2023 ᠣᠨ ᠳᠤ ᠮᠠᠨ ᠤ ᠣᠷᠣᠨ ᠪᠦᠭᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠳᠤ ᠰᠢᠯᠢᠳᠡᠭ ᠬᠢᠷᠢ ᠪᠦᠲᠦᠮᠵᠢ ᠣᠯᠪᠠ
ᠨᠡᠶᠢᠲᠡᠯᠡᠭᠰᠡᠨ ᠴᠠᠭ᠄
2024/1/4
     2023 ᠣᠨ ᠤ 5 ᠰᠠᠷ᠎ᠠ   ᠠᠴᠠ 12 ᠰᠠᠷ᠎ᠠ ᠪᠤᠯᠲᠠᠯ᠎ᠠ᠂ 2023 ᠣᠨ ᠤ ᠪᠦᠭᠦ ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠮᠡᠷᠭᠡᠵᠢᠯ ᠤᠨ ᠤᠷᠤᠯᠳᠤᠭᠠᠨ ᠪᠦᠭᠦ ᠤᠯᠤᠰ ᠤᠨ 31 ᠤᠷᠤᠯᠳᠤᠭᠠᠨ ᠤ ᠲᠣᠭᠤᠷᠢᠭ ᠲᠤ ᠶᠠᠪᠤᠭᠳᠠᠵᠤ᠂ ᠮᠠᠨ ᠤ ᠣᠷᠣᠨ ᠤ 237 ᠲᠥᠯᠥᠭᠡᠯᠡᠭᠴᠢᠳ ᠤᠨ ᠠᠩᠭᠢ 127 ᠲᠦᠷᠦᠯ ᠤᠨ ᠤᠷᠤᠯᠳᠤᠭᠠᠨ ᠳᠤ ᠣᠷᠣᠯᠴᠠᠵᠤ᠂  ᠨᠢᠭᠡᠳᠦᠭᠡᠷ  ᠳᠡᠰ ᠤᠨ ᠱᠠᠩᠨᠠᠯ ᠢ 8᠂ ᠬᠤᠶᠠᠳᠤᠭᠠᠷ ᠳᠡᠰ ᠤᠨ ᠱᠠᠩᠨᠠᠯ ᠢ  25᠂ ᠭᠤᠷᠪᠠᠳᠤᠭᠠᠷ ᠳᠡᠰ ᠤᠨ ᠱᠠᠩᠨᠠᠯ ᠢ 64 ᠳᠤᠰᠴᠤ᠂ ᠣᠯᠣᠭᠰᠠᠨ ᠱᠠᠩᠨᠠᠯ ᠤᠨ ᠪᠦᠭᠦ ᠲᠤᠭ᠎ᠠ ᠪᠠ ᠱᠠᠩᠨᠠᠯ ᠤᠨ ᠮᠧᠳᠠᠯ ᠤᠨ ︽ᠦᠨ᠎ᠡ ᠴᠠᠨ᠎ᠠ︾ ᠨᠢ ᠴᠥᠮ  ᠲᠡᠦᠬᠡ ᠶᠢᠨ ᠰᠢᠨ᠎ᠡ  ᠲᠡᠮᠳᠡᠭᠯᠡᠯ ᠢ  ᠡᠭᠦᠳᠪᠡ᠃      ᠪᠤᠭᠤᠲᠤ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠥᠪᠥᠷ ᠮᠣᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠥᠪᠥᠷ  ᠮᠣᠩᠭᠤᠯ ᠤᠨ ᠦᠨᠳᠦᠰᠦᠲᠡᠨ ᠤ ᠴᠡᠴᠡᠷᠯᠢᠭ ᠤᠨ ᠪᠠᠭᠰᠢ   ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠠᠩᠬ᠎ᠠ ᠤᠳᠠᠭ᠎ᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠳᠤᠭᠤᠶᠢᠯᠠᠩ ᠤᠨ  ᠠᠵᠤ ᠦᠢᠯᠡᠳᠪᠦᠷᠢ ᠶᠢᠨ ᠰᠦᠯᠵᠢᠶᠡᠨ ᠤ ᠣᠶᠤᠨᠴᠢ ᠡᠵᠡᠮᠰᠢᠯ ᠪᠣᠯᠣᠨ ᠬᠠᠮᠠᠭᠠᠯᠠᠯᠲᠠ᠂ ᠬᠢᠮᠢ ᠶᠢᠨ ᠲᠤᠷᠰᠢᠯᠲᠠ ᠶᠢᠨ ᠮᠡᠷᠭᠡᠵᠢᠯ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠰᠢᠰᠲ᠋ᠧᠮ ᠢ ᠤᠭᠰᠠᠷᠠᠬᠤ ᠪᠣᠯᠣᠨ ᠲᠣᠬᠢᠷᠠᠭᠤᠯᠤᠨ ᠲᠤᠷᠰᠢᠬᠤ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠠᠵᠢᠯᠯᠠᠭ᠎ᠠ ᠶᠢᠨ ᠵᠢᠷᠤᠭ ᠲᠥᠯᠥᠪᠯᠡᠭᠡ ᠪᠣᠯᠣᠨ ᠬᠡᠷᠡᠭᠵᠢᠭᠦᠯᠦᠯᠲᠡ ᠵᠡᠷᠭᠡ 4 ᠲᠦᠷᠦᠯ ᠤᠨ  ᠤᠯᠤᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠤᠷ᠎ᠠ ᠴᠢᠳᠠᠪᠤᠷᠢ ᠶᠢᠨ ᠤᠷᠤᠯᠳᠤᠭᠠᠨ ᠤ   ᠲᠦᠷᠦᠯ ᠢ ᠳᠠᠭᠠᠭᠠᠴᠢᠯᠠᠨ ᠡᠷᠭᠢᠯᠡᠪᠡ᠃      ᠣᠶᠢᠷ᠎ᠠ ᠶᠢᠨ ᠵᠢᠯ ᠠᠴᠠ ᠮᠠᠨ ᠤ ᠣᠷᠣᠨ ︽ᠤᠷᠤᠯᠳᠤᠭᠠᠨ ᠢᠶᠠᠷ  ᠰᠤᠷᠭᠠᠨ  ᠬᠥᠮᠦᠵᠢᠯ ᠢ ᠠᠬᠢᠭᠤᠯᠬᠤ᠂ ᠤᠷᠤᠯᠳᠤᠭᠠᠨ ᠢᠶᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠤᠷᠤᠯᠳᠤᠭᠠᠨ ᠢᠶᠠᠷ ᠰᠤᠷᠤᠯᠴᠠᠯᠭ᠎ᠠ ᠶᠢ ᠠᠬᠢᠭᠤᠯᠬᠤ︾ ᠰᠡᠳᠬᠢᠴᠡ ᠶᠢ ᠪᠠᠷᠢᠮᠲᠠᠯᠠᠵᠤ᠂ ᠪᠠᠭᠰᠢ ᠰᠤᠷᠤᠬᠴᠢ ᠶᠢ ᠥᠷᠭᠡᠨ ᠢᠶᠠᠷ ᠣᠷᠣᠯᠴᠠᠭᠤᠯᠤᠭᠰᠠᠨ ᠰᠤᠷᠭᠠᠭᠤᠯᠢ᠂ ᠠᠶᠢᠮᠠᠭ ᠬᠤᠲᠠ᠂ ᠥᠪᠡᠷᠲᠡᠭᠡᠨ ᠵᠠᠰᠠᠬᠤ ᠣᠷᠣᠨ ᠭᠤᠷᠪᠠᠨ ᠱᠠᠲᠤᠨ ᠤ ᠤᠷᠤᠯᠳᠤᠭᠠᠨ ᠤ ᠰᠢᠰᠲ᠋ᠧᠮ ᠢ  ᠢᠳᠡᠪᠬᠢᠲᠡᠢ ᠪᠠᠶᠢᠭᠤᠯᠵᠤ᠂ ᠪᠠᠭᠰᠢ ᠰᠤᠷᠤᠬᠴᠢᠳ ᠤᠨ ᠤᠷ᠎ᠠ ᠴᠢᠳᠠᠪᠤᠷᠢ ᠶᠢᠨ ᠤᠷᠤᠯᠳᠤᠭᠠᠨ᠂ ᠪᠠᠭᠰᠢ ᠶᠢᠨ ᠵᠢᠭᠠᠨ ᠰᠤᠷᠭᠠᠯᠲᠠ ᠶᠢᠨ ᠴᠢᠳᠠᠪᠤᠷᠢ ᠶᠢᠨ ᠤᠷᠤᠯᠳᠤᠭᠠᠨ᠂ ᠬᠢᠴᠢᠶᠡᠯ ᠲᠦᠷᠦᠯ ᠤᠨ ᠦᠵᠡᠯ ᠰᠠᠨᠠᠭ᠎ᠠ ᠤᠯᠤᠰ ᠲᠦᠷᠦ ᠶᠢᠨ ᠤᠷᠤᠯᠳᠤᠭᠠᠨ ᠤ ᠤᠯᠠᠨ ᠡᠰᠢᠲᠦ ᠤᠷᠤᠯᠳᠤᠭᠠᠨ ᠤ ᠪᠠᠶᠢᠷᠢᠰᠢᠯ ᠢ ᠪᠤᠢ ᠪᠣᠯᠭᠠᠪᠠ᠃ ᠡᠯ᠎ᠡ ᠵᠦᠢᠯ ᠤᠨ ᠤᠷᠤᠯᠳᠤᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠦᠢᠯᠡᠳᠦᠯᠭᠡ ᠶᠢᠨ ᠵᠢᠭᠠᠨ ᠰᠤᠷᠭᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠶᠠᠰᠤ ᠴᠢᠨᠠᠷ ᠢ ᠪᠦᠭᠦ  ᠲᠠᠯ᠎ᠠ ᠪᠠᠷ  ᠳᠡᠭᠡᠭᠰᠢᠯᠡᠭᠦᠯᠪᠡ᠃      ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠠᠵᠢᠯ  ᠮᠡᠷᠭᠡᠵᠢᠯ ᠤᠨ ᠰᠤᠷᠭᠠᠨ ᠬᠥᠮᠦᠵᠢᠯ ᠪᠣᠯᠣᠨ ᠨᠠᠰᠤᠨ ᠳᠤ ᠭᠦᠷᠦᠭᠰᠡᠳ ᠤᠨ ᠰᠤᠷᠭᠠᠨ ᠬᠥᠮᠦᠵᠢᠯ ᠤᠨ ᠭᠠᠵᠠᠷ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ  ᠤᠷᠤᠯᠳᠤᠭᠠᠨ ᠢ ᠴᠢᠳᠠᠪᠤᠷᠢᠲᠠᠨ ᠢ ᠬᠥᠮᠥᠵᠢᠭᠦᠯᠬᠦ ᠲᠥᠰᠥᠯ ᠳᠤ ᠠᠭᠤᠰᠤᠯᠴᠠᠭᠤᠯᠤᠨ᠂ ᠲᠤᠰᠬᠠᠢ ᠮᠡᠷᠭᠡᠵᠢᠯ ᠤᠨ ᠬᠢᠴᠢᠶᠡᠯ ᠤᠨ ᠪᠠᠶᠢᠭᠤᠯᠤᠯᠲᠠ ᠪᠠ ᠵᠢᠭᠠᠬᠤ ᠮᠠᠲ᠋ᠧᠷᠢᠶᠠᠯ ᠤᠨ ᠨᠡᠭᠡᠭᠡᠯᠲᠡ ᠶᠢ ᠴᠢᠩᠭᠠᠳᠬᠠᠵᠤ᠂ ᠤᠷᠤᠯᠳᠤᠭᠠᠨ ᠪᠠ ᠰᠤᠷᠭᠠᠨ ᠬᠥᠮᠦᠵᠢᠯ ᠤᠨ ᠠᠭᠤᠰᠤᠯᠴᠠᠯ ᠤᠨ ᠬᠠᠮᠲᠤ ᠶᠢᠨ ᠴᠣᠭᠴᠠ ᠶᠢ ᠪᠠᠶᠢᠭᠤᠯᠤᠨ᠂ ᠴᠢᠳᠠᠪᠤᠷᠢᠲᠠᠨ ᠢ  ᠬᠥᠮᠥᠵᠢᠭᠦᠯᠬᠦ ᠬᠢᠭᠡᠳ  ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠨᠢᠭᠲᠠ ᠤᠶᠠᠯᠳᠤᠯ ᠢ ᠠᠬᠢᠭᠤᠯᠤᠨ᠂ ᠥᠪᠥᠷ ᠮᠣᠩᠭᠤᠯ ᠤᠨ ᠰᠢᠨ᠎ᠡ ᠴᠠᠭ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16004354号