ᠮᠠᠨ ᠤ ᠣᠷᠣᠨ ᠳᠤ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠨᠤᠭᠤ ᠭᠠᠵᠠᠷ 4 ᠨᠡᠮᠡᠭᠳᠡᠪᠡ
ᠨᠡᠶᠢᠲᠡᠯᠡᠭᠰᠡᠨ ᠴᠠᠭ᠄
2024/1/31
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠪᠦᠯᠦᠭ ᠴᠢᠬᠤᠯᠠ ᠨᠤᠭᠤ ᠭᠠᠵᠠᠷ ᠤᠨ ᠨᠡᠷᠡᠰ ᠤᠨ ᠵᠢᠭᠰᠠᠭᠠᠯᠲᠠ ᠶᠢ ᠨᠡᠶᠢᠲᠡᠯᠡᠪᠡ᠃ ᠡᠭᠦᠨ  ᠳᠤ ᠬᠠᠷᠠᠤ᠋ᠰᠤ ᠨᠠᠭᠤᠷ᠂ ᠰᠢᠷᠭ᠎ᠠ ᠶᠢᠨ ᠨᠠᠭᠤᠷ᠂ ᠥᠯᠵᠡᠶᠢᠮᠥ᠋ᠷᠡᠨ ᠭᠤᠣᠯ᠂ ᠳᠥᠯᠭᠡᠨ ᠨᠠᠭᠤᠷ ᠵᠡᠷᠭᠡ 4 ᠨᠤᠭᠤ ᠭᠠᠵᠠᠷ ᠨᠡᠷᠡᠰ ᠤᠨ ᠵᠢᠭᠰᠠᠭᠠᠯᠲᠠ ᠳᠤ ᠣᠷᠣᠭᠰᠠᠨ ᠢᠶᠠᠷ ᠮᠠᠨ ᠤ ᠤᠷᠠᠳ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠴᠢᠬᠤᠯᠠ ᠨᠤᠭᠤ ᠭᠠᠵᠠᠷ 63 ᠪᠣᠯᠪᠠ᠃      ᠮᠠᠨ ᠤ ᠣᠷᠣᠨ ᠪᠣᠯ ᠨᠤᠭᠤ ᠭᠠᠵᠠᠷ ᠤᠨ ᠡᠬᠢ ᠪᠠᠶᠠᠯᠢᠭ ᠤᠨ ᠲᠣᠮᠣ ᠣᠷᠣᠨ ᠪᠣᠯᠣᠨ᠎ᠠ᠂ 2022 ᠣᠨ ᠤ ᠤᠯᠤᠰ ᠤᠨ ᠨᠤᠲᠤᠭ ᠳᠡᠪᠢᠰᠬᠡᠷ ᠤᠨ ᠬᠤᠪᠢᠷᠠᠯᠲᠠ ᠶᠢᠨ ᠪᠠᠶᠢᠴᠠᠭᠠᠯᠲᠠ ᠶᠢᠨ ᠲᠤᠭ᠎ᠠ ᠪᠠᠷᠢᠮᠲᠠ ᠳᠤ ᠬᠠᠷᠠᠭᠤᠯᠤᠭᠰᠠᠨ ᠢᠶᠠᠷ᠂ ᠪᠦᠭᠦ ᠣᠷᠣᠨ ᠤ ᠨᠤᠭᠤ ᠭᠠᠵᠠᠷ ᠤᠨ ᠲᠠᠯᠠᠪᠠᠢ 486.65 ᠲᠦᠮᠡᠨ ᠾᠧᠺᠲ᠋ᠠᠷ ︵ᠤᠰᠤᠨ ᠣᠷᠣᠨ ᠤ ᠲᠠᠯᠠᠪᠠᠢ ᠪᠠᠭᠲᠠᠨ᠎ᠠ︶ ᠪᠠᠶᠢᠵᠤ᠂ ᠪᠦᠭᠦ ᠤᠯᠤᠰ ᠲᠤ ᠲᠠᠪᠤᠳᠤᠭᠠᠷ ᠲᠤ ᠣᠷᠣᠪᠠ᠃ ᠪᠦᠭᠦ ᠣᠷᠣᠨ ᠤ ᠨᠤᠭᠤ ᠭᠠᠵᠠᠷ ᠤᠨ ᠡᠬᠢ ᠪᠠᠶᠠᠯᠢᠭ ᠤᠨ ᠲᠥᠷᠥᠯ ᠵᠦᠢᠯ ᠣᠯᠠᠨ ᠶᠠᠩᠵᠤ᠂ ᠣᠨᠴᠠᠯᠢᠭ ᠢᠯᠡ ᠲᠣᠳᠣ᠂ ᠠᠮᠢ ᠠᠬᠤᠢ ᠶᠢᠨ ᠦᠨ᠎ᠡ ᠥᠷᠲᠡᠭ ᠲᠣᠪᠣᠶᠢᠮ᠎ᠠ ᠪᠠᠶᠢᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ᠂ ᠠᠭᠤᠷ ᠠᠮᠢᠰᠬᠤᠯ ᠢ ᠵᠣᠬᠢᠴᠠᠭᠤᠯᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠡᠷᠭᠡ ᠠᠮᠢ ᠠᠬᠤᠢ ᠶᠢᠨ ᠴᠢᠳᠠᠮᠵᠢ ᠲᠠᠢ ᠪᠠᠶᠢᠵᠤ᠂ ᠴᠢᠬᠤᠯᠠ ᠬᠡᠭᠡᠷ᠎ᠡ ᠶᠢᠨ ᠠᠮᠢᠲᠠᠨ ᠤ ᠣᠷᠣᠰᠢᠨ ᠠᠮᠢᠳᠤᠷᠠᠬᠤ ᠭᠠᠵᠠᠷ ᠪᠣᠯᠣᠨ᠎ᠠ᠃      ᠣᠯᠠᠨ ᠵᠢᠯ ᠤᠨ ᠲᠤᠷᠰᠢ᠂ ᠮᠠᠨ ᠤ ᠣᠷᠣᠨ ᠨᠤᠭᠤ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠬᠤ ᠶᠢ ᠪᠠᠷᠢᠮᠲᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ  ᠤᠨ ᠨᠡᠷᠡᠰ ᠤᠨ ᠬᠠᠮᠢᠶᠠᠷᠤᠯᠲᠠ ᠶᠢᠨ ᠠᠷᠭ᠎ᠠ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠭᠤ ᠭᠠᠵᠠᠷ ᠤᠨ ᠴᠡᠴᠡᠷᠯᠢᠭ ᠤᠨ ᠬᠠᠮᠢᠶᠠᠷᠤᠯᠲᠠ ᠶᠢᠨ ᠠᠷᠭ᠎ᠠ︾ ᠵᠡᠷᠭᠡ ᠶᠢ ᠲᠣᠭᠲᠠᠭᠠᠵᠤ᠂ ︽ᠥᠪᠥᠷ ᠮᠣᠩᠭᠤᠯ ᠤᠨ ᠨᠤᠭᠤ ᠭᠠᠵᠠᠷ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ︾ ᠪᠠ ︽ᠥᠪᠥᠷ ᠮᠣᠩᠭᠤᠯ ᠤᠨ ᠴᠢᠬᠤᠯᠠ ᠨᠤᠭᠤ ᠭᠠᠵᠠᠷ ᠢ ᠬᠢᠨᠠᠨ ᠬᠡᠮᠵᠢᠬᠦ ᠮᠡᠷᠭᠡᠵᠢᠯ ᠤᠨ ᠳᠦᠷᠢᠮ︾ ᠵᠡᠷᠭᠡ ᠥᠪᠡᠷᠲᠡᠭᠡᠨ ᠵᠠᠰᠠᠬᠤ ᠣᠷᠣᠨ ᠤ 2 ᠪᠠᠷᠢᠮᠵᠢᠶ᠎ᠠ  ᠶᠢ ᠨᠡᠶᠢᠲᠡᠯᠡᠵᠦ᠂ ᠮᠠᠨ ᠤ ᠣᠷᠣᠨ ᠤ ᠨᠤᠭᠤ ᠭᠠᠵᠠᠷ ᠤᠨ ᠣᠷᠣᠨ ᠨᠤᠲᠤᠭ ᠤᠨ ᠪᠠᠷᠢᠮᠵᠢᠶ᠎ᠠ ᠶᠢᠨ ᠬᠤᠭᠤᠰᠤᠨ ᠢ ᠨᠥᠬᠦᠪᠦᠷᠢᠯᠡᠨ᠂ ᠨᠤᠭᠤ ᠭᠠᠵᠠᠷ ᠢ ᠬᠠᠮᠠᠭᠠᠯᠠᠬᠤ ᠳᠦᠷᠢᠮ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ ᠡᠭᠦᠨ ᠤ ᠬᠠᠮᠲᠤ ᠨᠤᠭᠤ ᠭᠠᠵᠠᠷ ᠢ ᠬᠢᠨᠠᠨ ᠬᠠᠮᠢᠶᠠᠷᠴᠤ ᠬᠠᠮᠠᠭᠠᠯᠠᠬᠤ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠭᠤ ᠭᠠᠵᠠᠷ ᠢ ᠬᠠᠮᠠᠭᠠᠯᠠᠬᠤ ᠬᠠᠤᠯᠢ︾ ᠶᠢ ᠴᠢᠩᠭ᠎ᠠ ᠨᠠᠶᠢᠳᠠᠪᠤᠷᠢᠵᠢᠭᠤᠯᠤᠨ᠂ ᠨᠤᠭᠤ ᠭᠠᠵᠠᠷ ᠢ ᠲᠡᠰ ᠬᠤᠪᠢᠶᠠᠨ ᠬᠠᠮᠢᠶᠠᠷᠬᠤ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠪᠡ᠃ ᠣᠳᠣᠬᠠᠨ ᠳᠤ ᠪᠦᠭᠦ ᠣᠷᠣᠨ ᠳᠤ ᠳᠡᠯᠡᠬᠡᠢ ᠶᠢᠨ ᠴᠢᠬᠤᠯᠠ ᠨᠤᠭᠤ ᠭᠠᠵᠠᠷ 4᠂ ᠤᠯᠤᠰ ᠤᠨ ᠴᠢᠬᠤᠯᠠ ᠨᠤᠭᠤ ᠭᠠᠵᠠᠷ 1᠂ ᠥᠪᠡᠷᠲᠡᠭᠡᠨ ᠵᠠᠰᠠᠬᠤ ᠣᠷᠣᠨ ᠤ ᠴᠢᠬᠤᠯᠠ ᠨᠤᠭᠤ ᠭᠠᠵᠠᠷ 63 ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号