᠤᠶᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ ᠬᠠᠳᠠ᠂ ᠶᠠᠩ ᠶᠦᠩ ᠭᠠᠩ᠂ ᠵᠣᠣ ᠸᠧᠢ᠂ ᠵᠠᠩ ᠵᠢᠶᠧ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠮᠥᠩᠭᠦᠨ ᠭᠦᠢᠯᠭᠡᠭᠡᠨ ᠤ ᠠᠵᠢᠯ ᠤᠨ ᠬᠤᠷᠠᠯ ᠪᠣᠯᠣᠨ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠴᠢᠨᠠᠷ ᠰᠠᠶᠢᠲᠠᠢ ᠬᠥᠭᠵᠢᠯᠲᠡ ᠶᠢ ᠴᠢᠨᠠᠭᠰᠢᠳᠠ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠾᠧᠪᠧᠢ ᠳᠤ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠠᠶᠤᠯᠭᠦᠢ ᠦᠢᠯᠡᠳᠪᠦᠷᠢᠯᠡᠯ᠂ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠤᠢ ᠪᠣᠯᠭᠠᠬᠤ ᠪᠠ ᠦᠢᠯᠡᠳᠦᠯᠭᠡᠵᠢᠭᠦᠯᠬᠦ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠬᠤᠷᠠᠯ ᠠᠴᠠ᠂ ᠬᠥᠭᠵᠢᠯᠲᠡ ᠶᠢ ᠠᠳᠬᠤᠬᠤ ᠲᠡᠷᠢᠭᠦᠨ ᠴᠢᠬᠤᠯᠠ ᠶᠠᠪᠤᠳᠠᠯ ᠢ ᠪᠠᠲᠤ ᠡᠵᠡᠮᠳᠡᠵᠦ᠂ ᠲᠥᠪ᠂ ᠥᠪᠡᠷᠲᠡᠭᠡᠨ ᠵᠠᠰᠠᠬᠤ ᠣᠷᠣᠨ᠂ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠵᠢᠴᠢ ᠬᠤᠳᠠ ᠶᠢᠨ ᠬᠤᠶᠠᠷ ᠬᠤᠷᠠᠯ ᠤᠨ ᠵᠣᠷᠢᠭ ᠰᠠᠨᠠᠭ᠎ᠠ ᠪᠠᠷ ᠭᠤᠣᠯᠳᠠᠭᠤᠯᠵᠤ᠂ ᠪᠦᠬᠦ ᠰᠢᠶᠠᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠰᠢᠶᠠᠨ ᠤ ᠬᠤᠶᠠᠷ ᠬᠤᠷᠠᠯ ᠤᠨ ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠠᠵᠤ ᠦᠢᠯᠡᠰ ᠢ ᠶᠡᠬᠡᠪᠡᠷ ᠠᠳᠬᠤᠬᠤ᠂ ᠲᠣᠮᠣ ᠠᠵᠤ ᠦᠢᠯᠡᠰ ᠢ ᠠᠳᠬᠤᠬᠤ ᠢᠯᠡ ᠲᠣᠳᠣ ᠤᠳᠤᠷᠢᠳᠤᠮᠵᠢ ᠶᠢ ᠢᠮᠠᠭᠲᠠ ᠪᠠᠷᠢᠮᠲᠠᠯᠠᠵᠤ᠂ ᠲᠦᠷᠪᠡᠨ ᠶᠡᠭᠡ ᠠᠵᠤ ᠦᠢᠯᠡᠰ ᠢ ᠦᠷᠭᠦᠯᠵᠢᠯᠡᠨ ᠪᠤᠵᠠᠭᠠᠶᠢᠷᠠᠭᠤᠯᠬᠤ ᠬᠡᠷᠡᠭᠲᠡᠢ᠃ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠪᠦᠲᠦᠭᠡᠨ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠪᠠᠷᠢᠯᠭ᠎ᠠ ᠶᠢ ᠲᠦᠷᠭᠡᠨ ᠳᠠᠭᠤᠰᠬᠠᠵᠤ ᠰᠢᠯᠭᠠᠨ ᠠᠪᠬᠤ᠂ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠭᠡᠷ᠎ᠡ ᠲᠣᠭᠲᠠᠭᠰᠠᠨ ᠲᠦᠷᠦᠯ ᠵᠦᠢᠯ ᠢ ᠲᠦᠷᠭᠡᠨ ᠨᠠᠶᠢᠳᠠᠪᠤᠷᠢᠵᠢᠭᠤᠯᠵᠤ᠂ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠵᠡᠯ ᠤᠬᠠᠮᠰᠠᠷ ᠢ ᠦᠷᠭᠦᠯᠵᠢᠯᠡᠨ ᠴᠢᠩᠭᠠᠳᠬᠠᠵᠤ᠂ ᠳᠥᠷᠪᠡᠨ ᠶᠡᠭᠡ ᠠᠵᠤ ᠦᠢᠯᠡᠰ ᠤᠨ ᠰᠠᠭᠤᠷᠢᠨ ᠭᠠᠵᠠᠷ ᠪᠠ ᠳᠡᠭᠡᠳᠦ ᠳᠣᠣᠷᠠᠳᠤ ᠤᠷᠤᠰᠬᠠᠯ ᠤᠨ ᠬᠡᠯᠬᠢᠶᠡᠵᠢᠯ ᠢ ᠤᠷᠲᠤᠳᠬᠠᠨ ᠬᠡᠯᠬᠢᠶᠡᠵᠢᠯ ᠢ ᠨᠥᠬᠦᠪᠦᠷᠢᠯᠡᠵᠦ ᠬᠡᠯᠬᠢᠶᠡᠵᠢᠯ ᠢ ᠴᠢᠩᠭᠠᠳᠬᠠᠬᠤ ᠲᠥᠷᠥᠯ ᠵᠦᠢᠯ ᠤᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠲᠣᠭᠲᠠᠴᠠ ᠶᠢ ᠪᠦᠷᠢᠨᠰᠢᠭᠦᠯᠵᠦ᠂ ᠠᠵᠤ ᠦᠢᠯᠡᠰ ᠤᠨ ᠪᠠᠶᠢᠷᠢ ᠲᠣᠭᠲᠠᠭᠠᠯᠲᠠ ᠳᠤ ᠨᠡᠶᠢᠴᠡᠬᠦ‍ ᠨᠢᠭᠡ ᠪᠦᠯᠦᠭ ᠰᠠᠶᠢᠨ ᠲᠥᠷᠥᠯ ᠵᠦᠢᠯ ᠢ ᠦᠷᠭᠦᠯᠵᠢᠯᠡᠨ ᠣᠷᠣᠭᠤᠯᠵᠤ ᠠᠪᠴᠢᠷᠠᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠬᠦᠴᠦᠲᠡᠢ ᠪᠦᠲᠦᠮᠵᠢᠲᠡᠢ ᠠᠬᠢᠭᠤᠯᠬᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠬᠦ ᠪᠠ ᠬᠤᠳᠠ ᠪᠠᠯᠭᠠᠰᠤᠨ ᠤ ᠴᠢᠳᠠᠪᠬᠢ ᠶᠠᠰᠤ ᠴᠢᠨᠠᠷ ᠢ ᠳᠡᠭᠡᠭᠰᠢᠯᠡᠭᠦᠯᠬᠦ ᠪᠠᠷ ᠡᠬᠢᠯᠡᠴᠡ ᠪᠠ ᠬᠦᠴᠦᠯᠡᠬᠦ ᠴᠡᠭ ᠪᠣᠯᠭᠠᠵᠤ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠢᠳᠡᠪᠬᠢᠲᠡᠢ ᠵᠣᠬᠢᠴᠠᠵᠤ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠢᠳᠠᠯ ᠤᠨ ᠢᠶᠠᠨ ᠬᠢᠷᠢ ᠪᠠᠷ ᠬᠢᠬᠦ ᠶᠢ ᠪᠠᠷᠢᠮᠲᠠᠯᠠᠵᠤ᠂ ᠨᠡᠩ ᠶᠡᠭᠡ ᠡᠷᠴᠢᠮ᠂ ᠨᠡᠩ ᠳᠤᠯᠠᠭᠠᠬᠠᠨ ᠠᠷᠭ᠎ᠠ ᠬᠡᠮᠵᠢᠶ᠎ᠡ ᠪᠠᠷ ᠠᠷᠠᠳ ᠤᠨ ᠠᠮᠢᠳᠤᠷᠠᠯ ᠢ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠤᠬᠠᠮᠰᠠᠷ ᠠᠴᠠ ᠪᠠᠨ ︽ᠬᠤᠶᠠᠷ ᠢ ᠬᠠᠮᠠᠭᠠᠯᠠᠬᠤ︾ ᠤᠯᠤᠰ ᠲᠦᠷᠦ ᠶᠢᠨ ᠥᠨᠳᠥᠷᠴᠡ ᠳᠤ ᠵᠣᠭᠰᠣᠵᠤ᠂ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠤᠷ ᠲᠦᠪᠰᠢᠨ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠤᠯᠤᠰ ᠤᠨ ᠵᠠᠰᠠᠭ ᠤᠨ ᠡᠷᠬᠡ ᠶᠢᠨ ᠠᠮᠤᠷ ᠲᠦᠪᠰᠢᠨ᠂ ᠪᠠᠶᠢᠭᠤᠯᠤᠯ ᠤᠨ ᠠᠮᠤᠷ ᠲᠦᠪᠰᠢᠨ᠂ ᠦᠵᠡᠯ ᠤᠬᠠᠮᠰᠠᠷ ᠤᠨ ᠬᠡᠯᠪᠡᠷᠢ ᠶᠢᠨ ᠠᠮᠤᠷ ᠲᠦᠪᠰᠢᠨ ᠢ ᠡᠷᠡᠰ ᠬᠠᠮᠠᠭᠠᠯᠠᠵᠤ᠂ ᠦᠨᠳᠦᠰᠦᠲᠡᠨ ᠤ ᠭᠠᠵᠠᠷ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠠᠮᠤᠷ ᠲᠣᠭᠲᠠᠭᠤᠨ ᠪᠠᠶᠢᠳᠠᠯ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠦᠬᠦ ᠬᠦᠴᠦᠨ ᠢᠶᠠᠷ ᠢᠶᠠᠨ ᠴᠢᠷᠮᠠᠶᠢᠨ ᠡᠭᠦᠳᠬᠦ ᠬᠡᠷᠡᠭᠲᠡᠢ᠃ ᠠᠵᠤ ᠠᠬᠤᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠠᠷᠢᠯᠭᠠᠵᠤ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠰᠢᠢᠳᠪᠦᠷᠢᠯᠡᠬᠦ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠬᠠᠤᠯᠢ ᠪᠤᠰᠤ ᠪᠠᠷ ᠪᠡᠯᠡ ᠴᠤᠭᠯᠠᠭᠤᠯᠬᠤ ᠳᠤ ᠴᠢᠩᠭ᠎ᠠ ᠴᠣᠬᠢᠯᠲᠠ ᠥᠭᠬᠦ ᠵᠡᠷᠭᠡ ᠠᠵᠢᠯ ᠢ ᠰᠠᠶᠢᠲᠤᠷ ᠬᠢᠵᠦ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠡᠷᠡᠰ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠡᠨᠡᠬᠦ ᠤᠯᠠᠭᠠᠨ ᠱᠤᠭᠤᠮ ᠢ ᠪᠠᠲᠤ ᠰᠠᠬᠢᠵᠤ᠂ ᠡᠪᠦᠯ ᠤᠨ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠵᠢᠮ᠎ᠡ ᠶᠣᠰᠣᠨ ᠤ ᠣᠨᠴᠠᠯᠢᠭ ᠢ ᠣᠨᠣᠪᠴᠢᠲᠠᠢ ᠡᠵᠡᠮᠳᠡᠵᠦ᠂ ᠡᠯ᠎ᠡ ᠬᠦᠷᠢᠶᠡᠨ ᠤ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭ᠎ᠠ ᠠᠴᠠ ᠴᠢᠩᠭ᠎ᠠ ᠠᠳᠬᠤᠵᠤ᠂ ᠳᠠᠷᠤᠯᠲᠠ ᠶᠢ ᠪᠣᠳᠠᠲᠠᠢ ᠳᠤ ᠳᠠᠮᠵᠢᠭᠤᠯᠵᠤ᠂ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠦᠨᠳᠦ ᠶᠡᠭᠡ ᠠᠮᠤᠷ ᠲᠦᠪᠰᠢᠨ ᠤ ᠠᠳᠡᠯ ᠦᠯᠦ ᠭᠠᠷᠭᠠᠬᠤ ᠬᠤᠷᠢᠭ᠎ᠠ ᠱᠤᠭᠤᠮ ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠬᠤᠴᠣᠷᠬᠤ ᠳᠤᠷ᠎ᠠ ᠦᠭᠡᠢ ᠰᠥᠰᠥ ᠵᠣᠷᠢᠭ᠂ ᠠᠵᠢᠯ ᠬᠢᠵᠦ ᠦᠢᠯᠡᠰ ᠪᠣᠰᠬᠠᠬᠤ ᠡᠷᠴᠢ ᠵᠣᠷᠢᠭ ᠢ ᠪᠠᠷᠢᠮᠲᠠᠯᠠᠵᠤ᠂ ᠲᠣᠭᠲᠠᠭᠰᠠᠨ ᠶᠠᠪᠤᠳᠠᠯ ᠢᠶᠠᠨ ᠳᠣᠣᠷ᠎ᠠ ᠨᠢ ᠬᠡᠯᠡᠵᠦ ᠳᠣᠣᠷ᠎ᠠ ᠨᠢ ᠬᠢᠵᠦ᠂ ᠴᠠᠭ ᠮᠥᠴᠡ ᠶᠢ ᠠᠯᠳᠠᠯ ᠦᠭᠡᠢ ᠠᠵᠢᠯᠯᠠᠵᠤ᠂ ᠶᠠᠭᠠᠬᠢᠭᠰᠠᠨ ᠴᠤ ᠣᠪᠣᠷ ᠤᠨ ᠲᠠᠯ᠎ᠠ ᠪᠠᠷ ︽ᠬᠤᠤᠳᠤᠤ︾᠂ ᠶᠠᠪᠤᠴᠠ ᠶᠢᠨ ᠲᠠᠯ᠎ᠠ ᠪᠠᠷ ︽ᠳᠤᠲᠠᠭᠤ ᠲᠤᠷᠭᠤᠨ ᠪᠠᠶᠢᠵᠤ︾ ᠪᠣᠯᠬᠤ ᠦᠭᠡᠢ᠃ ᠵᠠᠮ ᠨᠡᠭᠡᠭᠡᠨ ᠰᠢᠨ᠎ᠡ ᠶᠢ ᠡᠭᠦᠳᠬᠦ ᠣᠮᠤᠭ ᠵᠣᠷᠢᠭ ᠢ ᠪᠠᠲᠤᠯᠠᠵᠤ᠂ ᠰᠢᠢᠳᠪᠦᠷᠢᠯᠡᠬᠦ ᠰᠡᠳᠬᠢᠬᠦᠢ᠂ ᠰᠢᠨ᠎ᠡ ᠶᠢ ᠡᠭᠦᠳᠬᠦ ᠰᠡᠳᠬᠢᠬᠦᠢ ᠶᠢ ᠪᠤᠢ ᠪᠣᠯᠭᠠᠵᠤ᠂ ᠳᠦᠷᠢᠮ ᠲᠣᠭᠲᠠᠭᠠᠯ ᠳᠤ ᠨᠡᠶᠢᠴᠡᠬᠦ ᠬᠠᠤᠯᠢ ᠳᠤ ᠨᠡᠶᠢᠴᠡᠬᠦ ᠤᠷᠢᠲᠠᠯ ᠤᠨ ᠳᠣᠣᠷ᠎ᠠ᠂ ᠣᠷᠣᠨ ᠨᠤᠲᠤᠭ ᠤᠨ ᠬᠥᠭᠵᠢᠯᠲᠡ ᠳᠤ ᠠᠰᠢᠭᠲᠠᠢ᠂ ᠤᠯᠠᠨ ᠲᠦᠮᠡᠨ ᠳᠤ ᠠᠰᠢᠭᠲᠠᠢ ᠶᠠᠪᠤᠳᠠᠯ ᠯᠠ ᠶᠤᠮ ᠪᠣᠯ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠬᠢᠬᠦ ᠬᠡᠷᠡᠭᠲᠡᠢ᠃ ᠦᠨᠡᠨ ᠢ ᠪᠠᠷᠢᠮᠲᠠᠯᠠᠨ ᠬᠠᠲᠠᠭᠤ ᠶᠢ ᠬᠥᠨᠳᠡᠬᠦ ᠰᠥᠰᠥ ᠵᠣᠷᠢᠭ ᠢ ᠪᠠᠷᠢᠮᠲᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠴᠡᠭᠴᠡᠯᠡᠨ ᠵᠠᠰᠠᠵᠤ᠂ ᠺᠠᠳ᠋ᠷ ᠤᠨ ᠰᠤᠷᠲᠠᠯ ᠢ ᠦᠷᠭᠦᠯᠵᠢᠯᠡᠨ ᠰᠢᠯᠢᠳᠡᠭᠵᠢᠭᠦᠯᠵᠦ᠂ ᠺᠠᠳ᠋ᠷᠴᠤᠳ ᠤᠨ ᠵᠣᠷᠢᠭᠲᠠᠢ ᠪᠠᠷ ᠬᠢᠵᠦ ᠵᠣᠷᠢᠭᠲᠠᠢ ᠪᠠᠷ ᠠᠵᠢᠯᠯᠠᠬᠤ᠂ ᠴᠢᠳᠠᠮᠠᠭᠠᠢ ᠪᠠᠷ ᠠᠷᠭ᠎ᠠ ᠰᠦᠪᠡᠭᠴᠢᠯᠡᠵᠦ ᠴᠢᠳᠠᠬᠤ᠂ ᠦᠨᠡᠨᠬᠦ ᠠᠳᠬᠤᠵᠤ ᠪᠣᠳᠠᠲᠠᠢ ᠠᠵᠢᠯᠯᠠᠬᠤ ᠲᠡᠮᠡᠴᠡᠯ ᠤᠨ ᠣᠪᠣᠷ ᠪᠠᠶᠢᠳᠠᠯ ᠪᠣᠯᠣᠨ ᠠᠵᠢᠯ ᠤᠨ ᠪᠠᠶᠢᠳᠠᠯ ᠢ ᠤᠯᠠᠮ ᠴᠢᠨᠠᠭᠰᠢᠳᠠ ᠬᠥᠭᠵᠢᠭᠡᠬᠦ ᠬᠡᠷᠡᠭᠲᠡᠢ ᠭᠡᠵᠦ ᠴᠢᠬᠤᠯᠠᠴᠢᠯᠠᠪᠠ᠃ ︵ᠰᠤᠷᠪᠤᠯᠵᠢᠯᠠᠭᠴᠢ᠄ ᠯᠢᠦᠢ ᠫᠢᠩ ᠫᠢᠩ ᠵᠠᠩ ᠵᠠᠨ ᠹᠧᠩ︶              ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠰᠦᠯᠵᠢᠶ᠎ᠡ
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号